︽ᠤᠯᠠᠭᠠᠨᠬᠠᠳᠠ ᠬᠤᠲᠠ ᠶᠢᠨ ᠬᠥᠬᠡᠬᠤᠲᠠ ᠶᠢ ᠲᠤᠰᠠᠯᠠᠬᠤ ᠬᠢᠵᠢᠭ ᠲᠠᠢ ᠲᠡᠮᠡᠴᠡᠬᠦ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠠᠩᠭᠢ︾ ᠬᠥᠬᠡᠬᠤᠲᠠ ᠶᠢ ᠵᠤᠷᠢᠨ ᠲᠤᠰᠠᠯᠠᠬᠤ ᠠᠵᠢᠯ ᠦᠷᠨᠢᠭᠦᠯᠦᠨ᠎ᠡ
ᠨᠡᠶᠢᠲᠡᠯᠡᠭᠰᠡᠨ ᠴᠠᠭ᠄
2022/2/25
    2 ᠰᠠᠷ᠎ᠠ ᠶᠢᠨ 23 ᠤ ᠡᠳᠦᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠭᠴᠢ ᠶᠢ ᠬᠥᠬᠡᠬᠤᠲᠠ ᠳᠤ ᠰᠢᠯᠵᠢᠭᠦᠯᠦᠨ ᠠᠪᠴᠢᠷᠠᠵᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠢᠭᠤᠳᠬᠠᠨ ᠠᠷᠢᠯᠭᠠᠬᠤ ᠠᠵᠢᠯ ᠳᠤ ᠣᠷᠣᠯᠴᠠᠭᠤᠯᠬᠤ ᠲᠤᠬᠠᠶ ᠪᠠᠴᠢᠮ ᠮᠡᠳᠡᠭᠳᠡᠯ︾ ᠢ ᠭᠥᠯᠢᠶᠡᠨ ᠠᠪᠤᠭᠰᠠᠨ ᠤ ᠳᠠᠷᠠᠭ᠎ᠠ᠂ ᠰᠦᠩᠱᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠳᠤᠨ ᠳᠠᠭᠠᠵᠤ᠂ ᠯᠢ ᠵᠧᠩ ᠨᠠᠨ᠂ ᠯᠢᠦᠶ ᠲᠧᠩ ᠳ᠋ᠠ ᠬᠤᠶᠠᠷ ᠵᠠᠯᠠᠭᠤ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠭᠴᠢ ᠶᠢ ︽ᠤᠯᠠᠭᠠᠨᠬᠠᠳᠠ ᠬᠤᠲᠠ ᠶᠢᠨ ᠬᠥᠬᠡᠬᠤᠲᠠ ᠶᠢ ᠲᠤᠰᠠᠯᠠᠬᠤ ᠬᠢᠵᠢᠭ ᠲᠠᠢ ᠲᠡᠮᠡᠴᠡᠬᠦ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠠᠩᠭᠢ︾ ᠳᠤ ᠲᠤᠮᠢᠯᠠᠪᠠ᠃      2 ᠰᠠᠷ᠎ᠠ ᠶᠢᠨ 24 ᠤ ᠦᠳᠡ ᠶᠢᠨ ᠡᠮᠦᠨᠡᠬᠢ 10 ᠴᠠᠭ ᠲᠤ᠂ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠭᠴᠢ ᠯᠢ ᠵᠧᠩ ᠨᠠᠨ᠂ ᠯᠢᠦᠶ ᠲᠧᠩ ᠳ᠋ᠠ ᠬᠢᠵᠢᠭ ᠤᠨ ᠪᠠᠶᠢᠳᠠᠯ ᠤᠨ ᠲᠡᠶᠢᠨ ᠤ ᠲᠠᠯᠠᠪᠤᠷ ᠲᠤ ᠣᠴᠢᠬᠤ ᠪᠡᠯᠡᠳᠬᠡᠯ ᠢᠶᠠᠨ ᠰᠠᠶᠢᠲᠤᠷ ᠬᠢᠪᠠ᠃ ᠲᠡᠳᠡ᠂ ᠵᠣᠬᠢᠶᠠᠨ ᠪᠠᠶᠢᠭᠤᠯᠤᠯᠲᠠ ᠶᠢᠨ ᠢᠲᠡᠭᠡᠯ ᠪᠣᠯᠤᠨ ᠤᠳᠤᠷᠢᠳᠤᠯᠭ᠎ᠠ᠂ ᠬᠠᠮᠲᠤ ᠠᠵᠢᠯᠯᠠᠭᠰᠠᠳ ᠤᠨ ᠬᠠᠯᠠᠮᠵᠢᠯᠠᠯ ᠢ ᠬᠥᠰᠡᠷᠳᠡᠭᠦᠯᠦᠯ ᠦᠭᠡᠢ ᠪᠠᠷ ᠡᠯ᠎ᠡ ᠵᠦᠢᠯ ᠤᠨ ᠠᠵᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠥᠬᠡᠬᠤᠲᠠ ᠶᠢᠨ ᠠᠷᠠᠳ ᠲᠦᠮᠡᠨ ᠲᠠᠢ ᠬᠠᠮᠲᠤ ᠪᠠᠷ ᠬᠦᠴᠢᠷ ᠪᠡᠷᠬᠡ ᠶᠢ ᠲᠠᠪᠠᠨ᠂ ᠬᠢᠵᠢᠭ ᠲᠠᠢ ᠲᠡᠮᠡᠴᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠰᠦᠩᠱᠠᠨ ᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ︕  
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号