2 ᠰᠠᠷ᠎ᠠ ᠶᠢᠨ 25 ᠤ ᠡᠳᠦᠷ᠂ ᠶᠢᠰᠦᠳᠦᠭᠡᠷ ᠬᠤᠭᠤᠴᠠᠭᠠᠨ ᠤ ᠰᠦᠩᠱᠠᠨ ᠲᠣᠭᠤᠷᠢᠭ ᠤᠨ ᠨᠠᠮ ᠤᠨ | ᠬᠤᠷᠢᠶᠠᠨ ᠤ ᠨᠢᠭᠡᠳᠦᠭᠡᠷ ᠡᠭᠡᠯᠵᠢ ᠶᠢᠨ ᠲᠤᠭᠤᠷᠢᠨ ᠪᠠᠶᠢᠴᠠᠭᠠᠬᠤ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ | ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠲᠣᠭᠤᠷᠢᠭ ᠤᠨ ᠲᠤᠭ᠎ᠠ ᠪᠦᠷᠢᠳᠬᠡᠯ ᠤᠨ | ᠲᠣᠪᠴᠢᠶ᠎ᠠ᠂ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠦᠩ ᠯᠠᠨ | ᠵᠢᠭᠤᠯᠴᠢᠯᠠᠯ ᠤᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠨᠠᠮ ᠤᠨ ᠵᠣᠬᠢᠶᠠᠨ ᠪᠠᠶᠢᠭᠤᠯᠤᠯᠲᠠ ᠳᠤ | ᠲᠤᠭᠤᠷᠢᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠪᠠ᠃ | ᠬᠤᠷᠠᠯ ᠳᠡᠭᠡᠷ᠎ᠡ᠂ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠭᠡᠷ ᠲᠣᠭᠤᠷᠢᠨ ᠪᠠᠶᠢᠴᠠᠭᠠᠬᠤ | ᠳᠤᠭᠤᠶᠢᠯᠠᠩ ᠠᠴᠠ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠢᠭᠡᠴᠡ ᠳᠤ ᠲᠣᠭᠤᠷᠢᠨ ᠪᠠᠶᠢᠴᠠᠭᠠᠭᠰᠠᠨ ᠰᠠᠨᠠᠯ ᠢᠶᠠᠨ | ᠬᠠᠷᠢᠭᠤ ᠲᠤᠰᠬᠠᠪᠠ᠃ ᠲᠣᠭᠤᠷᠢᠭ ᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠯᠪᠠᠨ ᠬᠡᠷ ᠠᠴᠠ | ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠲᠤᠰᠬᠠᠶ ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠭᠰᠠᠨ ᠪᠥᠭᠡᠳ ᠲᠠᠷᠠᠭᠠᠴᠢ ᠶᠢᠨ ᠠᠯᠬᠤᠮ ᠤᠨ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠬᠠᠶ ᠰᠠᠨᠠᠯ | ᠳᠤᠷᠠᠳᠪᠠ᠃ | ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠲᠣᠭᠤᠷᠢᠭ ᠤᠨ ᠲᠤᠭ᠎ᠠ ᠪᠦᠷᠢᠳᠬᠡᠯ ᠤᠨ | ᠲᠣᠪᠴᠢᠶ᠎ᠠ᠂ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠥᠩ ᠯᠠᠨ | ᠵᠢᠭᠤᠯᠴᠢᠯᠠᠯ ᠤᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ | ᠬᠠᠷᠢᠭᠤᠴᠠᠯᠭᠠᠲᠠᠨ ᠬᠤᠷᠠᠯ ᠳᠡᠭᠡᠷ᠎ᠡ ᠣᠪᠣᠷ ᠢᠶᠠᠨ ᠢᠯᠡᠳᠬᠡᠬᠦ ᠦᠭᠡ ᠬᠡᠯᠡᠵᠦ᠂ ᠤᠯᠤᠰ ᠲᠥᠷᠥ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤ ᠲᠤᠰᠬᠠᠭᠰᠠᠨ ᠰᠠᠨᠠᠯ ᠢ ᠦᠨᠡᠨᠴᠢ ᠪᠠᠷ ᠭᠥᠯᠢᠶᠡᠨ ᠠᠪᠴᠤ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ | ᠴᠢᠩᠭ᠎ᠠ ᠪᠣᠳᠠᠲᠠᠶ ᠰᠠᠶᠢᠲᠤᠷ ᠠᠳᠬᠤᠵᠤ᠂ ᠬᠢᠷᠢ ᠲᠡᠩᠴᠡᠭᠰᠡᠨ ᠴᠡᠭᠴᠡᠯᠡᠨ ᠰᠠᠶᠢᠵᠢᠷᠠᠭᠤᠯᠤᠭᠰᠠᠨ ᠬᠠᠷᠢᠭᠤᠯᠲᠠ ᠶᠢᠨ | ᠬᠠᠭᠤᠳᠠᠰᠤ ᠶᠢ ᠲᠤᠰᠢᠶᠠᠬᠤ ᠪᠠᠷ ᠴᠢᠷᠮᠠᠶᠢᠨ᠎ᠠ ᠭᠡᠵᠦ ᠢᠯᠡᠳᠬᠡᠪᠡ᠃ |