ᠸᠠᠩ ᠱᠦᠨ ᠲᠤᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠶᠠᠳᠤᠭᠠᠷ ᠤᠳᠠᠭ᠎ᠠ ᠶᠢᠨ ᠡᠷᠬᠢᠯᠡᠭᠴᠢᠳ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/3/2
    2 ᠰᠠᠷ᠎ᠠ ᠶᠢᠨ 25 ᠤ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠸᠠᠩ ᠱᠦᠨ ᠲᠤᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠶᠠᠳᠤᠭᠠᠷ ᠤᠳᠠᠭ᠎ᠠ ᠶᠢᠨ ᠡᠷᠬᠢᠯᠡᠭᠴᠢᠳ ᠤᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠲᠥᠰᠦᠯ ᠢ ᠬᠢᠨᠠᠨ ᠵᠥᠪᠯᠡᠵᠦ ᠪᠠᠲᠤᠯᠠᠪᠠ︔ ︽ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠰᠠᠨᠠᠭᠤᠯᠭ᠎ᠠ ᠶᠢᠨ ᠨᠡᠷᠡᠰ︾ ᠢ ᠰᠣᠨᠣᠰᠴᠤ ᠬᠢᠨᠠᠨ ᠵᠥᠪᠯᠡᠵᠦ ᠪᠠᠲᠤᠯᠠᠪᠠ︔ ︽ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠦᠨᠳᠦᠰᠦᠨ ᠬᠠᠤᠯᠢ ᠳᠤ ᠲᠠᠩᠭᠠᠷᠢᠭᠯᠠᠬᠤ ᠳᠦᠷᠢᠮ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠨᠠᠷᠢᠨ ᠳᠦᠷᠢᠮ ︵ᠲᠥᠰᠦᠯ︶︾ ᠢ ᠰᠣᠨᠣᠰᠴᠤ ᠬᠢᠨᠠᠨ ᠵᠥᠪᠯᠡᠵᠦ ᠪᠠᠲᠤᠯᠠᠪᠠ︔ ︽ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠦᠷᠢᠮᠵᠢᠭᠰᠡᠨ ᠪᠢᠴᠢᠭ ᠮᠠᠲ᠋ᠧᠷᠢᠶᠠᠯ ᠢ ᠳᠠᠩᠰᠠᠯᠠᠵᠤ ᠬᠢᠨᠠᠨ ᠪᠠᠶᠢᠴᠠᠭᠠᠬᠤ ᠳᠦᠷᠢᠮ ︵ᠵᠠᠰᠠᠪᠤᠷᠢ ᠣᠷᠣᠭᠤᠯᠤᠭᠰᠠᠨ ᠨᠣᠣᠷᠠᠭ︶︾ ᠢ ᠰᠣᠨᠣᠰᠴᠤ ᠬᠢᠨᠠᠨ ᠪᠠᠲᠤᠯᠠᠪᠠ︔ ︽ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠪᠯᠡᠭᠡᠲᠦ ᠦᠷᠡᠵᠢᠯ ᠤᠨ ᠠᠭᠤᠯᠭ᠎ᠠ ᠲᠠᠢ ᠬᠠᠮᠢᠶ᠎ᠠ ᠪᠦᠬᠦᠢ ᠳᠦᠷᠢᠮᠵᠢᠭᠰᠡᠨ ᠪᠢᠴᠢᠭ ᠮᠠᠲ᠋ᠧᠷᠢᠶᠠᠯ ᠢ ᠬᠦᠴᠦᠨ ᠦᠭᠡᠢ ᠪᠣᠯᠭᠠᠬᠤ ᠲᠣᠭᠲᠠᠭᠠᠯ ︵ᠲᠥᠰᠦᠯ︶︾ ᠢ ᠰᠣᠨᠣᠰᠴᠤ ᠬᠢᠨᠠᠨ ᠵᠥᠪᠯᠡᠵᠦ ᠪᠠᠲᠤᠯᠠᠪᠠ︔ ᠬᠤᠷᠠᠯ ᠠᠴᠠ ᠪᠠᠰᠠ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠩᠬᠠᠳᠤᠭᠠᠷ ᠬᠤᠷᠠᠯ ᠤᠨ ᠰᠠᠨᠠᠭᠤᠯᠭ᠎ᠠ ᠶᠢᠨ ᠵᠥᠪᠯᠡᠬᠦ ᠵᠦᠢᠯ ᠢ ᠰᠤᠳᠤᠯᠤᠨ ᠲᠣᠭᠲᠠᠭᠠᠵᠤ᠂ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠩᠬᠠᠳᠤᠭᠠᠷ ᠬᠤᠷᠠᠯ ᠢ 2 ᠰᠠᠷ᠎ᠠ ᠶᠢᠨ 28 ᠤ ᠡᠳᠦᠷ ᠬᠤᠷᠠᠯᠳᠤᠭᠤᠯᠬᠤ ᠪᠠᠷ ᠲᠣᠭᠲᠠᠪᠠ᠃      ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠤᠸᠠᠨ ᠴᠦᠨ ᠯᠢ᠂ ᠰᠦᠨ ᠵᠧᠨ ᠬᠠᠢ᠂ ᠱᠢ ᠵᠢᠶᠠᠨ ᠪᠢᠨ᠂ ᠯᠢ ᠭᠦᠸᠧ ᠯᠢᠨ ᠬᠤᠷᠠᠯ ᠳᠤ ᠣᠷᠣᠯᠴᠠᠪᠠ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号