ᠮᠥ ᠵᠢᠶᠠ ᠶᠢᠩᠽᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ᠂ ᠲᠤᠭᠤᠷᠢᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠲᠤ᠄ | 2022 ᠣᠨ ᠤ ᠰᠤᠯᠠᠯᠠᠵᠤ ᠪᠤᠴᠠᠭᠠᠭᠰᠠᠨ ᠬᠡᠷ ᠪᠠᠶᠢᠰᠢᠩ ᠢ ᠴᠠᠭ ᠲᠤᠬᠠᠶ ᠳᠤᠨᠢ ᠬᠤᠪᠢᠶᠠᠷᠢᠯᠠᠬᠤ ᠠᠵᠢᠯ ᠢ | ᠨᠠᠩ ᠰᠠᠶᠢᠲᠤᠷ ᠬᠢᠵᠦ᠂ ᠪᠠᠲᠤᠯᠠᠭ᠎ᠠ ᠶᠢᠨ ᠴᠢᠨᠠᠷᠲᠠᠶ ᠨᠡᠶᠢᠲᠡ ᠶᠢᠨ ᠲᠦᠷᠢᠶᠡᠰᠦᠨ ᠬᠡᠷ ᠪᠠᠶᠢᠰᠢᠩ ᠤᠨ | ᠬᠠᠮᠢᠶᠠᠷᠤᠯᠲᠠ ᠶᠢ ᠬᠠᠤᠯᠢ ᠶᠣᠰᠣᠨ ᠤ ᠡᠮᠬᠢ ᠵᠢᠷᠤᠮ ᠲᠠᠢ ᠪᠠᠶᠢᠯᠭᠠᠬᠤ ᠶᠢᠨ ᠲᠥᠯᠥᠭᠡ᠂ ︽ᠤᠯᠠᠭᠠᠨᠬᠠᠳᠠ | ᠬᠤᠲᠠ ᠶᠢᠨ ᠰᠦᠩᠱᠠᠨ ᠲᠣᠭᠤᠷᠢᠭ ᠤᠨ 2022 ᠣᠨ ᠤ ᠪᠠᠲᠤᠯᠠᠭ᠎ᠠ ᠶᠢᠨ ᠴᠢᠨᠠᠷᠲᠠᠶ ᠨᠡᠶᠢᠲᠡ ᠶᠢᠨ ᠲᠦᠷᠢᠶᠡᠰᠦᠨ | ᠬᠡᠷ ᠪᠠᠶᠢᠰᠢᠩ ᠢ ᠰᠤᠯᠠᠯᠠᠵᠤ ᠪᠤᠴᠠᠭᠠᠬᠤ ᠵᠢᠴᠢ ᠬᠤᠪᠢᠶᠠᠷᠢᠯᠠᠬᠤ ᠶᠢ ᠬᠡᠷᠡᠭᠵᠢᠭᠦᠯᠬᠦ ᠲᠥᠰᠦᠯ︾ ᠢ ᠡᠳᠦᠭᠡ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃ | ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠣᠷᠣᠨ | ᠰᠠᠭᠤᠴᠠ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠲᠦᠪ | 2022 ᠣᠨ ᠤ 3 ᠰᠠᠷ᠎ᠠ ᠶᠢᠨ 16 ᠤ ᠡᠳᠦᠷ | ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ 2022 ᠣᠨ ᠤ ᠪᠠᠲᠤᠯᠠᠭ᠎ᠠ ᠶᠢᠨ ᠴᠢᠨᠠᠷᠲᠠᠶ ᠣᠯᠠᠨ | ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠰᠤᠯᠠᠯᠠᠨ ᠪᠤᠴᠠᠭᠠᠬᠤ ᠵᠢᠴᠢ ᠬᠤᠪᠢᠶᠠᠷᠢᠯᠠᠯᠲᠠ ᠶᠢᠨ ᠬᠡᠷᠡᠭᠵᠢᠭᠦᠯᠬᠦ | ᠲᠥᠰᠦᠯ | ᠪᠠᠲᠤᠯᠠᠭ᠎ᠠ ᠶᠢᠨ ᠴᠢᠨᠠᠷᠲᠠᠶ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠠᠵᠢᠯ ᠤᠨ | ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠪᠠᠲᠤᠯᠠᠭ᠎ᠠ ᠶᠢᠨ ᠴᠢᠨᠠᠷᠲᠠᠶ ᠣᠯᠠᠨ | ᠨᠡᠶᠢᠲᠡ ᠶᠢᠨ ᠲᠦᠷᠢᠶᠡᠰᠦᠯᠡᠬᠦ ᠣᠷᠣᠨ ᠰᠠᠭᠤᠴᠠ ᠶᠢ ᠭᠤᠶᠤᠴᠢᠯᠠᠬᠤ᠂ ᠬᠢᠨᠠᠨ ᠬᠠᠷᠭᠤᠭᠤᠯᠬᠤ ᠵᠢᠴᠢ ᠬᠤᠪᠢᠶᠠᠷᠢᠯᠠᠬᠤ | ᠠᠵᠢᠯ ᠢ ᠵᠢᠷᠤᠮᠵᠢᠭᠤᠯᠵᠤ᠂ ︽ᠣᠯᠠᠨ ᠨᠡᠶᠢᠲᠡ ᠶᠢᠨ ᠲᠦᠷᠢᠶᠡᠰᠦᠯᠡᠬᠦ ᠣᠷᠣᠨ ᠰᠠᠭᠤᠴᠠ ᠶᠢᠨ ᠬᠠᠮᠢᠶᠠᠷᠤᠯᠲᠠ ᠶᠢᠨ | ᠠᠷᠭ᠎ᠠ︾ ︵ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠵᠠᠷᠯᠢᠭ | ︹2012︺ 11ᠳ᠋ᠦ᠋ᠭᠡᠷ ᠲᠣᠭᠠᠲᠤ︶ ᠪᠠ ︽ᠤᠯᠠᠭᠠᠨᠬᠠᠳᠠ ᠬᠤᠲᠠ ᠶᠢᠨ ᠪᠠᠲᠤᠯᠠᠭ᠎ᠠ ᠶᠢᠨ ᠴᠢᠨᠠᠷᠲᠠᠶ | ᠲᠦᠷᠢᠶᠡᠰᠦᠯᠡᠬᠦ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾ ︵ | ᠤᠯᠠᠭᠠᠨᠬᠠᠳᠠ ᠪᠥᠲᠥᠭᠡᠨ ᠪᠠᠶᠢᠭᠤᠯᠤᠯᠲᠠ ᠲᠠᠷᠬᠠᠭᠠᠭᠰᠠᠨ ᠵᠠᠬᠢᠳᠠᠯ ︹ 2012 ︺ 51 ᠳ᠋ᠦ᠋ᠭᠡᠷ ᠲᠣᠭᠠᠲᠤ︶ | ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠲᠣᠭᠤᠷᠢᠭ ᠤᠨ ᠪᠣᠳᠠᠲᠠᠶ ᠲᠠᠢ ᠪᠠᠨ | ᠤᠶᠠᠯᠳᠤᠭᠤᠯᠵᠤ᠂ ᠲᠣᠰ ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠡᠯ᠎ᠡ ᠰᠠᠯᠠᠭ᠎ᠠ ᠮᠥᠴᠢᠷ ᠤᠳ | ᠬᠠᠮᠲᠤᠷᠠᠨ ᠬᠥᠳᠡᠯᠦᠯᠴᠡᠵᠦ ᠬᠢᠨᠠᠨ ᠬᠠᠷᠭᠤᠭᠤᠯᠵᠤ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠨ᠂ | ᠨᠡᠶᠢᠯᠡᠮᠡᠯ ᠬᠦᠴᠦᠨ ᠢ ᠪᠣᠶ ᠪᠣᠯᠭᠠᠵᠤ᠂ ᠪᠠᠲᠤᠯᠠᠭ᠎ᠠ ᠶᠢᠨ ᠴᠢᠨᠠᠷᠲᠠᠶ ᠣᠯᠠᠨ ᠨᠡᠶᠢᠲᠡ ᠶᠢᠨ ᠲᠦᠷᠢᠶᠡᠰᠦᠨ ᠣᠷᠣᠨ | ᠰᠠᠭᠤᠴᠠ ᠶᠢ ᠭᠤᠶᠤᠴᠢᠯᠠᠬᠤ᠂ ᠬᠢᠨᠠᠨ ᠬᠠᠷᠭᠤᠭᠤᠯᠬᠤ᠂ ᠬᠤᠪᠢᠶᠠᠷᠢᠯᠠᠬᠤ ᠠᠵᠢᠯ ᠢ ᠢᠯᠡ᠂ ᠡᠷᠬᠡ ᠲᠡᠭᠰᠢ᠂ ᠲᠥᠪ | ᠭᠤᠤᠯᠴᠢ ᠪᠠᠶᠢᠬᠤ ᠵᠠᠷᠴᠢᠮ ᠢᠶᠠᠷ ᠡᠮᠬᠢ ᠵᠢᠷᠤᠮ ᠲᠠᠢ ᠶᠠᠪᠤᠭᠳᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ᠠᠵᠢᠯ ᠤᠨ ᠡᠭᠦᠷᠭᠡ ᠬᠠᠷᠢᠭᠤᠴᠠᠯᠭ᠎ᠠ ᠨᠢ ︽ᠬᠡᠨ ᠬᠢᠨᠠᠨ ᠬᠠᠷᠭᠤᠭᠤᠯᠪᠠᠯ᠂ ᠬᠡᠨ ᠭᠠᠷ ᠤᠨ ᠥᠰᠥᠭ ᠵᠢᠷᠤᠵᠤ | ᠂ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠬᠢᠨᠠᠨ ᠪᠠᠶᠢᠴᠠᠭᠠᠬᠤ᠂ ᠰᠢᠭᠦᠬᠦ ᠬᠤᠷᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ᠂ ᠡᠳ᠋ ᠤᠨ ᠵᠠᠰᠠᠭ᠂ ᠬᠢᠨᠠᠨ ᠪᠤᠳᠤᠬᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ᠂ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ | ᠂ ᠣᠷᠣᠨ ᠰᠠᠭᠤᠴᠠ ᠪᠠ ᠪᠥᠲᠥᠭᠡᠨ ᠪᠠᠶᠢᠭᠤᠯᠤᠯᠲᠠ᠂ ᠣᠷᠣᠨ ᠰᠠᠭᠤᠴᠠ ᠶᠢᠨ ᠪᠠᠲᠤᠯᠠᠭ᠎ᠠ᠂ ᠮᠥ ᠵᠢᠶᠠ ᠶᠢᠩᠽᠢ | ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠣᠰ ᠲᠣᠰ ᠤᠨ ᠡᠭᠦᠷᠭᠡ ᠲᠤᠰᠢᠶᠠᠯ ᠢᠶᠠᠨ | ᠭᠦᠢᠴᠡᠳᠬᠡᠵᠦ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠰᠤᠯᠠᠯᠠᠵᠤ ᠪᠤᠴᠠᠭᠠᠭᠰᠠᠨ ᠬᠡᠷ | ᠪᠠᠶᠢᠰᠢᠩ ᠢ ᠤᠷᠤᠭᠰᠢᠲᠠᠶ ᠳᠣᠭᠢᠷᠠᠭᠤᠯᠤᠨ ᠲᠦᠷᠢᠶᠡᠰᠦᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ | ᠮᠦ ᠵᠢᠶᠠ ᠶᠢᠩᠽᠢ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢᠶᠠᠷ | ᠲᠦᠷᠦᠭᠦᠯᠡᠭᠦᠯᠦᠨ᠂ ᠪᠠᠲᠤᠯᠠᠭ᠎ᠠ ᠶᠢᠨ ᠴᠢᠨᠠᠷᠲᠠᠢ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ | ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ᠂ ᠠᠩᠬ᠎ᠠ ᠬᠢᠨᠠᠬᠤ ᠠᠵᠢᠯ ᠢ ᠰᠠᠶᠢᠲᠤᠷ ᠬᠢᠵᠦ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶ᠎ᠠ᠂ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠲᠠᠢ ᠬᠠᠮᠲᠤᠷᠠᠨ ᠭᠡᠷ ᠪᠦᠯᠢ ᠶᠢᠨ ᠦᠢᠯᠡᠳᠪᠦᠷᠢ | ᠬᠤᠳᠠᠯᠳᠤᠭᠠᠨ ᠤ ᠳᠠᠩᠰᠠᠯᠠᠯ᠂ ᠲᠡᠷᠭᠡ ᠬᠥᠰᠬᠡ ᠶᠢᠨ ᠳᠠᠩᠰᠠᠯᠠᠯ᠂ ᠡᠷᠦᠬᠡ ᠠᠮᠠ ᠶᠢᠨ ᠲᠠᠩᠰᠠ᠂ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢ ᠬᠢᠨᠠᠨ ᠬᠠᠷᠭᠤᠭᠤᠯᠬᠤ ᠪᠠᠷ ᠭᠤᠶᠤᠴᠢᠯᠠᠬᠤ ᠵᠡᠷᠭᠡ ᠠᠵᠢᠯ ᠢ ᠰᠠᠶᠢᠲᠤᠷ ᠬᠢᠬᠦ | ᠬᠡᠷᠡᠭᠲᠡᠢ᠃ | ᠠᠷᠠᠳ ᠤᠨ ᠶᠠᠪᠤᠳᠠᠯ ᠤᠨ ᠲᠣᠪᠴᠢᠶ᠎ᠠ ᠲᠦᠷᠦᠭᠦᠯᠡᠨ᠂ ᠮᠥ ᠵᠢᠶᠠ ᠶᠢᠩᠽᠢ ᠪᠠᠯᠭᠠᠰᠤ᠂ ᠡᠯ᠎ᠡ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ ᠲᠠᠢ ᠬᠠᠮᠲᠤᠷᠠᠨ ᠬᠡᠷ | ᠪᠦᠯᠢ ᠶᠢᠨ ᠣᠷᠣᠯᠭ᠎ᠠ ᠶᠢ ᠬᠢᠨᠠᠨ ᠬᠠᠷᠭᠤᠭᠤᠯᠬᠤ ᠪᠠᠷ ᠭᠤᠶᠤᠴᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ | ᠣᠷᠣᠨ ᠰᠠᠭᠤᠴᠠ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠲᠥᠪ ᠲᠦᠷᠦᠭᠦᠯᠡᠨ᠂ ᠮᠥ ᠵᠢᠶᠠ ᠶᠢᠩᠽᠢ | ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ ᠬᠠᠮᠲᠤᠷᠠᠨ ᠭᠤᠶᠤᠴᠢᠯᠠᠯ ᠤᠨ ᠮᠠᠲ᠋ᠧᠷᠢᠶᠠᠯ ᠢ | ᠬᠠᠮᠲᠤᠷᠠᠨ ᠬᠢᠨᠠᠬᠤ᠂ ᠡᠷᠦᠬᠡ ᠳᠤ ᠬᠦᠷᠴᠦ ᠬᠠᠷᠭᠤᠭᠤᠯᠤᠨ ᠪᠠᠶᠢᠴᠠᠭᠠᠬᠤ᠂ ᠲᠠᠩᠰᠠ ᠡᠪᠬᠡᠮᠡᠯ ᠤᠨ ᠮᠠᠲ᠋ᠧᠷᠢᠶᠠᠯ ᠢ | ᠲᠠᠩᠰᠠ ᠡᠪᠬᠡᠮᠡᠯ ᠳᠤ ᠣᠷᠣᠭᠤᠯᠬᠤ᠂ ᠬᠡᠷ ᠪᠠᠶᠢᠰᠢᠩ ᠤᠨ ᠢᠷᠡᠯᠲᠡ ᠶᠢ ᠬᠤᠪᠢᠶᠠᠷᠢᠯᠠᠬᠤ᠂ ᠭᠡᠷ᠎ᠡ ᠲᠣᠭᠲᠠᠬᠤ᠂ | ᠲᠦᠷᠢᠶᠡᠰᠦᠨ ᠮᠥᠩᠭᠦ ᠶᠢ ᠬᠤᠷᠢᠶᠠᠨ ᠲᠤᠰᠢᠶᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠬᠤᠲᠠ ᠶᠢᠨ ᠥᠯᠥ | ᠬᠥᠳᠡᠯᠬᠦ ᠬᠥᠷᠥᠩᠭᠡ ᠶᠢ ᠳᠠᠩᠰᠠᠯᠠᠬᠤ ᠲᠥᠪ ᠢ ᠵᠣᠬᠢᠴᠠᠭᠤᠯᠵᠤ ᠪᠠᠶᠢᠭᠠᠳ ᠬᠡᠷ ᠪᠦᠯᠢ ᠶᠢᠨ ᠬᠡᠷ ᠬᠥᠷᠥᠩᠭᠡ ᠶᠢ ᠬᠢᠨᠠᠨ | ᠬᠠᠷᠭᠤᠭᠤᠯᠬᠤ ᠪᠠᠷ ᠭᠤᠶᠤᠴᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ | ᠡᠯ᠎ᠡ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠲᠤᠰᠬᠠᠶ | ᠬᠥᠮᠦᠨ ᠵᠢᠭᠠᠨᠲ᠋ᠣᠭᠲᠠᠭᠠᠵᠤ ᠬᠠᠷᠢᠭᠤᠴᠠᠭᠤᠯᠤᠨ᠂ ᠠᠵᠢᠯ ᠬᠤᠪᠢᠶᠠᠷᠢᠯᠠᠨ ᠬᠠᠮᠵᠢᠯᠴᠠᠬᠤ ᠲᠣᠭᠲᠠᠴᠠ ᠶᠢ ᠪᠠᠶᠢᠭᠤᠯᠵᠤ | ᠂ ᠭᠤᠶᠤᠴᠢᠯᠠᠭᠰᠠᠨ ᠬᠡᠷ ᠪᠦᠯᠢ ᠶᠢᠨ ᠡᠷᠦᠬᠡ ᠠᠮᠠ ᠶᠢᠨ ᠲᠠᠩᠰᠠ᠂ ᠣᠷᠣᠯᠭ᠎ᠠ᠂ ᠬᠡᠷ ᠬᠥᠷᠥᠩᠭᠡ ᠵᠡᠷᠭᠡ ᠶᠢᠨ | ᠪᠠᠶᠢᠳᠠᠯ ᠢ ᠴᠢᠩᠭ᠎ᠠ ᠬᠢᠨᠠᠨ ᠬᠠᠷᠭᠤᠭᠤᠯᠬᠤ ᠶᠢᠨ ᠬᠠᠮᠲᠤ᠂ ᠬᠢᠨᠠᠨ ᠬᠠᠷᠭᠤᠭᠤᠯᠬᠤ ᠬᠦᠰᠦᠨᠦᠭᠲᠦ ᠳᠤ ᠦᠨᠡᠨ | ᠪᠣᠳᠠᠲᠠᠶ ᠪᠠᠷ ᠲᠠᠭᠯᠠᠵᠤ᠂ ᠭᠠᠷ ᠤᠨ ᠥᠰᠥᠭ ᠵᠢᠷᠤᠵᠤ ᠲᠠᠮᠠᠭ᠎ᠠ ᠪᠠᠨ ᠳᠠᠷᠤᠵᠤ᠂ ᠪᠠᠲᠤᠯᠠᠭ᠎ᠠ ᠶᠢᠨ ᠴᠢᠨᠠᠷᠲᠠᠶ ᠣᠯᠠᠨ | ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠳᠣᠭᠢᠷᠠᠭᠤᠯᠤᠨ ᠲᠦᠷᠢᠶᠡᠰᠦᠯᠡᠬᠦ ᠠᠵᠢᠯ ᠢ ᠪᠦᠲᠦᠮᠵᠢᠲᠡᠶ | ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ᠬᠤᠶᠠᠷ᠂ ᠪᠠᠲᠤᠯᠠᠭ᠎ᠠ ᠶᠢᠨ ᠴᠢᠨᠠᠷᠲᠠᠶ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠭᠤᠶᠤᠴᠢᠯᠠᠬᠤ | ᠨᠥᠬᠦᠴᠡᠯ | ᠪᠠᠲᠤᠯᠠᠭ᠎ᠠ ᠶᠢᠨ ᠴᠢᠨᠠᠷᠲᠠᠶ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠭᠡᠳᠡᠭ ᠨᠢ ᠨᠠᠭᠠᠳᠤ | ᠵᠠᠬ᠎ᠠ ᠶᠢᠨ ᠪᠠᠲᠤᠯᠠᠭᠠᠲᠤ ᠡᠷᠤᠭᠡ ᠶᠢᠨ ᠭᠡᠷ ᠪᠦᠯᠢ ᠶᠢᠨ ᠣᠷᠣᠨ ᠰᠠᠭᠤᠴᠠ ᠪᠠ ᠳᠤᠮᠳᠠ ᠳᠣᠣᠷ᠎ᠠ ᠣᠷᠣᠯᠭ᠎ᠠ ᠲᠠᠢ ᠭᠡᠷ | ᠪᠦᠯᠢ ᠶᠢᠨ ᠣᠷᠣᠨ ᠰᠠᠭᠤᠴᠠ ᠶᠢ ᠵᠢᠭᠠᠵᠤ ᠪᠠᠶᠢᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭᠠᠲᠤ | ᠡᠷᠦᠬᠡ ᠶᠢᠨ ᠬᠡᠷ ᠪᠦᠯᠢ ᠶᠢᠨ ᠣᠷᠣᠨ ᠰᠠᠭᠤᠴᠠ ᠶᠢᠨ ᠡᠲᠡᠭᠡᠳ ᠨᠢ ᠲᠤᠬᠠᠶ ᠶᠢᠨ ᠭᠠᠵᠠᠷ ᠤᠨ ᠬᠤᠲᠠ ᠪᠠᠯᠭᠠᠰᠤ ᠶᠢᠨ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ ᠶᠢᠨ ᠤᠷᠤᠨ ᠰᠠᠭᠤᠴᠠ ᠶᠢᠨ ᠬᠦᠴᠢᠷᠳᠡᠯᠲᠡᠶ ᠭᠡᠷ ᠪᠦᠯᠢ | ᠪᠤᠯᠤᠨ᠎ᠠ᠂ ᠳᠤᠮᠳᠠ ᠳᠣᠣᠷ᠎ᠠ ᠣᠷᠣᠯᠭ᠎ᠠ ᠲᠠᠢ ᠣᠷᠣᠨ ᠰᠠᠭᠤᠴᠠ ᠶᠢᠨ ᠬᠦᠴᠢᠷᠳᠡᠯᠲᠡᠶ ᠭᠡᠷ ᠪᠦᠯᠢ ᠶᠢᠨ | ᠪᠠᠲᠤᠯᠠᠭ᠎ᠠ ᠶᠢᠨ ᠡᠲᠡᠭᠡᠳ ᠨᠢ ᠲᠤᠬᠠᠶ ᠶᠢᠨ ᠭᠠᠵᠠᠷ ᠤᠨᠬᠤᠲᠠ ᠪᠠᠯᠭᠠᠰᠤ ᠶᠢᠨ ᠳᠤᠮᠳᠠ ᠳᠣᠣᠷ᠎ᠠ ᠣᠷᠣᠯᠭ᠎ᠠ ᠲᠠᠢ | ᠣᠷᠣᠨ ᠰᠠᠭᠤᠴᠠ ᠶᠢᠨ ᠬᠦᠴᠢᠷᠳᠡᠯᠲᠡᠶ ᠭᠡᠷ ᠪᠦᠯᠢ ︵ᠳᠤᠮᠳᠠ ᠳᠣᠣᠷ᠎ᠠ ᠣᠷᠣᠯᠭ᠎ᠠ ᠲᠠᠢ ᠭᠡᠷ ᠪᠦᠯᠢ ᠭᠡᠳᠡᠭ ᠨᠢ ᠭᠡᠷ | ᠪᠦᠯᠢ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠨᠢ ᠲᠤᠬᠠᠶ ᠶᠢᠨ ᠭᠠᠵᠠᠷ ᠤᠨ ᠳᠡᠭᠡᠷ᠎ᠡ ᠵᠢᠯ ᠤᠨ ᠬᠤᠲᠠ | ᠪᠠᠯᠭᠠᠰᠤ ᠶᠢᠨ ᠰᠠᠭᠤᠭᠠᠯᠢ ᠠᠷᠠᠳ ᠤᠨ ᠭᠡᠷ ᠪᠦᠯᠢ ᠶᠢᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ | ᠣᠷᠣᠯᠭ᠎ᠠ ᠶᠢᠨ 80 % ᠠᠴᠠ ᠳᠣᠣᠷ᠎ᠠ ᠪᠠᠶᠢᠬᠤ ᠶᠢ ᠵᠢᠭᠠᠵᠤ ᠪᠠᠶᠢᠨ᠎ᠠ︶ ᠪᠣᠯᠤᠨ᠎ᠠ᠃ | ︵ᠨᠢᠭᠡ︶ ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ ᠶᠢᠨ ᠬᠡᠷ ᠪᠦᠯᠢ ᠪᠠᠲᠤᠯᠠᠭ᠎ᠠ ᠶᠢᠨ ᠴᠢᠨᠠᠷᠲᠠᠶ ᠣᠯᠠᠨ | ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠭᠤᠶᠤᠴᠢᠯᠠᠬᠤ ᠳᠤ ᠳᠣᠤᠷᠠᠬᠢ ᠨᠥᠬᠦᠴᠡᠯ ᠢ ᠬᠠᠮᠲᠤ ᠳᠤᠨᠢ | ᠪᠦᠷᠢᠯᠳᠦᠭᠦᠯᠬᠦ ᠬᠡᠷᠡᠭᠲᠡᠶ | ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ ᠶᠢᠨ ᠬᠡᠷ ᠪᠦᠯᠢ ᠪᠠᠲᠤᠯᠠᠭ᠎ᠠ ᠶᠢᠨ ᠴᠢᠨᠠᠷᠲᠠᠶ ᠣᠯᠠᠨ ᠨᠡᠶᠢᠲᠡ ᠶᠢᠨ | ᠲᠦᠷᠢᠶᠡᠰᠦᠨ ᠣᠷᠣᠨ ᠰᠠᠭᠤᠴᠠ ᠭᠤᠶᠤᠴᠢᠯᠠᠬᠤ ᠳᠤ ᠬᠡᠷ ᠪᠦᠯᠢ ᠪᠠᠷ ᠨᠢᠭᠡᠴᠢ ᠪᠣᠯᠭᠠᠵᠤ᠂ ᠬᠡᠷ ᠪᠦᠯᠢ ᠶᠢᠨ ᠨᠢᠭᠡ | ᠪᠦᠷᠢᠯᠳᠦᠬᠦᠨ ᠢᠶᠠᠷ ᠭᠤᠶᠤᠴᠢᠯᠠᠭᠴᠢ ᠪᠣᠯᠭᠠᠵᠤ᠂ ᠬᠡᠷ ᠪᠦᠯᠢ ᠶᠢᠨ ᠪᠤᠰᠤᠳ ᠪᠦᠷᠢᠯᠳᠦᠬᠦᠨ ᠢᠶᠠᠷ ᠬᠠᠮᠲᠤ ᠶᠢᠨ | ᠭᠤᠶᠤᠴᠢᠯᠠᠭᠴᠢ ᠪᠣᠯᠭᠠᠬᠤ ᠬᠡᠷᠡᠭᠲᠡᠶ᠃ | 1.ᠭᠤᠶᠤᠴᠢᠯᠠᠭᠴᠢ ᠨᠢ ᠮᠦ ᠵᠢᠶᠠ ᠶᠢᠩᠽᠢ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠤᠨ ᠬᠠᠷᠢᠶ᠎ᠠ ᠣᠷᠣᠨ ᠳᠠᠬᠢ ᠲᠠᠷᠢᠶᠠᠯᠠᠩ ᠤᠨ ᠪᠤᠰᠤ ᠪᠠᠶᠢᠩᠭᠤ ᠰᠠᠭᠤᠭ᠎ᠠ ᠬᠥᠮᠦᠨ ᠠᠮᠠ ᠪᠥᠭᠡᠳ ᠪᠦᠬᠦᠯᠢ | ᠠᠷᠪᠠᠨ ᠨᠠᠢᠮᠠᠨ ᠨᠠᠰᠤ ᠬᠦᠷᠦᠭᠰᠡᠨ᠂ ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ᠃ | 2.ᠭᠤᠶᠤᠴᠢᠯᠠᠭᠰᠠᠨ ᠬᠡᠷ ᠪᠦᠯᠢ ᠶᠢᠨ ᠭᠤᠶᠤᠴᠢᠯᠠᠭᠴᠢ ᠡᠷᠬᠡᠪᠰᠢ ᠲᠣᠰ ᠲᠥᠯᠥᠪᠵᠢᠭᠦᠯᠭᠡ ᠶᠢᠨ ᠣᠷᠣᠨ ᠤ | ᠳᠣᠲᠣᠷ᠎ᠠ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠭᠥᠷᠳᠡᠬᠦ ᠬᠡᠷᠡᠭᠲᠡᠶ᠃ | 3.ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ ᠶᠢᠨ ᠪᠠᠲᠤᠯᠠᠭ᠎ᠠ ᠶᠢᠨ ᠴᠢᠨᠠᠷᠲᠠᠶ ᠣᠯᠠᠨ ᠨᠡᠶᠢᠲᠡ ᠶᠢᠨ | ᠲᠦᠷᠢᠶᠡᠰᠦᠯᠡᠯ ᠤᠨ ᠬᠡᠷ ᠪᠦᠯᠢ ᠶᠢᠨ ᠣᠷᠣᠨ ᠰᠠᠭᠤᠴᠠ ᠶᠢ ᠭᠤᠶᠤᠴᠢᠯᠠᠬᠤ ᠳᠤ ᠬᠡᠷ ᠪᠦᠯᠢ ᠪᠠᠷ ᠨᠢᠭᠡᠴᠢ ᠪᠣᠯᠭᠠᠵᠤ᠂ | ᠭᠤᠶᠤᠴᠢᠯᠠᠭᠰᠠᠨ ᠬᠡᠷ ᠪᠦᠯᠢ ᠶᠢᠨ ᠪᠦᠷᠢᠯᠳᠦᠬᠦᠨ ᠤ ᠬᠤᠭᠤᠷᠣᠨᠳᠣ ᠪᠠᠨ ᠡᠷᠬᠡᠪᠰᠢ ᠬᠠᠤᠯᠢ ᠪᠠᠷ ᠲᠣᠭᠲᠠᠭᠠᠭᠰᠠᠨ | ᠠᠴᠢᠯᠠᠨ ᠲᠡᠵᠢᠭᠡᠬᠦ᠂ ᠲᠡᠳᠬᠦᠨ ᠲᠡᠵᠢᠭᠡᠬᠦ ᠪᠤᠶᠤ ᠠᠰᠠᠷᠠᠨ ᠲᠡᠵᠢᠭᠡᠬᠦ ᠬᠠᠷᠢᠴᠠᠭ᠎ᠠ ᠲᠠᠢ ᠪᠠᠶᠢᠬᠤ ᠬᠡᠷᠡᠭᠲᠡᠶ᠃ | 4.ᠭᠤᠶᠤᠴᠢᠯᠠᠭᠴᠢ ᠪᠠ ᠬᠡᠷ ᠪᠦᠯᠢ ᠶᠢᠨ ᠪᠦᠷᠢᠯᠳᠦᠬᠦᠨ ᠭᠤᠶᠠᠴᠢ ᠥᠬᠡᠶ ᠣᠷᠣᠨ ᠰᠠᠭᠤᠴᠠ ᠲᠠᠢ ᠪᠤᠶᠤ | ᠬᠥᠮᠦᠨ ᠳᠤᠮᠳᠠᠴᠢ ᠶᠢᠨ ᠣᠷᠣᠨ ᠰᠠᠭᠤᠴᠠ ᠶᠢᠨ ᠪᠠᠷᠢᠯᠭ᠎ᠠ ᠶᠢᠨ ᠲᠠᠯᠠᠪᠠᠶ ᠨᠢ 15 ᠲᠡᠭᠰᠢ ᠳᠥᠷᠪᠡᠯᠵᠢᠨ ᠮᠧᠲᠷ ᠠᠴᠠ | ᠳᠣᠤᠷ᠎ᠠ ᠪᠠᠶᠢᠬᠤ ᠬᠡᠷᠡᠭᠲᠡᠶ᠃ | 5.ᠭᠤᠶᠤᠴᠢᠯᠠᠭᠴᠢ ᠪᠠ ᠬᠡᠷ ᠪᠦᠯᠢ ᠶᠢᠨ ᠪᠦᠷᠢᠯᠳᠦᠬᠦᠨ ᠨᠢ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢ | ᠲᠦᠷᠢᠶᠡᠰᠦᠯᠡᠭᠰᠡᠨ ᠥᠬᠡᠶ ᠪᠤᠶᠤ ᠬᠤᠳᠠᠯᠳᠤᠨ ᠠᠪᠤᠭᠰᠠᠨ ᠥᠬᠡᠶ᠃ | ︵ᠬᠤᠶᠠᠷ︶ ᠳᠤᠮᠳᠠ ᠳᠣᠤᠷ᠎ᠠ ᠣᠷᠣᠯᠭ᠎ᠠ ᠲᠠᠢ ᠣᠷᠣᠨ ᠰᠠᠭᠤᠴᠠ ᠶᠢᠨ ᠬᠦᠴᠢᠷᠳᠡᠯᠲᠡᠶ ᠬᠡᠷ ᠪᠦᠯᠢ | ᠪᠠᠲᠤᠯᠠᠭ᠎ᠠ ᠶᠢᠨ ᠴᠢᠨᠠᠷᠲᠠᠶ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠭᠤᠶᠤᠴᠢᠯᠠᠬᠤ ᠶᠢᠨ ᠬᠠᠮᠲᠤ | ᠳᠣᠤᠷᠠᠬᠢ ᠨᠥᠬᠦᠴᠡᠯ ᠤᠳ ᠢ ᠪᠦᠷᠢᠯᠳᠦᠭᠦᠯᠬᠦ ᠬᠡᠷᠡᠭᠲᠡᠶ | ᠳᠤᠮᠳᠠ ᠳᠣᠤᠷ᠎ᠠ ᠣᠷᠣᠯᠭ᠎ᠠ ᠲᠠᠢ ᠣᠷᠣᠨ ᠰᠠᠭᠤᠴᠠ ᠶᠢᠨ ᠬᠦᠴᠢᠷᠳᠡᠯᠲᠡᠢ ᠬᠡᠷ ᠪᠦᠯᠢ ᠨᠢ ᠪᠠᠲᠤᠯᠠᠭ᠎ᠠ ᠶᠢᠨ | ᠴᠢᠨᠠᠷᠲᠠᠶ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠲᠦᠷᠢᠶᠡᠰᠦᠯᠡᠬᠦ ᠪᠠᠷ ᠭᠤᠶᠤᠴᠢᠯᠠᠬᠤ ᠳᠤ᠂ ᠬᠡᠷ | ᠪᠦᠯᠢ ᠪᠠᠷ ᠨᠢᠭᠡᠴᠢ ᠪᠣᠯᠭᠠᠨ᠂ ᠬᠡᠷ ᠪᠦᠯᠢ ᠶᠢᠨ ᠨᠢᠭᠡ ᠪᠦᠷᠢᠯᠳᠦᠬᠦᠨ ᠢᠶᠠᠷ ᠭᠤᠶᠤᠴᠢᠯᠠᠭᠴᠢ ᠪᠣᠯᠭᠠᠵᠤ᠂ ᠬᠡᠷ | ᠪᠦᠯᠢ ᠶᠢᠨ ᠪᠤᠰᠤᠳ ᠪᠦᠷᠢᠯᠳᠦᠬᠦᠨ ᠢᠶᠠᠷ ᠬᠠᠮᠲᠤ ᠶᠢᠨ ᠭᠤᠶᠤᠴᠢᠯᠠᠭᠴᠢ ᠪᠣᠯᠭᠠᠬᠤ ᠬᠡᠷᠡᠭᠲᠡᠶ᠃ | 1.ᠭᠤᠶᠤᠴᠢᠯᠠᠭᠴᠢ ᠨᠢ ᠮᠥ ᠵᠢᠶᠠ ᠶᠢᠩᠽᠢ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠤᠨ ᠬᠠᠷᠢᠶ᠎ᠠ ᠣᠷᠣᠨ ᠳᠠᠬᠢ ᠲᠠᠷᠢᠶᠠᠯᠠᠩ ᠤᠨ ᠪᠤᠰᠤ ᠪᠠᠶᠢᠩᠭᠤ ᠰᠠᠭᠤᠭ᠎ᠠ ᠬᠥᠮᠦᠨ ᠠᠮᠠ᠃ ᠪᠦᠬᠦᠯᠢ 18 | ᠨᠠᠰᠤ ᠬᠦᠷᠦᠭᠰᠡᠨ ᠪᠥᠭᠡᠳ ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ ᠪᠠᠶᠢᠬᠤ᠃ | ᠲᠣᠭᠲᠠᠪᠤᠷᠢᠲᠠᠶ ᠣᠷᠣᠯᠭ᠎ᠠ ᠶᠢᠨ ᠢᠷᠡᠯᠲᠡ ᠲᠠᠢ ᠪᠠᠶᠢᠵᠤ᠂ ᠬᠡᠷ ᠪᠠᠶᠢᠰᠢᠩ ᠤᠨ ᠲᠦᠷᠢᠶᠡᠰᠦᠯᠡᠯ ᠤᠨ ᠵᠠᠷᠤᠳᠠᠯ ᠢ | ᠳᠥᠯᠥᠵᠦ ᠳᠡᠶᠢᠯᠦᠨ᠎ᠡ᠃ | 2.ᠭᠤᠶᠤᠴᠢᠯᠠᠭᠴᠢ ᠪᠠ ᠬᠡᠷ ᠪᠦᠯᠢ ᠶᠢᠨ ᠪᠦᠷᠢᠯᠳᠦᠬᠦᠨ ᠭᠤᠶᠠᠴᠢ ᠥᠬᠡᠶ ᠣᠷᠣᠨ ᠰᠠᠭᠤᠴᠠ ᠲᠠᠢ ᠪᠤᠶᠤ | ᠬᠥᠮᠦᠨ ᠳᠤᠮᠳᠠᠴᠢ ᠶᠢᠨ ᠣᠷᠣᠨ ᠰᠠᠭᠤᠴᠠ ᠶᠢᠨ ᠪᠠᠷᠢᠯᠭ᠎ᠠ ᠶᠢᠨ ᠲᠠᠯᠠᠪᠠᠶ ᠨᠢ 15 ᠲᠡᠭᠰᠢ ᠳᠥᠷᠪᠡᠯᠵᠢᠨ ᠮᠧᠲᠷ ᠠᠴᠠ | ᠳᠣᠤᠷ᠎ᠠ ᠪᠠᠶᠢᠬᠤ ᠮᠥᠷᠲᠡᠭᠡᠨ ᠣᠯᠠᠨ ᠨᠡᠶᠢᠲᠡ ᠶᠢᠨ ᠣᠷᠣᠨ ᠰᠠᠭᠤᠴᠠ ᠶᠢ ᠲᠦᠷᠢᠶᠡᠰᠦᠯᠡᠭᠰᠡᠨ ᠥᠬᠡᠶ ᠪᠤᠶᠤ | ᠬᠤᠳᠠᠯᠳᠤᠨ ᠠᠪᠤᠭᠰᠠᠨ ᠥᠬᠡᠶ᠃ | 3.ᠭᠤᠶᠤᠴᠢᠯᠠᠭᠰᠠᠨ ᠬᠡᠷ ᠪᠦᠯᠢ ᠶᠢᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠳᠡᠭᠡᠷ᠎ᠡ | ᠨᠢᠭᠡ ᠵᠢᠯ ᠤᠨ ᠰᠦᠩᠱᠠᠨ ᠲᠣᠭᠤᠷᠢᠭ ᠤᠨ ᠬᠤᠲᠠ ᠪᠠᠯᠭᠠᠰᠤ ᠶᠢᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢᠨ 80% ᠠᠴᠠ ᠳᠣᠤᠷ᠎ᠠ ᠪᠠᠶᠢᠬᠤ ᠬᠡᠷᠡᠭᠲᠡᠢ᠃ | 4.ᠭᠤᠶᠤᠴᠢᠯᠠᠭᠴᠢ ᠵᠢᠴᠢ ᠭᠡᠷ ᠪᠦᠯᠢ ᠶᠢᠨ ᠪᠦᠷᠢᠯᠳᠦᠬᠦᠨ ᠳᠤ 5 ᠲᠦᠮᠡᠨ ᠲᠥᠭᠦᠷᠢᠭ ᠢ ᠳᠠᠪᠠᠭᠰᠠᠨ | ᠬᠤᠪᠢ ᠶᠢᠨ ᠥᠮᠴᠢᠯᠡᠯ ᠤᠨ ᠮᠠᠰᠢᠨ ᠲᠡᠷᠭᠡ ᠪᠠᠶᠢᠬᠤ ᠦᠭᠡᠶ᠃ ᠳᠠᠩᠰᠠᠯᠠᠭᠤᠯᠤᠭᠰᠠᠨ ᠪᠡᠯᠡ ᠮᠥᠩᠭᠦ ᠨᠢ 5 ᠲᠦᠮᠡᠨ | ᠲᠥᠭᠦᠷᠢᠭ ᠠᠴᠠ ᠬᠡᠲᠦᠷᠡᠭᠰᠡᠨ ᠡᠵᠡᠩᠨᠡᠯᠲᠡ ᠶᠢᠨ ᠦᠨᠡᠮᠯᠡᠯ ᠪᠠᠶᠢᠬᠤ ᠦᠭᠡᠶ᠃ | 5.ᠲᠣᠭᠲᠠᠭᠠᠯ ᠶᠣᠰᠣᠭᠠᠷ ᠬᠠᠮᠲᠤ ᠳᠤᠨᠢ ᠪᠦᠷᠢᠯᠳᠦᠭᠦᠯᠬᠦ ᠶᠣᠰᠣᠲᠠᠢ ᠪᠤᠰᠤᠳ ᠨᠥᠬᠦᠴᠡᠯ᠃ | ︵ᠭᠤᠷᠪᠠ︶ ᠳᠡᠭᠡᠷ᠎ᠡ ᠳᠤᠷᠠᠳᠤᠭᠰᠠᠨ ᠠᠳᠠᠯᠢ ᠨᠥᠬᠦᠴᠡᠯ ᠤᠨ ᠳᠣᠤᠷ᠎ᠠ ᠳᠣᠤᠷᠠᠬᠢ ᠮᠡᠲᠦ ᠬᠡᠷ ᠪᠦᠯᠢ ᠶᠢᠨ | ᠬᠡᠷ ᠪᠠᠶᠢᠰᠢᠩ ᠰᠣᠩᠭᠤᠬᠤ ᠶᠢ ᠤᠷᠢᠳᠠᠪᠠᠷ ᠲᠤᠬᠢᠷᠠᠭᠤᠯᠤᠨ᠎ᠠ | 1.ᠣᠳᠣᠬᠠᠨ ᠳᠤ ᠰᠠᠭᠤᠬᠤ ᠬᠡᠷ ᠥᠬᠡᠶ ᠬᠦᠨᠳᠦ ᠡᠪᠡᠳᠴᠢᠨ ᠲᠠᠢ᠂ ᠵᠡᠮᠳᠡᠭ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠬᠡᠷ ᠪᠦᠯᠢ᠃ | 2.ᠣᠳᠣᠬᠠᠨ ᠳᠤ ᠰᠠᠭᠤᠬᠤ ᠬᠡᠷ ᠪᠠᠶᠢᠬᠤ ᠥᠬᠡᠶ ᠮᠥᠷᠲᠡᠭᠡᠨ ᠬᠤᠲᠠ ᠶᠢᠨ ᠲᠠᠰ ᠠᠴᠠ ᠳᠡᠭᠡᠭᠰᠢᠬᠢ | ᠬᠥᠳᠡᠯᠮᠦᠷᠢ ᠶᠢᠨ ᠵᠢᠱᠢᠶᠡᠴᠢ᠂ ᠬᠤᠶᠠᠳᠤᠭᠠᠷ ᠳᠡᠰ ᠤᠨ ᠭᠠᠪᠢᠶ᠎ᠠ ᠪᠠᠶᠢᠭᠤᠯᠤᠭᠰᠠᠨ ᠴᠡᠷᠢᠭ ᠠᠴᠠ ᠬᠠᠯᠠᠭᠳᠠᠭᠰᠠᠳ ᠤᠨ | ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠬᠡᠷ ᠪᠦᠯᠢ᠃ | ︵ᠲᠥᠷᠪᠡ︶ ᠭᠤᠶᠤᠴᠢᠯᠠᠭᠴᠢ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠪᠠᠲᠤᠯᠠᠭ᠎ᠠ ᠶᠢᠨ ᠴᠢᠨᠠᠷᠲᠠᠶ | ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠭᠤᠶᠤᠴᠢᠯᠠᠵᠤ ᠪᠣᠯᠬᠤ ᠥᠭᠡᠢ | 1.ᠭᠤᠶᠤᠴᠢᠯᠠᠬᠤ ᠠᠴᠠ ᠡᠮᠦᠨ᠎ᠡ 5 ᠵᠢᠯ ᠤᠨ ᠳᠣᠲᠣᠷ᠎ᠠ ᠭᠡᠷ ᠬᠥᠷᠥᠩᠭᠡ ᠪᠠᠨ ᠰᠢᠯᠵᠢᠭᠦᠯᠦᠨ ᠥᠭᠭᠦᠭᠰᠡᠨ ︵ | ᠬᠦᠨᠳᠦ ᠡᠪᠡᠳᠴᠢᠨ᠂ ᠣᠨᠴᠠᠭᠠᠶ ᠪᠠᠶᠢᠳᠠᠯ ᠠᠴᠠ ᠪᠣᠯᠵᠤ ᠶᠠᠳᠠᠭᠤᠷᠠᠭᠰᠠᠨ ᠭᠡᠷ ᠪᠦᠯᠢ ᠪᠠᠭᠲᠠᠬᠤ ᠦᠭᠡᠶ︶᠃ | 2. ᠭᠤᠶᠤᠴᠢᠯᠠᠭᠰᠠᠨ ᠡᠳᠦᠷ ᠠᠴᠠ ᠡᠮᠦᠨ᠎ᠡ 5 ᠵᠢᠯ ᠤᠨ ᠳᠣᠲᠣᠷ᠎ᠠ ᠲᠠᠲᠠᠪᠤᠷᠢᠯᠠᠭᠰᠠᠨ ᠲᠥᠯᠥᠪᠦᠷᠢ ᠶᠢᠨ | ᠵᠣᠭᠤᠰ ᠢ ᠠᠪᠤᠭᠰᠠᠨ ᠪᠠᠶᠢᠬᠤ᠃ | 3.ᠲᠠᠲᠠᠪᠤᠷᠢᠯᠠᠬᠤ ᠲᠥᠯᠥᠪᠦᠷᠢ ᠣᠯᠭᠤᠵᠤ ᠲᠥᠪᠬᠢᠨᠡᠭᠦᠯᠬᠦ ᠰᠢᠯᠵᠢᠯᠲᠡ ᠶᠢᠨ ᠬᠤᠭᠤᠴᠠᠭᠠᠨ ᠳᠤ ᠪᠠᠶᠢᠬᠤ᠃ | 4.ᠪᠠᠲᠤᠯᠠᠭ᠎ᠠ ᠶᠢᠨ ᠴᠢᠨᠠᠷᠲᠠᠶ ᠣᠯᠠᠨ ᠨᠡᠶᠢᠲᠡ ᠶᠢᠨ ᠣᠷᠣᠨ ᠰᠠᠭᠤᠴᠠ ᠶᠢ ᠪᠣᠳᠠᠲᠤ ᠶᠠᠭᠤᠮ᠎ᠠ ᠪᠠᠷ | ᠲᠣᠬᠢᠷᠠᠭᠤᠯᠤᠨ ᠲᠦᠷᠢᠶᠡᠰᠦᠯᠡᠭᠦᠯᠬᠦ ᠪᠤᠶᠤ ᠨᠢᠭᠡᠨᠲᠡ ᠬᠢᠮᠳᠠ ᠲᠣᠬᠢᠯᠢᠭ ᠣᠷᠣᠨ ᠰᠠᠭᠤᠴᠠ ᠬᠤᠳᠠᠯᠳᠤᠨ ᠠᠪᠤᠭᠰᠠᠨ᠂ | ᠪᠠᠯᠠ ᠴᠤᠭᠯᠠᠭᠤᠯᠵᠤ ᠬᠤᠷᠰᠢᠨ ᠬᠡᠷ ᠪᠠᠷᠢᠬᠤ ᠳᠤ ᠣᠷᠣᠯᠴᠠᠭᠰᠠᠨ᠃ | 5.ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ ᠴᠢᠳᠠᠪᠤᠷᠢ ᠥᠬᠡᠶ ᠬᠥᠮᠦᠰ ᠲᠤ ᠵᠣᠭᠤᠰ ᠤᠨ | ᠨᠥᠬᠦᠪᠥᠷᠢ ᠶᠢᠨ ᠪᠠᠲᠤᠯᠠᠭᠠᠠᠪᠤᠭᠰᠠᠨ ᠢ᠂ ᠪᠣᠳᠠᠲᠤ ᠶᠠᠭᠤᠮ᠎ᠠ ᠪᠠᠷ ᠲᠦᠷᠢᠶᠡᠰᠦ ᠲᠦᠭᠡᠭᠡᠬᠦ ᠪᠠᠲᠤᠯᠠᠭ᠎ᠠ ᠶᠢᠨ | ᠬᠡᠪᠴᠢᠶᠡᠨ ᠳᠤ ᠣᠷᠣᠭᠤᠯᠬᠤ ᠥᠬᠡᠶ᠃ | 6.ᠲᠣᠭᠲᠠᠭᠠᠯ ᠶᠣᠰᠣᠭᠠᠷ ᠪᠠᠲᠤᠯᠠᠭ᠎ᠠ ᠶᠢᠨ ᠴᠢᠨᠠᠷᠲᠠᠢ ᠤᠯᠠᠨ ᠨᠡᠶᠢᠲᠡ ᠶᠢᠨ ᠲᠦᠷᠢᠶᠡᠰᠦᠨ ᠣᠷᠣᠨ | ᠰᠠᠭᠤᠴᠠ ᠶᠢ ᠭᠤᠶᠤᠴᠢᠯᠠᠵᠤ ᠪᠣᠯᠬᠤ ᠦᠭᠡᠢ ᠪᠤᠰᠤᠳ ᠪᠠᠶᠢᠳᠠᠯ᠃ | ᠭᠤᠷᠪᠠ᠂ ᠨᠡᠶᠢᠲᠡ ᠶᠢᠨ ᠣᠷᠣᠨ ᠰᠠᠭᠤᠴᠠ ᠶᠢ ᠭᠤᠶᠤᠴᠢᠯᠠᠬᠤ ᠳᠤ ᠲᠤᠰᠢᠶᠠᠬᠤ ᠴᠢᠬᠤᠯᠠᠲᠠᠶ ᠮᠠᠲ᠋ᠧᠷᠢᠶᠠᠯ ᠢ | ᠭᠤᠶᠤᠴᠢᠯᠠᠭᠰᠠᠨ ᠭᠡᠷ ᠪᠦᠯᠢ ᠨᠢ ᠲᠡᠭᠦᠨ ᠤ ᠰᠠᠭᠤᠵᠤ ᠪᠠᠶᠢᠭ᠎ᠠ ᠭᠠᠵᠠᠷ ᠤᠨ ᠲᠤᠰᠬᠤᠨ ᠤ ᠠᠷᠠᠳ ᠤᠨ ᠵᠥᠪᠯᠡᠯ ︵ | ᠰᠠᠭᠤᠭᠠᠯᠢ ᠠᠷᠠᠳ ᠤᠨ ᠵᠥᠪᠯᠡᠯ︶ ᠳᠤ ᠳᠣᠣᠷᠠᠬᠢ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠶ᠄ | ︵ᠨᠢᠭᠡ︶ ᠭᠤᠶᠤᠴᠢᠯᠠᠭᠰᠠᠨ ᠬᠡᠷ ᠪᠦᠯᠢ ᠶᠢᠨ ᠦᠨᠳᠦᠰᠦᠨ ᠮᠠᠲ᠋ᠧᠷᠢᠶᠠᠯ ᠃ ᠬᠡᠷ ᠪᠦᠯᠢ ᠶᠢᠨ ᠦᠨᠳᠦᠰᠦᠨ | ᠪᠠᠶᠢᠳᠠᠯ ᠤᠨ ᠭᠤᠶᠤᠴᠢᠯᠠᠯ ᠤᠨ ᠪᠢᠴᠢᠭ᠂ ᠬᠡᠷ ᠪᠦᠯᠢ ᠶᠢᠨ ᠦᠨᠳᠦᠰᠦᠨ ᠮᠡᠳᠡᠭᠡ ᠵᠠᠩᠭᠢ ᠶᠢ ︽ᠨᠡᠶᠢᠲᠡ ᠶᠢᠨ | ᠲᠦᠷᠢᠶᠡᠰᠦᠯᠡᠯ ᠤᠨ ᠬᠡᠷ ᠪᠠᠶᠢᠰᠢᠩ ᠤᠨ ᠮᠡᠳᠡᠭᠡ ᠵᠠᠩᠭᠢ ᠶᠢᠨ ᠰᠢᠰᠲ᠋ᠧᠮ︾ ᠤᠨ ᠰᠦᠯᠵᠢᠶᠡᠨ ᠤ ᠠᠯᠪᠠᠯᠠᠬᠤ | ᠰᠢᠰᠲ᠋ᠧᠮ ᠳᠤ ᠦᠨᠡᠨ ᠮᠥᠨ ᠢᠶᠠᠷ ᠨᠢ ᠪᠢᠴᠢᠵᠦ ᠣᠷᠣᠭᠤᠯᠬᠤ ᠬᠡᠷᠡᠭᠲᠡᠶ᠃ | ︵ᠬᠤᠶᠠᠷ︶ ᠭᠤᠶᠤᠴᠢᠯᠠᠭᠰᠠᠨ ᠬᠡᠷ ᠪᠦᠯᠢ ᠶᠢᠨ ᠡᠷᠦᠬᠡ ᠠᠮᠠ ᠶᠢᠨ ᠬᠠᠷᠢᠶ᠎ᠠ ᠶᠢᠨ ᠮᠠᠲ᠋ᠧᠷᠢᠶᠠᠯ᠃ | ᠭᠤᠶᠤᠴᠢᠯᠠᠭᠰᠠᠨ ᠭᠡᠷ ᠪᠦᠯᠢ ᠶᠢᠨ ᠡᠷᠦᠬᠡ ᠠᠮᠠ ᠶᠢᠨ ᠳᠡᠪᠲᠡᠷ᠂ ᠭᠡᠷ ᠪᠦᠯᠢ ᠶᠢᠨ ᠪᠦᠷᠢᠯᠳᠦᠬᠦᠨ ᠤ ᠡᠷᠦᠬᠡ | ᠠᠮᠠ ᠶᠢᠨ ᠭᠡᠷᠡᠴᠢ ᠵᠢᠴᠢ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠬᠢᠭᠡᠳ ᠪᠠᠭᠤᠯᠭᠠᠪᠤᠷᠢ᠃ | ︵ᠭᠤᠷᠪᠠ︶ ᠭᠤᠶᠤᠴᠢᠯᠠᠭᠴᠢ ᠶᠢᠨ ᠤᠷᠤᠬ ᠤᠨ ᠪᠠᠶᠢᠳᠠᠯ ᠤᠨ ᠭᠡᠷᠡᠴᠢ᠃ ᠲᠤᠬᠠᠶᠢᠯᠠᠪᠠᠯ ᠤᠷᠤᠭ ᠤᠨ | ᠦᠨᠡᠮᠯᠡᠯ᠂ ᠤᠷᠤᠭ ᠰᠠᠯᠤᠭᠰᠠᠨ ᠦᠨᠡᠮᠯᠡᠯ ︵ᠤᠷᠤᠭ ᠰᠠᠯᠤᠭᠰᠠᠨ ᠲᠠᠰᠤᠯᠤᠯᠲᠠ ᠶᠢᠨ ᠪᠢᠴᠢᠭ︶ ᠪᠣᠯᠤᠨ᠎ᠠ᠂ ᠨᠠᠰᠤ | ᠪᠠᠷᠠᠭᠰᠠᠨ ᠪᠤᠯ ᠨᠠᠰᠤ ᠪᠠᠷᠠᠭᠰᠠᠨ ᠭᠡᠷᠡᠴᠢ ᠶᠢ ᠬᠠᠩᠭᠠᠬᠤ ᠬᠡᠷᠡᠭᠲᠡᠶ᠂ ᠬᠡᠷᠪᠡ ᠭᠤᠶᠤᠴᠢᠯᠠᠭᠴᠢ ᠶᠢᠨ ᠨᠠᠰᠤ ᠨᠢ | ᠨᠡᠯᠢᠶᠡᠳ ᠶᠡᠭᠡ ᠵᠡᠷᠭᠡ ᠰᠢᠯᠲᠠᠭᠠᠨ ᠠᠴᠠ ᠪᠤᠯᠵᠤ ᠬᠤᠯᠪᠣᠭᠳᠠᠯ ᠪᠦᠬᠦᠢ ᠭᠡᠷᠡᠴᠢ ᠶᠢ ᠭᠠᠷᠭᠠᠵᠤ ᠦᠵᠡᠭᠦᠯᠬᠦ ᠳᠤ | ᠦᠨᠡᠬᠡᠷ ᠬᠦᠴᠢᠷᠲᠡᠶ ᠪᠠᠶᠢᠪᠠᠯ᠂ ᠮᠦ ᠵᠢᠶᠠ ᠶᠢᠩᠽᠢ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠠᠴᠠ ᠭᠡᠷᠡᠴᠢ ᠭᠠᠷᠭᠠᠨ ᠥᠭᠴᠦ᠂ ᠭᠤᠶᠤᠴᠢᠯᠠᠭᠴᠢ ᠠᠴᠠ ᠲᠤᠰ ᠭᠡᠷᠡᠴᠢ ᠶᠢᠨ ᠤᠭ ᠮᠠᠲ᠋ᠧᠷᠢᠶᠠᠯ ᠵᠢᠴᠢ | ᠪᠠᠭᠤᠯᠭᠠᠪᠤᠷᠢ ᠶᠢ ᠲᠤᠰᠢᠶᠠᠵᠤ ᠪᠣᠯᠤᠨ᠎ᠠ᠃ | ︵ᠳᠥᠷᠪᠡ︶ ᠭᠤᠶᠤᠴᠢᠯᠠᠭᠰᠠᠨ ᠬᠡᠷ ᠪᠦᠯᠢ ᠶᠢᠨ ᠣᠷᠣᠯᠭ᠎ᠠ ᠶᠢᠨ ᠪᠠᠶᠢᠳᠠᠯ ᠤᠨ ᠭᠡᠷᠡᠴᠢᠯᠡᠯ᠃ | ᠭᠤᠶᠤᠴᠢᠯᠠᠭᠴᠢ ᠨᠢ ᠲᠣᠭᠲᠠᠮᠠᠯ ᠣᠷᠣᠯᠭ᠎ᠠ ᠲᠠᠢ ᠪᠠᠶᠢᠪᠠᠯ ᠴᠠᠯᠢᠩ ᠤᠨ ᠣᠷᠣᠯᠭ᠎ᠠ ᠶᠢᠨ ᠭᠡᠷᠡᠴᠢ ᠪᠤᠶᠤ ᠨᠡᠶᠢᠭᠡᠮ ᠤᠨ | ᠳᠠᠭᠠᠳᠬᠠᠯ ᠤᠨ ᠮᠥᠩᠭᠦ ᠠᠪᠤᠭᠰᠠᠨ ᠭᠡᠷᠡᠴᠢ ᠭᠠᠷᠭᠠᠵᠤ ᠥᠭᠬᠦ ᠬᠡᠷᠡᠭᠲᠡᠶ︔ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠬᠡᠷ ᠪᠦᠯᠢ ᠪᠣᠯᠤᠨ ᠠᠰᠠᠷᠠᠨ ᠬᠠᠷᠠᠭᠠᠯᠵᠠᠬᠤ ᠬᠡᠷ ᠪᠦᠯᠢ ᠨᠢ ᠠᠷᠠᠳ ᠤᠨ ᠶᠠᠪᠤᠳᠠᠯ ᠤᠨ ᠰᠠᠯᠠᠭ᠎ᠠ | ᠮᠥᠴᠢᠷ ᠤᠨ ᠬᠢᠨᠠᠨ ᠣᠯᠭᠤᠭᠰᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷᠡᠴᠢ ᠪᠣᠯᠤᠨ ᠠᠰᠠᠷᠠᠨ | ᠬᠠᠷᠠᠭᠠᠯᠵᠠᠬᠤ ᠭᠡᠷᠡᠴᠢ ᠪᠤᠶᠤ ᠬᠠᠮᠢᠶ᠎ᠠ ᠪᠥᠬᠦᠶ ᠬᠢᠨᠠᠨ ᠵᠥᠪᠰᠢᠶᠡᠷᠡᠭᠦᠯᠬᠦ ᠭᠠᠷᠳᠠᠮ ᠤᠨ ᠣᠭ ᠮᠠᠲ᠋ᠧᠷᠢᠶᠠᠯ ᠪᠣᠯᠤᠨ | ᠪᠠᠭᠤᠯᠭᠠᠪᠤᠷᠢ ᠶᠢ ᠬᠠᠩᠭᠠᠬᠤ ᠬᠡᠷᠡᠭᠲᠡᠶ᠃ | ︵ᠲᠠᠪᠤ︶ ᠣᠲᠣ ᠶᠢᠨ ᠣᠷᠣᠨ ᠰᠠᠭᠤᠴᠠ ᠶᠢᠨ ᠪᠠᠶᠢᠳᠠᠯ ᠤᠨ ᠭᠡᠷᠡᠴᠢ᠃ ᠭᠤᠶᠤᠴᠢᠯᠠᠭᠴᠢ ᠨᠢ ᠬᠤᠲᠠ ᠶᠢᠨ | ᠬᠡᠷ ᠬᠥᠷᠥᠩᠭᠡ ᠶᠢᠨ ᠲᠣᠪᠴᠢᠶ᠎ᠠ ᠶᠢᠨ ᠭᠠᠷᠭᠠᠭᠰᠠᠨ ᠭᠤᠶᠤᠴᠢᠯᠠᠭᠰᠠᠨ ᠬᠡᠷ ᠪᠦᠯᠢ ᠶᠢᠨ ᠪᠦᠷᠢᠯᠳᠦᠬᠦᠨ ᠤ ᠡᠵᠡᠮᠰᠢᠵᠦ | ᠪᠠᠶᠢᠭ᠎ᠠ ᠲᠠᠸᠠᠷ ᠤᠨ ᠬᠡᠷ ᠪᠠᠶᠢᠰᠢᠩ ︵ᠬᠡᠷ ᠪᠠᠶᠢᠰᠢᠩ ᠤᠨ ᠣᠷᠣᠨ ᠪᠠᠶᠢᠷᠢ ᠪᠠ ᠪᠣᠳᠠᠲᠠᠶ ᠲᠠᠯᠠᠪᠠᠶ ᠶᠢ | ᠲᠣᠳᠣᠷᠬᠠᠶᠢᠯᠠᠨ᠎ᠠ︶ ᠤᠨ ᠭᠡᠷᠡᠴᠢᠯᠡᠯ ᠤᠨ ᠣᠭ ᠮᠠᠲ᠋ᠧᠷᠢᠶᠠᠯ ᠪᠤᠶᠤ ᠬᠡᠷ ᠪᠠᠶᠢᠰᠢᠩ ᠥᠬᠡᠶ ᠭᠡᠷᠡᠴᠢᠯᠡᠯ ᠤᠨ ᠣᠭ | ᠮᠠᠲ᠋ᠧᠷᠢᠶᠠᠯ ᠵᠢᠴᠢ ᠬᠡᠷ ᠬᠥᠷᠥᠩᠭᠡ ᠶᠢᠨ ᠦᠨᠡᠮᠯᠡᠯ ᠤᠨ ᠣᠭ ᠮᠠᠲ᠋ᠧᠷᠢᠶᠠᠯ ᠪᠠ ᠪᠠᠭᠤᠯᠭᠠᠪᠤᠷᠢ ᠶᠢ ᠬᠠᠩᠭᠠᠵᠤ᠂ | ᠲᠦᠷᠢᠶᠡᠰᠦᠯᠡᠨ ᠰᠠᠭᠤᠭᠴᠢ ᠨᠢ ᠬᠡᠷ ᠲᠦᠷᠢᠶᠡᠰᠦᠯᠡᠬᠦ ᠬᠡᠯᠡᠯᠴᠡᠭᠡᠷ ᠤᠨ ᠣᠭ ᠮᠠᠲ᠋ᠧᠷᠢᠶᠠᠯ ᠪᠠ ᠪᠠᠭᠤᠯᠭᠠᠪᠤᠷᠢ ᠶᠢ | ᠬᠠᠩᠭᠠᠨ᠎ᠠ᠃ | ︵ᠵᠢᠷᠭᠤᠭ᠎ᠠ︶ ᠭᠤᠶᠤᠴᠢᠯᠠᠭᠰᠠᠨ ᠬᠡᠷ ᠪᠦᠯᠢ ᠶᠢᠨ ᠡᠳ᠋ ᠬᠥᠷᠥᠩᠭᠡ ᠶᠢᠨ ᠪᠠᠶᠢᠳᠠᠯ ᠤᠨ ᠭᠡᠷᠡᠴᠢ᠃ | ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠭᠠᠷᠭᠠᠭᠰᠠᠨ ᠭᠤᠶᠤᠴᠢᠯᠠᠭᠰᠠᠨ ᠬᠡᠷ ᠪᠦᠯᠢ ᠶᠢᠨ ᠲᠡᠷᠭᠡ | ᠬᠥᠰᠬᠡ ᠶᠢᠨ ᠪᠠᠶᠢᠳᠠᠯ ᠤᠨ ᠭᠡᠷᠡᠴᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ | ᠭᠠᠷᠭᠠᠭᠰᠠᠨ ᠬᠡᠷ ᠪᠦᠯᠢ ᠶᠢᠨ ᠡᠵᠡᠩᠨᠡᠯᠲᠡ ᠶᠢᠨ ᠳᠡᠩᠰᠡᠯᠡᠯᠲᠡ ᠬᠢᠯᠭᠡᠬᠦ ᠪᠠᠷ ᠭᠤᠶᠤᠴᠢᠯᠠᠭᠰᠠᠨ ᠭᠡᠷᠡᠴᠢ᠃ | ︵ᠳᠣᠯᠤᠭ᠎ᠠ︶ ᠲᠣᠭᠲᠠᠭᠠᠯ ᠶᠣᠰᠣᠭᠠᠷ ᠬᠡᠷ ᠰᠣᠩᠭᠤᠬᠤ ᠶᠢ ᠤᠷᠢᠳᠠᠪᠠᠷ ᠳᠣᠭᠢᠷᠠᠭᠤᠯᠬᠤ ᠳᠤ ᠳᠣᠤᠷᠠᠬᠢ | ᠭᠡᠷᠡᠴᠢ ᠦᠨᠡᠮᠯᠡᠯ ᠢ ᠬᠠᠮᠲᠤ ᠳᠤᠨᠢ ᠬᠠᠩᠭᠠᠬᠤ ᠬᠡᠷᠡᠭᠲᠡᠶ᠄ ᠬᠤᠲᠠ ᠶᠢᠨ ᠱᠠᠲᠤᠨ ᠠᠴᠠ ᠳᠡᠭᠡᠭᠰᠢᠬᠢ ᠬᠥᠳᠡᠯᠮᠦᠷᠢ ᠶᠢᠨ | ᠵᠢᠱᠢᠶᠡᠴᠢ᠂ ᠬᠤᠶᠠᠳᠤᠭᠠᠷ ᠳᠡᠰ ᠠᠴᠠ ᠳᠡᠭᠡᠭᠰᠢᠬᠢ ᠭᠠᠪᠢᠶ᠎ᠠ ᠪᠠᠶᠢᠭᠤᠯᠤᠭᠰᠠᠨ ᠴᠡᠷᠢᠭ ᠠᠴᠠ ᠬᠠᠯᠠᠭᠳᠠᠭᠰᠠᠨ ᠬᠥᠮᠦᠨ᠂ | ᠬᠦᠨᠳᠦ ᠡᠪᠡᠳᠴᠢᠨ ᠲᠠᠢ᠂ ᠵᠡᠮᠳᠡᠭ ᠬᠡᠷ ᠪᠦᠯᠢ ᠵᠡᠷᠭᠡ ᠬᠠᠮᠢᠶ᠎ᠠ ᠪᠥᠬᠦᠶ ᠭᠡᠷᠡᠴᠢ ᠦᠨᠡᠮᠯᠡᠯ ᠢ ᠬᠠᠮᠲᠤ ᠳᠤᠨᠢ | ᠬᠠᠩᠭᠠᠬᠤ ᠬᠡᠷᠡᠭᠲᠡᠶ᠃ | ︵ᠨᠠᠢᠮᠠ︶ ᠲᠣᠭᠲᠠᠭᠠᠯ ᠶᠣᠰᠣᠭᠠᠷ ᠳᠡᠪᠰᠢᠭᠦᠯᠦᠨ ᠲᠤᠰᠢᠶᠠᠬᠤ ᠶᠣᠰᠣᠲᠠᠶ ᠪᠤᠰᠤᠳ ᠮᠠᠲ᠋ᠧᠷᠢᠶᠠᠯ᠃ | ᠲᠠᠪᠤ᠂ ᠪᠠᠲᠤᠯᠠᠭ᠎ᠠ ᠶᠢᠨ ᠴᠢᠨᠠᠷᠲᠠᠶ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠭᠤᠶᠤᠴᠢᠯᠠᠬᠤ | ᠂ ᠬᠢᠨᠠᠨ ᠬᠠᠷᠭᠤᠭᠤᠯᠬᠤ ᠲᠠᠰ ᠳᠠᠷᠠᠭᠠᠯᠠᠯ | ︵ᠨᠢᠭᠡ︶ ᠮᠡᠳᠡᠭᠦᠯᠬᠦ ᠴᠠᠭ᠄ 2022 ᠣᠨ ᠤ 4 ᠰᠠᠷ᠎ᠠ ᠶᠢᠨ 1 ᠤ ᠡᠳᠦᠷ ᠠᠴᠠ 4 ᠰᠠᠷ᠎ᠠ ᠶᠢᠨ 30 ᠤ | ᠡᠳᠦᠷ ᠪᠣᠯᠲᠠᠯ᠎ᠠ᠃ | 2022 ᠣᠨ ᠤ 4 ᠰᠠᠷ᠎ᠠ ᠶᠢᠨ 1 ᠤ ᠡᠳᠦᠷ᠂ ᠲᠣᠰᠬᠤᠨ ᠤ ᠠᠷᠠᠳ ᠤᠨ ᠵᠥᠪᠯᠡᠯ ︵ᠰᠠᠭᠤᠭᠠᠯᠢ | ᠠᠷᠠᠳ ᠤᠨ ᠵᠥᠪᠯᠡᠯ︶ ᠮᠦ ᠵᠢᠶᠠ ᠶᠢᠩᠽᠢ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠤᠳᠤᠷᠢᠳᠤᠯᠭ᠎ᠠ ᠳᠣᠣᠷ᠎ᠠ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ | ᠭᠤᠶᠤᠴᠢᠯᠠᠭᠴᠢ ᠨᠢ ᠡᠷᠦᠬᠡ ᠠᠮᠠ ᠶᠢᠨ ᠪᠠᠶᠢᠭ᠎ᠠ ᠭᠠᠵᠠᠷ ︵ᠪᠤᠶᠤ ᠰᠠᠭᠤᠭ᠎ᠠ ᠭᠠᠵᠠᠷ︶ ᠤᠨ ᠲᠤᠰᠬᠤᠨ ᠤ | ᠠᠷᠠᠳ ᠤᠨ ᠵᠥᠪᠯᠡᠯ ︵ᠰᠠᠭᠤᠭᠠᠯᠢ ᠠᠷᠠᠳ ᠤᠨ ᠵᠥᠪᠯᠡᠯ︶ ᠳᠤ ᠲᠣᠰ ᠲᠥᠰᠦᠯ ᠳᠤ ᠲᠣᠭᠲᠠᠭᠠᠭᠰᠠᠨ ᠮᠠᠲ᠋ᠧᠷᠢᠶᠠᠯ ᠢ | ᠲᠤᠰᠢᠶᠠᠨ᠎ᠠ᠃ ᠮᠠᠲ᠋ᠧᠷᠢᠶᠠᠯ ᠨᠢ ᠪᠦᠷᠢᠨ ᠭᠦᠢᠴᠡᠳ ᠪᠠᠶᠢᠪᠠᠯ᠂ ᠲᠤᠰᠬᠤᠨ ᠤ ᠠᠷᠠᠳ ᠤᠨ ᠵᠥᠪᠯᠡᠯ ︵ᠰᠠᠭᠤᠭᠠᠯᠢ | ᠠᠷᠠᠳ ᠤᠨ ᠵᠥᠪᠯᠡᠯ︶ ᠠᠴᠠ ᠬᠦᠯᠢᠶᠡᠨ ᠠᠪᠴᠤ ᠰᠢᠢᠳᠪᠦᠷᠢᠯᠡᠨ᠎ᠡ︔ ᠮᠠᠲ᠋ᠧᠷᠢᠶᠠᠯ ᠨᠢ ᠪᠦᠷᠢᠨ ᠪᠤᠰᠤ ᠪᠠᠶᠢᠪᠠᠯ᠂ 5 | ᠠᠵᠢᠯᠯᠠᠬᠤ ᠡᠳᠦᠷ ᠤᠨ ᠳᠣᠲᠣᠷ᠎ᠠ ᠨᠥᠬᠦᠪᠥᠷᠢᠯᠡᠨ ᠵᠠᠯᠠᠷᠠᠭᠤᠯᠬᠤ ᠮᠠᠲ᠋ᠧᠷᠢᠶᠠᠯ ᠢ ᠨᠢᠭᠡ ᠯᠡ ᠤᠳᠠᠭ᠎ᠠ ᠶᠢᠨ | ᠴᠢᠨᠠᠷᠲᠠᠶ ᠪᠠᠷ ᠮᠡᠳᠡᠭᠳᠡᠬᠦ ᠬᠡᠷᠡᠭᠲᠡᠶ︔ ᠲᠣᠭᠲᠠᠭᠠᠯ ᠶᠣᠰᠣᠭᠠᠷ ᠬᠦᠯᠢᠶᠡᠨ ᠠᠪᠴᠤ ᠰᠢᠢᠳᠪᠦᠷᠢᠯᠡᠬᠦ ᠦᠭᠡᠢ ᠪᠠᠶᠢᠪᠠᠯ᠂ | ᠬᠦᠯᠢᠶᠡᠨ ᠠᠪᠴᠤ ᠰᠢᠢᠳᠪᠦᠷᠢᠯᠡᠬᠦ ᠦᠭᠡᠢ ᠬᠡᠷᠡᠴᠢ ᠪᠠᠷᠢᠮᠲᠠ ᠭᠠᠷᠭᠠᠵᠤ ᠥᠭᠬᠦ ᠶᠢᠨ ᠬᠠᠮᠲᠤ ᠤᠴᠢᠷ | ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃ | ︵ᠬᠤᠶᠠᠷ︶ ᠠᠩᠬ᠎ᠠ ᠬᠢᠨᠠᠬᠤ ᠴᠠᠭ᠄ 2022 ᠣᠨ ᠤ 5 ᠰᠠᠷ᠎ᠠ ᠶᠢᠨ 8 ᠤ ᠡᠳᠦᠷ ᠠᠴᠠ 5 ᠰᠠᠷ᠎ᠠ ᠶᠢᠨ | 24 ᠤ ᠡᠳᠦᠷ ᠪᠣᠯᠲᠠᠯ᠎ᠠ᠃ | 2022 ᠣᠨ ᠤ 5 ᠰᠠᠷ᠎ᠠ ᠶᠢᠨ 8 ᠤ ᠡᠳᠦᠷ᠂ ᠲᠤᠰᠬᠤᠨ ᠤ ᠠᠷᠠᠳ ᠤᠨ ᠵᠥᠪᠯᠡᠯ ︵ᠰᠠᠭᠤᠭᠠᠯᠢ | ᠠᠷᠠᠳ ᠤᠨ ᠵᠥᠪᠯᠡᠯ︶ ᠨᠢ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠭᠤᠶᠤᠴᠢᠯᠠᠯ ᠢ ᠬᠦᠯᠢᠶᠡᠨ ᠠᠪᠤᠭᠰᠠᠨ ᠭᠡᠷ | ᠪᠦᠯᠢ ᠶᠢᠨ ᠮᠠᠲ᠋ᠧᠷᠢᠶᠠᠯ ᠢ ᠮᠦ ᠵᠢᠶᠠ ᠶᠢᠩᠽᠢ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠲᠤ ᠮᠡᠳᠡᠭᠦᠯᠵᠦ᠂ ᠮᠦ ᠵᠢᠶᠠ ᠶᠢᠩᠽᠢ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠤᠨ ᠬᠢᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠣᠯᠤᠭᠰᠠᠨ ᠡᠳᠦᠷ ᠠᠴᠠ ᠡᠬᠢᠯᠡᠨ 10 ᠠᠵᠢᠯᠯᠠᠬᠤ | ᠡᠳᠦᠷ ᠤᠨ ᠳᠣᠲᠣᠷ᠎ᠠ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠳᠤ ᠠᠩᠬᠠᠨ ᠤ ᠬᠢᠨᠠᠯᠲᠠ ᠬᠢᠵᠦ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶ᠎ᠠ᠂ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠲᠠᠢ ᠬᠠᠮᠲᠤᠷᠠᠨ ᠭᠡᠷ ᠪᠦᠯᠢ ᠶᠢᠨ ᠦᠢᠯᠡᠳᠪᠦᠷᠢ | ᠬᠤᠳᠠᠯᠳᠤᠭᠠᠨ ᠤ ᠳᠠᠩᠰᠠᠯᠠᠯ᠂ ᠲᠡᠷᠭᠡ ᠬᠥᠰᠬᠡ ᠶᠢᠨ ᠳᠠᠩᠰᠠᠯᠠᠯ᠂ ᠡᠷᠦᠬᠡ ᠠᠮᠠ ᠶᠢᠨ ᠲᠠᠩᠰᠠ᠂ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢ ᠬᠢᠨᠠᠨ ᠬᠠᠷᠭᠤᠭᠤᠯᠬᠤ ᠪᠠᠷ ᠭᠤᠶᠤᠴᠢᠯᠠᠬᠤ ᠵᠡᠷᠭᠡ ᠠᠵᠢᠯ ᠢ ᠰᠠᠶᠢᠲᠤᠷ ᠬᠢᠬᠦ | ᠬᠡᠷᠡᠭᠲᠡᠢ᠃ ᠨᠥᠬᠦᠴᠡᠯ ᠳᠤ ᠨᠡᠶᠢᠴᠡᠬᠦ ᠶᠢ ᠨᠢ ᠠᠩᠬ᠎ᠠ ᠬᠢᠨᠠᠭᠴᠢ ᠠᠴᠠ ᠵᠣᠬᠢᠴᠠᠩᠭᠤᠶ ᠬᠦᠰᠦᠨᠦᠭᠲᠦ᠂ ᠭᠡᠷᠡᠴᠢᠯᠡᠬᠦ | ᠮᠠᠲ᠋ᠧᠷᠢᠶᠠᠯ ᠤᠨ ᠪᠠᠭᠤᠯᠭᠠᠪᠤᠷᠢ ᠳᠡᠭᠡᠷ᠎ᠡ ᠭᠠᠷ ᠤᠨ ᠦᠰᠦᠭ ᠵᠢᠷᠤᠵᠤ᠂ ᠲᠠᠮᠠᠭ᠎ᠠ ᠳᠠᠷᠤᠵᠤ ᠨᠤᠲᠠᠯᠠᠬᠤ ᠶᠢᠨ ᠬᠠᠮᠲᠤ | ᠠᠩᠬ᠎ᠠ ᠬᠢᠨᠠᠯᠲᠠ ᠳᠤ ᠬᠢᠷᠢ ᠲᠡᠩᠴᠡᠭᠰᠡᠨ ᠨᠡᠷᠡᠰ ᠢ ᠭᠤᠶᠤᠴᠢᠯᠠᠭᠴᠢ ᠶᠢᠨ ᠪᠠᠶᠢᠭ᠎ᠠ ᠲᠤᠰᠬᠤᠨ᠂ ᠨᠡᠶᠢᠭᠡᠮ | ᠲᠣᠭᠤᠷᠢᠭ ᠲᠤ 7 ᠡᠳᠦᠷ ᠵᠠᠷᠯᠠᠨ ᠨᠡᠶᠢᠲᠡᠯᠡᠨ᠎ᠡ᠃ ᠡᠭᠦᠨ ᠤ ᠬᠠᠮᠲᠤ ᠭᠤᠶᠤᠴᠢᠯᠠᠭᠰᠠᠨ ᠬᠡᠷ ᠪᠦᠯᠢ ᠶᠢᠨ ᠮᠡᠳᠡᠭᠡ | ᠵᠠᠩᠭᠢ ᠪᠠ ᠬᠠᠩᠭᠠᠭᠰᠠᠨ ᠮᠠᠲ᠋ᠧᠷᠢᠶᠠᠯ ᠭᠡᠷᠡᠴᠢ ᠦᠨᠡᠮᠯᠡᠯ ᠢ ︽ᠨᠡᠶᠢᠲᠡ ᠶᠢᠨ ᠲᠦᠷᠢᠶᠡᠰᠦᠨ ᠬᠡᠷ ᠪᠠᠶᠢᠰᠢᠩ ᠤᠨ | ᠮᠡᠳᠡᠭᠡ ᠵᠠᠩᠭᠢ ᠶᠢᠨ ᠰᠢᠰᠲ᠋ᠧᠮ︾ ᠤᠨ ᠰᠦᠯᠵᠢᠶᠡᠨ ᠤ ᠠᠯᠪᠠᠯᠠᠬᠤ ᠰᠢᠰᠲ᠋ᠧᠮ ᠳᠤ ᠪᠢᠴᠢᠵᠦ ᠣᠷᠣᠭᠤᠯᠤᠨ᠎ᠠ᠃ | ᠵᠠᠷᠯᠠᠨ ᠨᠡᠶᠢᠲᠡᠯᠡᠭᠰᠡᠨ ᠳᠤ ᠣᠨᠳᠣᠣ ᠰᠠᠨᠠᠯ ᠦᠭᠡᠢ ᠪᠤᠶᠤ ᠣᠨᠳᠣᠣ ᠰᠠᠨᠠᠯ ᠨᠢ ᠵᠦᠢ ᠶᠣᠰᠣᠨ ᠳᠤ ᠨᠡᠶᠢᠴᠡᠬᠦ ᠦᠭᠡᠢ | ᠪᠠᠶᠢᠪᠠᠯ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠳᠤ ᠮᠡᠳᠡᠭᠦᠯᠦᠨ᠎ᠡ︔ ᠠᠩᠬᠠᠨ ᠤ ᠬᠢᠨᠠᠯᠲᠠ ᠳᠤ | ᠬᠢᠷᠢ ᠲᠡᠩᠴᠡᠭᠰᠡᠨ ᠦᠭᠡᠢ ᠪᠤᠶᠤ ᠣᠨᠳᠣᠣ ᠰᠠᠨᠠᠯ ᠨᠢ ᠵᠦᠢ ᠶᠣᠰᠣᠨ ᠳᠤ ᠨᠡᠶᠢᠴᠡᠭᠰᠡᠨ ᠪᠠᠶᠢᠪᠠᠯ᠂ ᠮᠡᠳᠡᠭᠦᠯᠦᠭᠰᠡᠨ | ᠮᠠᠲ᠋ᠧᠷᠢᠶᠠᠯ ᠢ ᠲᠤᠰᠬᠤᠨ ᠤ ᠠᠷᠠᠳ ᠤᠨ ᠵᠥᠪᠯᠡᠯ ︵ᠰᠠᠭᠤᠭᠠᠯᠢ ᠠᠷᠠᠳ ᠤᠨ ᠵᠥᠪᠯᠡᠯ︶ ᠳᠤ ᠪᠤᠴᠠᠭᠠᠬᠤ ᠶᠢᠨ | ᠬᠠᠮᠲᠤ ᠤᠴᠢᠷ ᠰᠢᠯᠲᠠᠭᠠᠨ ᠢ ᠨᠢ ᠲᠣᠳᠣᠷᠬᠠᠶᠢᠯᠠᠨ᠎ᠠ᠃ | ︵ᠭᠤᠷᠪᠠ︶ ᠳᠠᠬᠢᠨ ᠬᠢᠨᠠᠬᠤ ᠴᠠᠭ᠄ 2022 ᠣᠨ ᠤ 5 ᠰᠠᠷ᠎ᠠ ᠶᠢᠨ 25 ᠤ ᠡᠳᠦᠷ ᠠᠴᠠ 6 ᠰᠠᠷ᠎ᠠ ᠶᠢᠨ | 4 ᠤ ᠡᠳᠦᠷ ᠪᠣᠯᠲᠠᠯ᠎ᠠ᠃ | 2022 ᠣᠨ ᠤ 5 ᠰᠠᠷ᠎ᠠ ᠶᠢᠨ 25 ᠤ ᠡᠳᠦᠷ ᠮᠦ ᠵᠢᠶᠠ ᠶᠢᠩᠽᠢ ᠪᠠᠯᠭᠠᠰᠤ᠂ ᠡᠯ᠎ᠡ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠠᠩᠬ᠎ᠠ ᠬᠢᠨᠠᠯᠲᠠ ᠳᠤ ᠬᠢᠷᠢ ᠲᠡᠩᠴᠡᠭᠰᠡᠨ ᠭᠡᠷ ᠪᠦᠯᠢ ᠶᠢᠨ | ᠮᠠᠲ᠋ᠧᠷᠢᠶᠠᠯ ᠢ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠳᠤ ᠮᠡᠳᠡᠭᠦᠯᠵᠦ᠂ ᠲᠣᠭᠤᠷᠢᠭ ᠤᠨ ᠠᠷᠠᠳ ᠤᠨ | ᠶᠠᠪᠤᠳᠠᠯ ᠤᠨ ᠲᠣᠪᠴᠢᠶ᠎ᠠ ᠮᠡᠳᠡᠭᠦᠯᠦᠯᠲᠡ ᠶᠢᠨ ᠮᠠᠲ᠋ᠧᠷᠢᠶᠠᠯ ᠢ ᠣᠯᠤᠭᠰᠠᠨ ᠡᠳᠦᠷ ᠠᠴᠠ ᠡᠬᠢᠯᠡᠨ 10 ᠡᠳᠦᠷ ᠤᠨ | ᠳᠣᠲᠣᠷ᠎ᠠ᠂ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ | ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠲᠠᠢ ᠬᠠᠮᠲᠤᠷᠠᠨ | ᠭᠤᠶᠤᠴᠢᠯᠠᠭᠰᠠᠨ ᠬᠡᠷ ᠪᠦᠯᠢ ᠶᠢᠨ ᠬᠤᠯᠪᠣᠭᠳᠠᠯ ᠪᠥᠬᠦᠶ ᠣᠷᠣᠯᠭ᠎ᠠ ᠶᠢᠨ ᠲᠡᠮᠳᠡᠭᠯᠡᠯ ᠢ ᠰᠢᠯᠵᠢᠭᠦᠯᠦᠨ ᠠᠪᠴᠤ᠂ | ᠭᠤᠶᠤᠴᠢᠯᠠᠭᠰᠠᠨ ᠬᠡᠷ ᠪᠦᠯᠢ ᠶᠢᠨ ᠣᠷᠣᠯᠭ᠎ᠠ ᠨᠢ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠡᠰᠡᠬᠦ ᠲᠤᠬᠠᠶ ᠬᠢᠨᠠᠨ | ᠬᠠᠷᠭᠤᠭᠤᠯᠤᠭᠰᠠᠨ ᠰᠠᠨᠠᠯ ᠢᠶᠠᠨ ᠳᠤᠷᠠᠳᠴᠤ᠂ ᠮᠥ ᠵᠢᠶᠠ ᠶᠢᠩᠽᠢ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠲᠤ ᠬᠠᠷᠢᠭᠤ ᠲᠤᠰᠬᠠᠨ᠎ᠠ᠃ ᠨᠥᠬᠦᠴᠡᠯ ᠳᠤ ᠨᠡᠶᠢᠴᠡᠪᠡᠯ ᠮᠥ ᠵᠢᠶᠠ ᠶᠢᠩᠽᠢ ᠪᠠᠯᠭᠠᠰᠤ᠂ ᠡᠯ᠎ᠡ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠭᠤᠶᠤᠴᠢᠯᠠᠭᠰᠠᠨ ᠬᠡᠷ ᠪᠦᠯᠢ ᠶᠢᠨ ᠮᠠᠲ᠋ᠧᠷᠢᠶᠠᠯ ᠢ | ᠬᠤᠷᠢᠶᠠᠩᠭᠤᠶᠢᠯᠠᠭᠰᠠᠨ ᠤ ᠳᠠᠷᠠᠭ᠎ᠠ ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠦᠢᠯᠡᠴᠢᠯᠡᠭᠡᠨ ᠤ | ᠲᠥᠪ ᠲᠤ ᠮᠡᠳᠡᠭᠦᠯᠦᠨ᠎ᠡ᠃ ᠲᠠᠬᠢᠨ ᠬᠢᠨᠠᠭᠠᠳ ᠬᠢᠷᠢ ᠲᠡᠩᠴᠡᠭᠰᠡᠨ ᠦᠭᠡᠢ ᠪᠠᠶᠢᠪᠠᠯ᠂ ᠮᠡᠳᠡᠭᠦᠯᠦᠭᠰᠡᠨ ᠮᠠᠲ᠋ᠧᠷᠢᠶᠠᠯ ᠢ | ᠮᠦ ᠵᠢᠶᠠ ᠶᠢᠩᠽᠢ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠪᠤᠴᠠᠭᠠᠬᠤ ᠶᠢᠨ ᠬᠠᠮᠲᠤ | ᠤᠴᠢᠷ ᠰᠢᠯᠲᠠᠭᠠᠨ ᠢ ᠨᠢ ᠲᠣᠳᠣᠷᠬᠠᠶᠢᠯᠠᠨ᠎ᠠ᠃ | ︵ᠳᠥᠷᠪᠡ︶ ᠬᠢᠨᠠᠨ ᠵᠦᠪᠰᠢᠶᠡᠷᠡᠬᠦ ᠴᠠᠭ᠄ 2022 ᠣᠨ ᠤ 6 ᠳ᠋ᠤᠭᠠᠷ ᠰᠠᠷ᠎ᠠ ᠶᠢᠨ 5 ᠤ ᠡᠳᠦᠷ ᠠᠴᠠ 6 | ᠳ᠋ᠤᠭᠠᠷ ᠰᠠᠷ᠎ᠠ ᠶᠢᠨ 22 ᠤᠨ ᠡᠳᠦᠷ ᠪᠣᠯᠲᠠᠯ᠎ᠠ᠃ | 2022 ᠣᠨ ᠤ 6 ᠰᠠᠷ᠎ᠠ ᠶᠢᠨ 5 ᠤ ᠡᠳᠦᠷ᠂ ᠮᠥ ᠵᠢᠶᠠ ᠶᠢᠩᠽᠢ ᠪᠠᠯᠭᠠᠰᠤ᠂ ᠡᠯ᠎ᠡ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠳᠠᠬᠢᠨ ᠬᠢᠨᠠᠭᠠᠳ ᠬᠢᠷᠢ ᠲᠡᠩᠴᠡᠭᠰᠡᠨ ᠬᠡᠷ ᠪᠦᠯᠢ ᠶᠢᠨ ᠮᠠᠲ᠋ᠧᠷᠢᠶᠠᠯ ᠢ | ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠲᠥᠪ ᠲᠤ ᠮᠡᠳᠡᠭᠦᠯᠵᠦ᠂ | ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠲᠥᠪ ᠨᠢ ᠮᠡᠳᠡᠭᠦᠯᠬᠦ ᠮᠠᠲ᠋ᠧᠷᠢᠶᠠᠯ ᠢ | ᠣᠯᠤᠭᠰᠠᠨ ᠡᠳᠦᠷ ᠠᠴᠠ ᠡᠬᠢᠯᠡᠨ 10 ᠡᠳᠦᠷ ᠤᠨ ᠳᠣᠲᠣᠷ᠎ᠠ᠂ ᠡᠷᠦᠬᠡ ᠳᠤ ᠣᠷᠣᠵᠤ ᠰᠤᠭᠤᠴᠢᠨ ᠪᠠᠶᠢᠴᠠᠭᠠᠬᠤ᠂ | ᠬᠡᠷ ᠬᠥᠷᠥᠩᠭᠡ ᠶᠢᠨ ᠲᠠᠩᠰᠠ ᠡᠪᠬᠡᠮᠡᠯ ᠢ ᠪᠠᠶᠢᠴᠠᠭᠠᠬᠤ ᠵᠡᠷᠭᠡ ᠬᠡᠯᠪᠡᠷᠢ ᠪᠠᠷ ᠭᠤᠶᠤᠴᠢᠯᠠᠭᠴᠢ ᠶᠢᠨ ᠬᠠᠩᠭᠠᠭᠰᠠᠨ | ᠮᠠᠲ᠋ᠧᠷᠢᠶᠠᠯ ᠦᠨᠡᠮᠯᠡᠯ ᠪᠠ ᠡᠯ᠎ᠡ ᠰᠠᠯᠠᠭ᠎ᠠ ᠮᠥᠴᠢᠷ ᠤᠨ ᠬᠢᠨᠠᠨ ᠬᠠᠷᠭᠤᠭᠤᠯᠤᠭᠰᠠᠨ ᠮᠠᠲ᠋ᠧᠷᠢᠶᠠᠯ ᠢ ᠬᠠᠮᠲᠤᠷᠠᠨ | ᠬᠢᠨᠠᠬᠤ ᠶᠢᠨ ᠬᠠᠮᠲᠤ ᠬᠢᠨᠠᠨ ᠬᠠᠷᠭᠤᠭᠤᠯᠤᠭᠰᠠᠨ ᠰᠠᠨᠠᠯ ᠢᠶᠠᠨ ᠳᠤᠷᠠᠳᠤᠨ᠎ᠠ᠃ ᠮᠡᠳᠡᠭᠦᠯᠦᠭᠰᠡᠨ ᠮᠠᠲ᠋ᠧᠷᠢᠶᠠᠯ ᠨᠢ | ᠪᠦᠷᠢᠨ ᠭᠦᠢᠴᠡᠳ᠂ ᠭᠡᠷ ᠪᠦᠯᠢ ᠶᠢᠨ ᠣᠷᠣᠯᠭ᠎ᠠ᠂ ᠣᠷᠣᠨ ᠰᠠᠭᠤᠴᠠ ᠶᠢᠨ ᠪᠠᠶᠢᠳᠠᠯ ᠵᠡᠷᠭᠡ ᠲᠣᠭᠲᠠᠭᠠᠯ ᠳᠤ | ᠨᠡᠶᠢᠴᠡᠬᠦ ᠭᠤᠶᠤᠴᠢᠯᠠᠯ ᠭᠠᠷᠭᠠᠭᠰᠠᠨ ᠭᠡᠷ ᠪᠦᠯᠢ ᠶᠢ ᠢᠯᠡ ᠨᠡᠶᠢᠲᠡᠯᠡᠭᠡᠳ 7 ᠡᠳᠦᠷ ᠪᠣᠯᠬᠤ ᠳᠤ᠂ ᠣᠨᠳᠣᠣ ᠰᠠᠨᠠᠯ | ᠥᠭᠡᠢ ᠪᠤᠶᠤ ᠬᠢᠨᠠᠨ ᠬᠠᠷᠭᠤᠭᠤᠯᠤᠭᠠᠳ ᠣᠨᠳᠣᠣ ᠰᠠᠨᠠᠯ ᠨᠢ ᠲᠣᠭᠲᠠᠵᠤ ᠳᠡᠶᠢᠯᠬᠦ ᠥᠭᠡᠢ ᠪᠣᠯ ᠪᠠᠲᠤᠯᠠᠭ᠎ᠠ ᠶᠢᠨ | ᠡᠲᠡᠭᠡᠳ ᠤᠨ ᠬᠤᠪᠢ ᠪᠠᠷ ︽ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠮᠡᠳᠡᠭᠡ ᠵᠠᠩᠭᠢ ᠶᠢᠨ ᠰᠢᠰᠲ᠋ᠧᠮ︾ | ᠳᠤ ᠪᠢᠴᠢᠵᠦ ᠣᠷᠣᠭᠤᠯᠤᠨ᠂ ᠨᠣᠮᠧᠷ ᠰᠤᠭᠤᠯᠠᠨ ᠬᠤᠪᠢᠶᠠᠷᠢᠯᠠᠬᠤ ᠶᠢ ᠡᠭᠡᠯᠵᠢᠯᠡᠨ ᠬᠦᠯᠢᠶᠡᠵᠦ᠂ ᠨᠠᠭᠠᠳᠤ | ᠵᠠᠬ᠎ᠠ ᠶᠢᠨ ᠪᠠᠲᠤᠯᠠᠭ᠎ᠠ ᠬᠥᠷᠳᠡᠬᠦ ᠭᠡᠷ ᠪᠦᠯᠢ ᠡᠨᠡᠬᠦ ᠬᠤᠭᠤᠴᠠᠭᠠᠨᠳᠦ ᠣᠷᠣᠨ ᠰᠠᠭᠤᠴᠠ ᠶᠢᠨ ᠨᠥᠬᠦᠪᠥᠷᠢ ᠶᠢ | ᠡᠬᠢᠯᠡᠨ ᠬᠥᠷᠳᠡᠨ᠎ᠠ᠃ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠦᠭᠡᠢ ᠪᠠᠶᠢᠪᠠᠯ᠂ ᠮᠡᠳᠡᠭᠦᠯᠦᠭᠰᠡᠨ | ᠮᠠᠲ᠋ᠧᠷᠢᠶᠠᠯ ᠢ ᠮᠡᠳᠡᠭᠦᠯᠦᠭᠰᠡᠨ ᠨᠢᠭᠡᠴᠢ ᠳᠤ ᠪᠤᠴᠠᠭᠠᠬᠤ ᠶᠢᠨ ᠬᠠᠮᠲᠤ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ | ᠬᠡᠷᠡᠭᠲᠡᠶ᠃ | ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠨᠣᠮᠧᠷ ᠰᠤᠭᠤᠯᠵᠤ ᠲᠦᠷᠢᠶᠡᠰᠦ ᠲᠣᠬᠢᠷᠠᠭᠤᠯᠬᠤ | ᠲᠠᠰ ᠳᠠᠷᠠᠭᠠᠯᠠᠯ ᠨᠢ ᠵᠠᠷᠯᠠᠨ ᠨᠡᠶᠢᠲᠡᠯᠡᠭᠡᠳ ᠬᠢᠷᠢ ᠲᠡᠩᠴᠡᠭᠰᠡᠨ ᠬᠡᠷ ᠪᠦᠯᠢ ᠳᠤ᠂ ᠲᠣᠭᠤᠷᠢᠭ ᠤᠨ ᠣᠷᠣᠨ | ᠰᠠᠭᠤᠴᠠ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠲᠥᠪ ᠲᠦᠷᠦᠭᠦᠯᠡᠨ᠂ ᠠᠷᠠᠳ ᠤᠨ ᠶᠠᠪᠤᠳᠠᠯ᠂ ᠳᠣᠲᠣᠭᠠᠳᠤ ᠶᠢ | ᠬᠠᠮᠠᠭᠠᠯᠠᠬᠤ᠂ ᠠᠵᠤ ᠦᠢᠯᠡᠳᠪᠦᠷᠢ ᠬᠤᠳᠠᠯᠳᠤᠭ᠎ᠠ᠂ ᠮᠥ ᠵᠢᠶᠠ ᠶᠢᠩᠽᠢ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠲᠠᠢ ᠬᠠᠮᠵᠢᠯᠴᠠᠨ ᠢᠯᠡ ᠪᠠᠷ ᠨᠣᠮᠧᠷ ᠰᠤᠭᠤᠯᠵᠤ ᠬᠤᠪᠢᠶᠠᠷᠢᠯᠠᠨ᠎ᠠ᠃ ᠨᠣᠮᠧᠷ ᠰᠤᠭᠤᠯᠬᠤ | ᠦᠶ᠎ᠡ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ᠂ ᠬᠢᠨᠠᠨ | ᠪᠠᠶᠢᠴᠠᠭᠠᠬᠤ ᠭᠠᠵᠠᠷ᠂ ᠠᠯᠪᠠᠨ ᠭᠡᠷᠡᠴᠢᠯᠡᠭᠡᠨ ᠤ ᠭᠠᠵᠠᠷ᠂ ᠰᠣᠨᠢᠨ ᠮᠡᠳᠡᠭᠡᠨ ᠤ ᠵᠠᠭᠤᠴᠢᠯᠠᠭᠤᠷ ᠵᠢᠴᠢ | ᠭᠤᠶᠤᠴᠢᠯᠠᠭᠴᠢ ᠶᠢᠨ ᠲᠥᠯᠥᠭᠡᠯᠡᠭᠴᠢ ᠶᠢ ᠤᠷᠢᠨ ᠣᠷᠣᠯᠴᠠᠭᠤᠯᠵᠤ᠂ ᠨᠣᠮᠧᠷ ᠰᠤᠭᠤᠯᠬᠤ ᠪᠦᠬᠦ᠋ᠢᠯᠡ ᠶᠠᠪᠤᠴᠠ ᠳᠤ | ᠬᠠᠮᠲᠤ ᠪᠠᠷ ᠬᠢᠨᠠᠯᠲᠠ ᠲᠠᠯᠪᠢᠨ᠎ᠠ᠃ | ︵ᠨᠢᠭᠡ︶ ᠲᠦᠭᠡᠭᠡᠨ ᠲᠦᠷᠢᠶᠡᠰᠦᠯᠡᠭᠦᠯᠬᠦ ᠱᠠᠭᠠᠷᠳᠠᠯᠭ᠎ᠠ ᠪᠠ ᠭᠡᠷ ᠪᠠᠶᠢᠰᠢᠩ ᠤᠨ ᠢᠷᠡᠯᠳᠡ ᠶᠢᠨ ᠪᠠᠶᠢᠳᠠᠯ᠃ | ᠬᠤᠲᠠ ᠪᠠᠯᠭᠠᠰᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠷ ᠪᠦᠯᠢ ᠪᠠ ᠬᠤᠲᠠ | ᠪᠠᠯᠭᠠᠰᠤᠨ ᠤ ᠳᠤᠮᠳᠠ ᠳᠣᠤᠷ᠎ᠠ ᠣᠷᠣᠯᠭ᠎ᠠ ᠲᠠᠢ ᠣᠷᠣᠨ ᠰᠠᠭᠤᠴᠠ ᠶᠢᠨ ᠬᠦᠴᠢᠷᠳᠡᠯᠲᠡᠢ ᠬᠡᠷ ᠪᠦᠯᠢ ᠶᠢᠨ | ᠨᠢᠭᠡᠳᠦᠯᠲᠡᠶ ᠭᠤᠶᠤᠴᠢᠯᠠᠯ᠂ ᠨᠣᠮᠧᠷ ᠰᠤᠭᠤᠯᠤᠨ ᠬᠤᠪᠢᠶᠠᠷᠢᠯᠠᠬᠤ ᠪᠣᠳᠠᠲᠠᠶ ᠪᠠᠶᠢᠳᠠᠯ ᠢ ᠦᠨᠳᠦᠰᠦᠯᠡᠨ᠂ | ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠲᠥᠪ ᠠᠴᠠ ᠬᠡᠷ ᠪᠠᠶᠢᠰᠢᠩ ᠤᠨ | ᠢᠷᠡᠯᠲᠡ ᠶᠢᠨ ᠲᠤᠭ᠎ᠠ ᠬᠡᠮᠵᠢᠶ᠎ᠡ ᠵᠢᠴᠢ ᠣᠷᠣᠨ ᠪᠠᠶᠢᠷᠢ ᠶᠢ ᠨᠡᠶᠢᠲᠡᠯᠡᠵᠦ᠂ 2022 ᠣᠨ ᠤ 3 ᠰᠠᠷ᠎ᠠ ᠶᠢᠨ 16 ᠤ | ᠡᠳᠦᠷ ᠪᠣᠯᠲᠠᠯ᠎ᠠ ᠨᠡᠶᠢᠲᠡ 69 ᠢᠵᠢ ᠬᠡᠷ ᠪᠠᠶᠢᠰᠢᠩ ᠢ ᠰᠤᠯᠠᠯᠠᠨ ᠪᠤᠴᠠᠭᠠᠨ᠎ᠠ᠂ ᠡᠭᠦᠨ ᠳᠤ᠄ ᠪᠸᠢ ᠴᠧᠨ ᠵᠢᠵᠢᠭ | ᠲᠣᠭᠤᠷᠢᠭ ᠤᠨ 5 ᠢᠵᠢ ᠬᠤᠭᠤᠰᠣᠨ ᠬᠡᠷ ᠪᠠᠶᠢᠰᠢᠩ︔ ᠪᠸᠢ ᠴᠧᠩ ᠵᠢᠶᠠ ᠶᠤᠸᠠᠨ ᠪᠠᠭ᠎ᠠ ᠲᠣᠭᠤᠷᠢᠭ ᠤᠨ 27 | ᠢᠵᠢ ᠬᠤᠭᠤᠰᠣᠨ ᠬᠡᠷ ᠪᠠᠶᠢᠰᠢᠩ︔ ᠴᠧᠨ ᠰᠢ ᠬᠤᠸᠠ ᠶᠤᠸᠠᠨ ᠪᠠᠭ᠎ᠠ ᠲᠣᠭᠤᠷᠢᠭ ᠤᠨ 9 ᠢᠵᠢ ᠬᠤᠭᠤᠰᠣᠨ ᠬᠡᠷ | ᠪᠠᠶᠢᠰᠢᠩ︔ ᠴᠦᠨ ᠭᠤᠸᠠᠩ ᠬᠤᠸᠠ ᠶᠤᠸᠠᠨ ᠲᠣᠭᠤᠷᠢᠭ ᠤᠨ 15 ᠢᠵᠢ ᠬᠤᠭᠤᠰᠣᠨ ᠬᠡᠷ ᠪᠠᠶᠢᠰᠢᠩ︔ ᠮᠢᠨ | ᠰᠢᠨ ᠭᠡᠷ ᠣᠷᠣᠨ ᠤ ᠵᠢᠵᠢᠭ ᠲᠣᠭᠤᠷᠢᠭ ᠤᠨ 4 ᠢᠵᠢ ᠬᠤᠭᠤᠰᠣᠨ ᠭᠡᠷ ᠪᠠᠶᠢᠰᠢᠩ︔ ᠶᠠᠩ ᠭᠤᠸᠠᠩ ᠪᠠᠭ᠎ᠠ | ᠲᠣᠭᠤᠷᠢᠭ ᠤᠨ 9 ᠢᠵᠢ ᠬᠤᠭᠤᠰᠣᠨ ᠬᠡᠷ ᠪᠠᠶᠢᠰᠢᠩ ᠪᠤᠢ᠃ | ︵ᠬᠤᠶᠠᠷ︶ ᠨᠣᠮᠧᠷ ᠰᠤᠭᠤᠯᠬᠤ ᠲᠠᠰ ᠳᠠᠷᠠᠭᠠᠯᠠᠯ᠃ | 1.2022 ᠣᠨ ᠤ 6 ᠰᠠᠷ᠎ᠠ ᠶᠢᠨ 23 ᠤ ᠡᠳᠦᠷ ᠭᠤᠶᠤᠴᠢᠯᠠᠭᠰᠠᠨ ᠭᠡᠷ ᠪᠦᠯᠢ ᠶᠢᠨ ᠨᠡᠷᠡᠰ ᠶᠢ | ᠣᠷᠣᠭᠤᠯᠤᠨ᠎ᠠ᠃ | 2.ᠪᠤᠢ ᠪᠦᠬᠦᠢ ᠭᠤᠶᠤᠴᠢᠯᠠᠭᠰᠠᠨ ᠭᠡᠷ ᠪᠦᠯᠢ ᠶᠢᠨ ᠨᠡᠷᠡᠰ ᠢ ᠭᠠᠷᠭᠠᠵᠤ᠂ ᠡᠯ᠎ᠡ ᠲᠠᠯ᠎ᠠ ᠶᠢᠨ ᠬᠢᠨ ᠤ ᠬᠢᠨᠠᠯᠲᠠ | ᠲᠠᠯᠪᠢᠬᠤ ᠠᠯᠪᠠᠨ ᠭᠡᠷᠡᠴᠢᠯᠡᠭᠡ ᠶᠢ ᠬᠦᠯᠢᠶᠡᠨ᠎ᠡ᠃ | 3.ᠳᠡᠰ ᠳᠠᠷᠠᠭᠠᠯᠠᠯ ᠤᠨ ᠳ᠋ᠤᠭᠠᠷ ᠢ ᠰᠠᠮᠠᠷᠠᠭᠤᠯᠤᠭᠠᠳ᠂ ᠭᠠᠷᠭᠠᠬᠤ ᠨᠡᠷᠡᠰ ᠨᠢ ᠬᠢᠨᠠᠯᠲᠠ ᠲᠠᠯᠪᠢᠬᠤ ᠠᠯᠪᠠᠨ | ᠭᠡᠷᠡᠴᠢᠯᠡᠭᠡ ᠶᠢ ᠬᠦᠯᠢᠶᠡᠬᠦ ᠬᠡᠷᠡᠭᠲᠡᠢ᠃ | 4.2022 ᠣᠨ ᠤ 6 ᠰᠠᠷ᠎ᠠ ᠶᠢᠨ 24 ᠤ ᠡᠳᠦᠷ ᠤᠨ ᠦᠳᠡ ᠶᠢᠨ ᠡᠮᠦᠨᠡᠬᠢ 9 ᠴᠠᠭ ᠠᠴᠠ ᠡᠬᠢᠯᠡᠨ | ᠨᠣᠮᠧᠷ ᠰᠤᠭᠤᠯᠤᠨ᠎ᠠ᠃ | 5.ᠠᠯᠪᠠᠨ ᠭᠡᠷᠡᠴᠢᠯᠡᠭᠡ ᠬᠢᠯᠭᠡᠭᠰᠡᠨ ᠤ ᠳᠠᠷᠠᠭ᠎ᠠ ᠰᠣᠭᠤᠯᠵᠣ ᠣᠯᠣᠭᠰᠠᠨ ᠭᠡᠷ ᠪᠦᠯᠢ ᠶᠢᠨ ᠣᠪᠣᠭ ᠨᠡᠷ᠎ᠡ | ᠪᠣᠯᠤᠨ ᠭᠡᠷ ᠪᠠᠶᠢᠰᠢᠩ ᠤᠨ ᠳ᠋ᠤᠭᠠᠷ ᠵᠢᠴᠢ ᠡᠭᠡᠯᠵᠢᠯᠡᠨ ᠬᠦᠯᠢᠶᠡᠬᠦ ᠭᠡᠷ ᠪᠦᠯᠢ ᠶᠢᠨ ᠨᠡᠷᠡᠰ ᠢ ᠨᠡᠶᠢᠲᠡ ᠳᠤ ᠵᠠᠷᠯᠠᠨ᠎ᠠ᠃ | ︵ᠭᠤᠷᠪᠠ︶ ᠳᠠᠷᠠᠭᠠᠯᠠᠨ ᠬᠦᠯᠢᠶᠡᠬᠦ ᠲᠦᠷᠢᠮ᠃ | ᠰᠣᠭᠤᠯᠵᠣ ᠣᠯᠣᠭᠰᠠᠨ ᠬᠡᠷ ᠪᠦᠯᠢ ᠢᠯᠡᠷᠡᠭᠰᠡᠨ ᠤ ᠳᠠᠷᠠᠭ᠎ᠠ᠂ ᠬᠤᠪᠢᠶᠠᠷᠢᠯᠠᠯᠲᠠ ᠶᠢᠨ ᠲᠥᠰᠦᠯ ᠶᠣᠰᠣᠭᠠᠷ | ᠡᠭᠡᠯᠵᠢᠯᠡᠨ ᠬᠦᠯᠢᠶᠡᠬᠦ ᠬᠡᠷ ᠪᠦᠯᠢ ᠶᠢᠨ ᠨᠡᠷᠡᠰ ᠪᠠ ᠰᠣᠭᠤᠯᠵᠣ ᠣᠯᠣᠭᠰᠠᠨ ᠬᠡᠷ ᠪᠦᠯᠢ ᠶᠢᠨ ᠨᠡᠷᠡᠰ ᠢ ᠬᠠᠮᠲᠤ ᠳᠤᠨᠢ | ᠵᠠᠷᠯᠠᠨ ᠨᠡᠶᠢᠲᠡᠯᠡᠨ᠎ᠡ᠃ ᠰᠣᠭᠤᠯᠵᠣ ᠣᠯᠣᠭᠰᠠᠨ ᠬᠡᠷ ᠪᠦᠯᠢ ᠶᠢ ᠵᠠᠷᠯᠠᠨ ᠨᠡᠶᠢᠲᠡᠯᠡᠭᠡᠳ ᠨᠥᠬᠦᠴᠡᠯ ᠳᠤ ᠨᠡᠶᠢᠴᠡᠬᠦ | ᠥᠬᠡᠶ ᠪᠤᠶᠤ ᠬᠡᠷ ᠰᠣᠩᠭᠤᠬᠤ ᠪᠠᠨ ᠪᠤᠯᠢᠭᠰᠠᠨ ᠪᠠᠶᠢᠪᠠᠯ᠂ ᠡᠭᠡᠯᠵᠢᠯᠡᠨ ᠬᠦᠯᠢᠶᠡᠬᠦ ᠬᠡᠷ ᠪᠦᠯᠢ ᠠᠴᠠ ᠳᠠᠷᠠᠭᠠᠯᠠᠨ | ᠬᠦᠯᠢᠶᠡᠬᠦ ᠲᠠᠰ ᠳᠠᠷᠠᠭᠠᠯᠠᠯ ᠢᠶᠠᠷ ᠬᠡᠷ ᠰᠣᠩᠭᠤᠨ᠎ᠠ᠂ ᠲᠣᠰ ᠤᠳᠠᠭ᠎ᠠ ᠶᠢᠨ ᠳᠠᠷᠠᠭᠠᠯᠠᠨ ᠬᠦᠯᠢᠶᠡᠬᠦ ᠡᠳᠦᠷ | ᠬᠤᠭᠤᠴᠠᠭ᠎ᠠ᠄ 2022 ᠣᠨ ᠤ 8 ᠰᠠᠷ᠎ᠠ ᠶᠢᠨ 31 ᠤ ᠡᠳᠦᠷ᠃ | ︵ᠲᠦᠷᠪᠡ︶ ᠭᠡᠷ᠎ᠡ ᠲᠤᠭᠲᠠᠬᠤ᠃ | ᠰᠣᠭᠤᠯᠵᠣ ᠣᠯᠣᠭᠰᠠᠨ ᠬᠡᠷ ᠪᠦᠯᠢ ᠶᠢᠨ ᠬᠢᠨ 2022 ᠣᠨ ᠤ 7 ᠰᠠᠷ᠎ᠠ ᠶᠢᠨ 5 ᠤ ᠡᠳᠦᠷ ᠠᠴᠠ ᠡᠮᠦᠨ᠎ᠡ᠂ | ᠰᠦᠩᠱᠠᠨᠲ᠋ᠣᠭᠤᠷᠢᠭ ᠤᠨ ᠲᠢᠶᠧ ᠳ᠋ᠦᠩ ᠵᠡᠭᠡᠯᠢ ᠭᠤᠳᠤᠮᠵᠢ ᠶᠢᠨ ᠴᠦᠨ ᠭᠤᠸᠠᠩ ᠬᠤᠸᠠ ᠶᠤᠸᠠᠨ ᠨᠡᠶᠢᠭᠡᠮ | ᠲᠣᠭᠤᠷᠢᠭ ᠤᠨ ᠦᠢᠯᠡᠴᠢᠯᠡᠭᠡᠨ ᠤ ᠲᠠᠰᠤᠭ ᠤᠨ ᠨᠢᠭᠡᠳᠦᠭᠡᠷ ᠳᠠᠪᠬᠤᠷᠯᠢᠭ ᠤᠨ ᠨᠡᠶᠢᠲᠡ ᠶᠢᠨ ᠲᠦᠷᠢᠶᠡᠰᠦᠨ ᠣᠷᠣᠨ | ᠰᠠᠭᠤᠴᠠ ᠶᠢᠨ ᠰᠦᠢᠳᠬᠡᠯ ᠲᠤᠰᠢᠶᠠᠬᠤ ᠭᠠᠵᠠᠷ ᠲᠤ ᠬᠦᠷᠴᠦ ︽ᠪᠠᠲᠤᠯᠠᠭ᠎ᠠ ᠶᠢᠨ ᠴᠢᠨᠠᠷᠲᠠᠶ ᠣᠯᠠᠨ ᠨᠡᠶᠢᠲᠡ ᠶᠢᠨ | ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠯᠡᠯ ᠤᠨ ᠭᠡᠷ᠎ᠡ︾ ᠲᠣᠭᠲᠠᠬᠤ ᠶᠢᠨ ᠬᠠᠮᠲᠤ ᠬᠠᠮᠢᠶ᠎ᠠ ᠪᠥᠬᠦᠶ | ᠰᠦᠢᠳᠬᠡᠯ ᠢᠶᠠᠨ ᠨᠢᠭᠡ ᠯᠡ ᠤᠳᠠᠭ᠎ᠠ ᠳᠤ ᠲᠤᠰᠢᠶᠠᠵᠤ ᠳᠠᠭᠤᠰᠬᠠᠬᠤ ᠬᠡᠷᠡᠭᠲᠡᠶ᠂ ᠡᠰᠡ ᠲᠡᠭᠡᠪᠡᠯ ᠲᠦᠷᠢᠶᠡᠰᠦᠯᠡᠬᠦ | ᠬᠢᠷᠢ ᠬᠡᠮ ᠢᠶᠠᠨ ᠠᠶᠠᠨᠳᠠᠭᠠᠨ ᠬᠠᠶᠠᠭᠰᠠᠨ ᠢᠶᠠᠷ ᠦᠵᠡᠨ᠎ᠡ᠃ ᠬᠢᠷᠢ ᠬᠡᠮ ᠢᠶᠠᠨ ᠬᠠᠶᠠᠭᠰᠠᠨ ᠬᠡᠷ ᠪᠦᠯᠢ 2 ᠵᠢᠯ ᠤᠨ | ᠳᠣᠲᠣᠷ᠎ᠠ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠲᠦᠷᠢᠶᠡᠰᠦᠯᠡᠬᠦ ᠪᠠᠷ ᠭᠤᠶᠤᠴᠢᠯᠠᠵᠤ ᠪᠣᠯᠬᠤ | ᠥᠬᠡᠶ᠃ | ᠲᠠᠶᠢᠯᠪᠤᠷᠢ᠄ ᠲᠣᠰ ᠲᠥᠰᠦᠯ ᠤᠨ ᠪᠣᠳᠠᠲᠠᠶ ᠠᠭᠤᠯᠭ᠎ᠠ ᠶᠢ ᠣᠷᠣᠨ ᠰᠠᠭᠤᠴᠠ ᠶᠢᠨ ᠪᠠᠲᠤᠯᠠᠭ᠎ᠠ ᠶᠢᠨ | ᠦᠢᠯᠡᠴᠢᠯᠡᠭᠡᠨ ᠤ ᠲᠥᠪ ᠠᠴᠠ ᠬᠠᠷᠢᠭᠤᠴᠠᠨ ᠲᠠᠶᠢᠯᠪᠤᠷᠢᠯᠠᠨ᠎ᠠ᠃ | | | | | | | | | | | ᠁ |