ᠰᠦᠩᠱᠠᠨ ᠲᠣᠭᠤᠷᠢᠭ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠥᠮᠦᠵᠢᠯ ᠤᠨ ᠰᠡᠷᠡᠮᠵᠢᠯᠡᠭᠦᠯᠵᠦ ᠴᠡᠭᠴᠡᠯᠡᠨ ᠰᠠᠶᠢᠵᠢᠷᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/2/25
    2 ᠰᠠᠷ᠎ᠠ ᠶᠢᠨ 22 ᠤᠨ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠥᠮᠦᠵᠢᠯ ᠤᠨ ᠰᠡᠷᠡᠮᠵᠢᠯᠡᠭᠦᠯᠵᠦ ᠴᠡᠭᠴᠡᠯᠡᠨ ᠰᠠᠶᠢᠵᠢᠷᠠᠭᠤᠯᠬᠤ ᠬᠤᠷᠠᠯ ᠬᠤᠷᠠᠯᠳᠤᠭᠤᠯᠪᠠ᠃
   
     ᠬᠤᠷᠠᠯ ᠳᠡᠭᠡᠷ᠎ᠡ᠂ ᠰᠦᠩᠱᠠᠨ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠰᠡᠷᠡᠮᠵᠢᠯᠡᠭᠦᠯᠬᠦ ᠬᠥᠮᠦᠵᠢᠯ ᠤᠨ ᠲᠤᠰᠬᠠᠶ ᠰᠡᠳᠦᠪᠲᠦ ᠮᠡᠳᠡᠭᠦᠯᠦᠯᠲᠡ ᠬᠢᠪᠡ᠃      ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶᠠ ᡁᠢ ᠬᠤᠩ ᠬᠤᠷᠠᠯ ᠳᠡᠭᠡᠷ᠎ᠡ ᠱᠠᠭᠠᠷᠳᠠᠭᠰᠠᠨ ᠨᠢ᠂ ᠡᠯ᠎ᠡ ᠰᠠᠯᠠᠭ᠎ᠠ ᠮᠥᠴᠢᠷ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠠᠵᠢᠯ ᠢ ᠳᠠᠷᠤᠶ ᠲᠦᠷᠭᠡᠨ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠳ᠋ ᠤᠨ ᠶᠠᠪᠤᠳᠠᠯ ᠤᠨ ᠺᠣᠮᠫᠠᠨᠢ ᠶᠢᠨ ᠲᠤᠬᠠᠶᠢᠯᠠᠭᠰᠠᠨ ᠠᠵᠢᠯ ᠤᠨ ᠪᠠᠶᠢᠳᠠᠯ ᠢ ᠪᠥᠬᠦ ᠲᠠᠯ᠎ᠠ ᠪᠠᠷ ᠨᠠᠷᠢᠨ ᠪᠠᠶᠢᠴᠠᠭᠠᠵᠤ᠂ ᠲᠣᠭᠲᠠᠭᠠᠯ ᠠᠴᠠ ᠵᠥᠷᠢᠴᠡᠭᠰᠡᠨ ᠰᠦᠢᠳᠬᠡᠯ ᠬᠤᠷᠢᠶᠠᠬᠤ ᠣᠷᠣᠯᠠᠨ ᠭᠦᠢᠴᠡᠳᠬᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ︔ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠨᠢ ᠳᠣᠲᠣᠭᠠᠳᠤ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠴᠣᠩᠬᠤᠪᠴᠢ ᠪᠠᠷ ᠥᠨᠳᠥᠷ ᠳᠠᠪᠲᠠᠮᠵᠢᠲᠤ ᠵᠦᠢᠯᠡᠰ ᠢ ᠮᠥᠷᠳᠡᠨ ᠳᠠᠭᠠᠵᠤ ᠰᠤᠷᠪᠤᠯᠵᠢᠯᠠᠬᠤ ᠪᠠ ᠲᠤᠭ᠎ᠠ ᠪᠠᠷᠢᠮᠲᠠ ᠶᠢ ᠵᠠᠳᠠᠯᠤᠨ ᠡᠮᠬᠢᠯᠡᠬᠦ ᠠᠵᠢᠯ ᠢ ᠴᠢᠩᠭᠠᠳᠬᠠᠬᠤ ᠬᠡᠷᠡᠭᠲᠡᠶ ︔ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠬᠠᠮᠢᠶ᠎ᠠ ᠪᠦᠬᠦᠢ ᠳᠦᠷᠢᠮ ᠢ ᠰᠤᠳᠤᠯᠤᠨ ᠲᠣᠭᠲᠠᠭᠠᠵᠤ ᠲᠡᠭᠦᠯᠳᠡᠷᠵᠢᠭᠦᠯᠬᠦ ᠬᠡᠷᠡᠭᠲᠡᠶ᠃ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠣᠯᠤᠨ ᠬᠤᠶᠠᠷ ᠠᠯᠪᠠᠨ ᠭᠡᠷ ᠤᠨ ᠱᠠᠯᠠᠪᠳᠠᠭᠤᠯᠤᠨ ᠪᠠᠶᠢᠴᠠᠭᠠᠬᠤ ᠲᠠᠰᠤᠭ ᠱᠠᠯᠠᠪᠳᠠᠭᠤᠯᠤᠨ ᠪᠠᠶᠢᠴᠠᠭᠠᠬᠤ ᠬᠢᠨᠠᠨ ᠪᠠᠶᠢᠴᠠᠭᠠᠬᠤ ᠪᠠᠨ ᠴᠢᠩᠭᠠᠳᠬᠠᠵᠤ᠂ ᠡᠯ᠎ᠡ ᠲᠦᠷᠦᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃      ᠵᠢᠶᠠ ᡁᠢ ᠬᠤᠩ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠤᠷᠤᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠬᠡᠷᠡᠭᠵᠢᠭᠦᠯᠬᠦ ᠲᠥᠰᠦᠯ 3.0 ᠬᠡᠪᠯᠡᠯ ᠲᠠᠢ ᠤᠶᠠᠯᠳᠤᠭᠤᠯᠤᠨ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠵᠢᠯ ᠤᠨ ᠡᠬᠢᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠬᠤ ᠬᠤᠷᠠᠯ ᠤᠨ ᠵᠣᠷᠢᠭ ᠰᠠᠨᠠᠭ᠎ᠠ ᠶᠣᠰᠣᠭᠠᠷ᠂ ᠰᠦᠩᠱᠠᠨ ᠲᠣᠭᠤᠷᠢᠭ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠰᠠᠨᠠᠭᠠᠴᠢᠯᠠᠭ᠎ᠠ ᠠᠴᠠ ᠪᠠᠨ ᠲᠥᠯᠥᠪᠵᠢᠭᠦᠯᠦᠨ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠲᠡᠰ ᠳᠡᠪᠰᠢᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ︔ ᠬᠥᠮᠦᠵᠢᠯ ᠴᠡᠭᠴᠡᠯᠡᠯᠲᠡ ᠶᠢᠨ ᠠᠵᠢᠯ ᠤᠨ ᠪᠠᠶᠢᠷᠢᠯᠠᠭᠤᠯᠤᠯᠲᠠ ᠲᠠᠢ ᠤᠶᠠᠯᠳᠤᠭᠤᠯᠤᠨ᠂ ᠪᠠᠶᠢᠴᠠᠭᠠᠬᠤ ᠶᠢᠨ ᠳᠠᠭᠠᠤ ᠰᠠᠶᠢᠵᠢᠷᠠᠭᠤᠯᠬᠤ ᠵᠠᠷᠴᠢᠮ ᠶᠣᠰᠣᠭᠠᠷ᠂ ᠠᠵᠢᠯ ᠤᠨ ᠬᠡᠪ ᠵᠠᠭᠪᠤᠷ ᠤᠨ ᠰᠢᠨ᠎ᠡ ᠶᠢ ᠡᠭᠦᠳᠬᠦ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠬᠤ᠂ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠳᠡᠭᠡᠷ᠎ᠡ ᠬᠦᠴᠦ ᠲᠠᠯᠪᠢᠵᠤ᠂ ᠠᠵᠤ ᠠᠬᠤᠶᠢᠯᠠᠯ ᠪᠠ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠨᠡᠮᠡᠭᠳᠡᠭᠦᠯᠬᠦ ᠬᠡᠷᠡᠭᠲᠡᠢ᠃ ᠡᠯ᠎ᠡ ᠰᠠᠯᠠᠭ᠎ᠠ ᠮᠥᠴᠢᠷ᠂ ᠡᠯ᠎ᠡ ᠠᠵᠢᠯ ᠲᠥᠷᠥᠯ ᠤᠨ ᠬᠢᠨ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠵᠤ᠂ ᠳᠥᠭᠦᠮ ᠳᠥᠲᠡ᠂ ᠥᠨᠳᠥᠷ ᠪᠦᠲᠦᠮᠵᠢᠲᠡᠶ᠂ ᠠᠷᠢᠭᠤᠨ ᠴᠢᠬᠡᠴᠢ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠣᠷᠴᠢᠨ ᠲᠣᠭᠤᠷᠢᠨ ᠢ ᠴᠣᠭᠴᠠᠯᠠᠵᠤ᠂ ᠪᠥᠬᠦ ᠲᠣᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号