2 ᠰᠠᠷ᠎ᠠ ᠶᠢᠨ 24 ᠤ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠤᠯᠤᠰ ᠲᠦᠷᠦ ᠶᠢᠨ | ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠴᠢᠨ ᠢᠦᠢ ᠬᠤᠤ ᠠᠷᠪᠠᠳᠤᠭᠠᠷ | ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ ᠤ ᠬᠤᠶᠠᠳᠤᠭᠠᠷ ᠤᠳᠠᠭ᠎ᠠ ᠶᠢᠨ ᠲᠡᠷᠢᠭᠦᠯᠡᠭᠴᠢᠳ ᠤᠨ ᠬᠤᠷᠠᠯ ᠢ | ᠡᠷᠬᠢᠯᠡᠨ ᠬᠤᠷᠠᠯᠳᠤᠭᠤᠯᠪᠠ᠃ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠹᠧᠩ | ᠵᠢᠶᠦ᠋ᠨ᠂ ᠯᠢᠦ ᠸᠠᠨ ᠯᠢ᠂ ᠰᠦᠨ ᠶᠤᠸᠠᠢ ᠴᠢᠨ᠂ ᠶᠣᠣ ᠰᠢᠤᠸᠠᠢ ᠱᠤ᠋ ᠬᠤᠷᠠᠯ ᠳᠤ ᠣᠷᠣᠯᠴᠠᠪᠠ᠃ | | ᠬᠤᠷᠠᠯ ᠡᠴᠠᠲ᠋ᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ | ᠬᠤᠷᠢᠶᠠᠨ ᠤ ᠠᠩᠬᠠᠳᠤᠭᠠᠷ ᠬᠤᠷᠠᠯ ᠤᠨ ᠭᠤᠣᠯᠳᠠᠯᠭ᠎ᠠ ᠲᠠᠢ ᠰᠠᠨᠠᠯ ᠳᠤᠷᠠᠳᠤᠯᠭ᠎ᠠ ᠶᠢ ᠵᠥᠪᠳᠡᠯᠴᠡᠨ ᠲᠣᠭᠲᠠᠭᠠᠵᠤ᠂ | ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠠᠯᠪᠠᠨ ᠭᠡᠷ᠂ ᠡᠯ᠎ᠡ ᠲᠤᠰᠬᠠᠢ ᠵᠥᠪᠯᠡᠯ ᠤᠨ 2022 ᠣᠨ ᠤ | ᠠᠵᠢᠯ ᠤᠨ ᠲᠥᠯᠥᠪᠯᠡᠭᠡ ᠶᠢᠨ ᠰᠠᠨᠠᠭᠤᠯᠭ᠎ᠠ ᠶᠢ ᠰᠣᠨᠣᠰᠪᠠ᠃ | ᠴᠢᠨ ᠢᠦᠢ ᠬᠤᠤ ᠵᠢᠭᠠᠵᠤ ᠭᠠᠷᠭᠠᠭᠰᠠᠨ ᠨᠢ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠤᠯᠭ᠎ᠠ | ᠭᠤᠣᠯᠳᠠᠯᠭ᠎ᠠ ᠲᠠᠢ ᠰᠠᠨᠠᠯ ᠳᠤᠷᠠᠳᠤᠯᠭ᠎ᠠ ᠶᠢ ᠳᠠᠭᠠᠭᠤᠯᠤᠨ ᠭᠦᠢᠴᠡᠳᠬᠡᠬᠦ᠂ ᠠᠩᠬᠠᠷᠤᠨ ᠰᠢᠢᠳᠪᠦᠷᠢᠯᠡᠬᠦ ᠲᠦᠷᠢᠮ ᠢ | ᠲᠡᠭᠦᠯᠳᠡᠷᠵᠢᠭᠦᠯᠬᠦ ᠬᠡᠷᠡᠭᠲᠡᠢ᠂ ᠰᠢᠢᠳᠪᠦᠷᠢᠯᠡᠬᠦ ᠲᠡᠰ ᠳᠠᠷᠠᠭᠠᠯᠠᠯ ᠢ ᠴᠢᠩᠳᠠᠯᠠᠵᠤ᠂ ᠰᠢᠢᠳᠪᠦᠷᠢᠯᠡᠬᠦ ᠱᠠᠭᠠᠷᠳᠠᠯᠭ᠎ᠠ ᠶᠢ | ᠲᠣᠳᠣᠷᠬᠠᠶᠢᠯᠠᠵᠤ᠂ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠲᠣᠭᠤᠷᠢᠭ ᠤᠨ | ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨᠲ᠋ᠣᠭᠤᠷᠢᠭ ᠤᠨ ᠤᠯᠤᠰ ᠲᠦᠷᠦ ᠶᠢᠨ | ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠤᠨ ᠵᠣᠷᠢᠭ ᠰᠠᠨᠠᠭ᠎ᠠ ᠶᠣᠰᠣᠭᠠᠷ᠂ | ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠲᠣᠭᠤᠷᠢᠭ ᠤᠨ ᠤᠯᠤᠰ ᠲᠦᠷᠦ ᠶᠢᠨ | ᠵᠥᠪᠯᠡᠯᠭᠡᠨ ᠤ 2022 ᠣᠨ ᠤ ᠵᠥᠪᠯᠡᠬᠦ ᠲᠥᠯᠥᠪᠯᠡᠭᠡ ᠪᠣᠯᠤᠨ ᠪᠦᠬᠦ ᠵᠢᠯ ᠤᠨ ᠠᠵᠢᠯ ᠤᠨ ᠭᠤᠣᠯᠳᠠᠯᠭ᠎ᠠ ᠶᠢ ᠴᠢᠨᠠᠷ | ᠰᠠᠶᠢᠲᠠᠢ᠂ ᠥᠨᠳᠥᠷ ᠪᠠᠷᠢᠮᠵᠢᠶ᠎ᠠ ᠪᠠᠷ ᠲᠣᠭᠲᠠᠭᠠᠬᠤ ᠬᠡᠷᠡᠭᠲᠡᠢ᠃ ᠲᠣᠭᠤᠷᠢᠭ ᠤᠨ ᠤᠯᠤᠰ ᠲᠥᠷᠤ ᠶᠢᠨ ᠵᠥᠪᠯᠡᠯᠭᠡᠨ ᠤ | ᠲᠤᠰᠬᠠᠢ ᠵᠥᠪᠯᠡᠯ ᠤᠨ ᠦᠢᠯᠡᠳᠦᠯ ᠪᠣᠯᠤᠨ ᠭᠡᠰᠢᠭᠦᠨ ᠤ ᠭᠤᠣᠯ ᠴᠣᠭᠴᠠ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠭᠡᠰᠢᠭᠦᠨ ᠤ ᠪᠣᠯᠪᠠᠰᠤᠷᠠᠯ ᠪᠣᠯᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠵᠢᠯᠯᠠᠭ᠎ᠠ ᠶᠢ ᠪᠦᠲᠦᠮᠵᠢᠲᠡᠢ ᠵᠣᠬᠢᠶᠠᠨ | ᠪᠠᠶᠢᠭᠤᠯᠵᠤ᠂ ᠲᠣᠭᠤᠷᠢᠭ ᠤᠨ ᠤᠯᠤᠰ ᠲᠥᠷᠤ ᠶᠢᠨ ᠵᠥᠪᠯᠡᠯᠭᠡᠨ ᠤ ᠠᠵᠢᠯ ᠤᠨ ᠰᠢᠨ᠎ᠡ ᠪᠠᠶᠢᠳᠠᠯ ᠢ ᠡᠭᠦᠳᠬᠦ | ᠬᠡᠷᠡᠭᠲᠡᠢ᠃ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠲᠦᠷᠢᠮ ᠪᠣᠯᠤᠨ ᠵᠣᠬᠢᠴᠠᠩᠭᠤᠶ | ᠲᠦᠷᠢᠮ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ | ᠠᠵᠢᠯ ᠤᠨ ᠳᠦᠷᠢᠮᠵᠢᠯᠲᠡ᠂ ᠵᠢᠷᠤᠮᠵᠢᠯᠲᠠ᠂ ᠰᠢᠨᠵᠢᠯᠡᠬᠦ ᠤᠬᠠᠭᠠᠨᠴᠢᠯᠠᠯᠲᠠ ᠶᠢᠨ ᠲᠦᠪᠰᠢᠨ ᠢ ᠲᠠᠰᠤᠷᠠᠯᠲᠠ ᠥᠬᠡᠶ | ᠳᠡᠭᠡᠭᠰᠢᠯᠡᠭᠦᠯᠵᠦ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠤᠯᠠᠮ ᠴᠢᠨᠠᠭᠰᠢᠳᠠ ᠠᠬᠢᠭᠤᠯᠬᠤ ᠬᠡᠷᠡᠭᠲᠡᠶ᠃ | | | | | | | | | | | ᠁ |