ᠰᠦᠩᠱᠠᠨ ᠲᠣᠭᠤᠷᠢᠭ ᠤᠨ 2022 ᠣᠨ ᠤ 1—2 ᠳ᠋ᠤᠭᠠᠷ ᠰᠠᠷ᠎ᠠ  ᠶᠢᠨ ᠠᠵᠤ ᠦᠢᠯᠡᠳᠪᠦᠷᠢ ᠶᠢᠨ ᠠᠵᠤ ᠠᠬᠤᠶ ᠶᠢᠨ ᠵᠠᠳᠠᠯᠤᠯᠲᠠ
ᠨᠡᠶᠢᠲᠡᠯᠡᠭᠰᠡᠨ ᠴᠠᠭ᠄
2022/3/25
    2022 ᠣᠨ ᠤ 1 — 2 ᠳ᠋ᠤᠭᠠᠷ ᠰᠠᠷ᠎ᠠ ᠳᠤ ᠣᠲᠣ ᠶᠢᠨ ᠦᠨ᠎ᠡ ᠶᠢᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠢ ᠨᠡᠶᠢᠲᠡ 7.8 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠳᠠᠯᠢ ᠬᠤᠭᠤᠴᠠᠭᠠᠨ ᠤ ᠬᠢ ᠠᠴᠠ ᠨᠡᠶᠢᠲᠡ 15.6% ᠪᠠᠷ ᠪᠠᠭᠤᠷᠠᠵᠤ᠂ ᠪᠥᠬᠦ ᠬᠤᠲᠠ ᠶᠢᠨ ᠶᠢᠰᠦᠳᠦᠭᠡᠷ ᠲᠤ ᠣᠷᠣᠵᠤ᠂ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ 5.3 ᠵᠠᠭᠤᠨ ᠤ ᠨᠢᠭᠡᠴᠢ ᠳᠣᠤᠷ᠎ᠠ  ᠪᠤᠯᠤᠨ᠎ᠠ᠃ ᠨᠢᠳᠤᠨᠤᠨ ᠤ ᠠᠳᠠᠯᠢ ᠬᠤᠭᠤᠴᠠᠭ᠎ᠠ ︵39.5%︶ ᠠᠴᠠ 55.1 ᠵᠠᠭᠤᠨ ᠤ ᠨᠢᠭᠡᠴᠢ ᠳᠣᠤᠷ᠎ᠠ ᠪᠠᠶᠢᠵᠤ᠂ 2020 ᠣᠨ ᠤ 1 — 2 ᠳ᠋ᠤᠭᠠᠷ ᠰᠠᠷ᠎ᠠ ᠶᠢᠨ ᠨᠡᠮᠡᠭᠳᠡᠯ ᠤᠨ ᠬᠤᠷᠳᠤᠴᠠ ︵32%︶ ᠠᠴᠠ 47.6 ᠵᠠᠭᠤᠨ ᠤ ᠨᠢᠭᠡᠴᠢ ᠳᠣᠤᠷ᠎ᠠ ᠪᠠᠶᠢᠨ᠎ᠠ᠃      ᠨᠢᠭᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠪᠠᠭᠤᠷᠠᠬᠤ ᠬᠤᠷᠳᠤᠴᠠ ᠮᠡᠳᠡᠭᠳᠡᠬᠦ᠋ᠢᠴᠡ ᠪᠣᠯᠪᠠ      2 ᠰᠠᠷ᠎ᠠ ᠪᠣᠯᠲᠠᠯ᠎ᠠ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠦᠷᠳᠡᠭ ᠢ ᠨᠡᠶᠢᠳᠡ 7.8 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 34% ᠪᠠᠷ ᠪᠠᠭᠤᠷᠠᠪᠠ᠃      ᠬᠤᠶᠠᠷ᠂ ᠭᠤᠷᠪᠠᠨ ᠶᠡᠭᠡ ᠠᠵᠢᠯ ᠲᠥᠷᠥᠯ ᠤᠨ ᠬᠤᠷᠳᠤᠴᠠ ᠢᠯᠡᠳᠲᠡ ᠪᠠᠭᠤᠷᠠᠪᠠ      ᠲᠠᠷᠢᠶᠠᠯᠠᠩ ᠬᠤᠯᠢᠰᠢᠨ ᠢᠳᠡᠭᠡᠨ ᠢ ᠡᠳ᠋ᠰᠢᠭᠦᠯᠬᠦ ᠦᠢᠯᠡᠰ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠤᠨ ᠨᠡᠮᠡᠭᠳᠡᠯ ᠤᠨ ᠬᠤᠷᠳᠤᠴᠠ ᠠᠳᠠᠯᠢ ᠬᠤᠭᠤᠴᠠᠭᠠᠨ ᠤ ᠬᠢ ᠠᠴᠠ 99% ᠪᠠᠭᠤᠷᠠᠵᠤ᠂ ᠭᠤᠮ ᠪᠣᠯᠤᠨ ᠰᠦᠯᠢᠶᠣᠣ ᠪᠦᠲᠦᠭᠡᠭᠳᠡᠬᠦᠨ ᠤ ᠦᠢᠯᠡᠰ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠤᠨ ᠨᠡᠮᠡᠭᠳᠡᠯ ᠤᠨ ᠬᠤᠷᠳᠤᠴᠠ ᠠᠳᠠᠯᠢ ᠬᠤᠭᠤᠴᠠᠭᠠᠨ ᠤ ᠬᠢ ᠠᠴᠠ 99% ᠪᠠᠭᠤᠷᠠᠵᠤ᠂ ᠴᠠᠬᠢᠯᠭᠠᠨ ᠬᠦᠴᠦ᠂ ᠢᠯᠴᠢ ᠶᠢᠨ ᠦᠢᠯᠡᠳᠪᠦᠷᠢᠯᠡᠯ ᠪᠣᠯᠤᠨ ᠬᠠᠩᠭᠠᠯᠭ᠎ᠠ ᠶᠢᠨ ᠦᠢᠯᠡᠰ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠤᠨ ᠨᠡᠮᠡᠭᠳᠡᠯ ᠤᠨ ᠬᠤᠷᠳᠤᠴᠠ ᠠᠳᠠᠯᠢ ᠬᠤᠭᠤᠴᠠᠭᠠᠨ ᠤ ᠬᠢ ᠠᠴᠠ20% ᠪᠠᠭᠤᠷᠠᠪᠠ᠃          ᠭᠤᠷᠪᠠ᠂ ᠦᠢᠯᠡᠳᠬᠦᠨ ᠤ ᠭᠠᠷᠤᠯᠲᠠ ᠶᠢᠨ ᠬᠡᠮᠵᠢᠶ᠎ᠡ ᠳᠡᠭᠡᠭᠰᠢᠯᠡᠯᠲᠡ ᠲᠠᠢ ᠪᠠᠭᠤᠷᠠᠯᠲᠠ ᠲᠠᠢ      ᠰᠢᠵᠢᠷ ᠠᠯᠲᠠ ᠠᠳᠠᠯᠢ ᠬᠤᠭᠤᠴᠠᠭᠠᠨ ᠤ ᠬᠢ ᠠᠴᠠ 16.9% ᠨᠡᠮᠡᠭᠳᠡᠵᠦ᠂ ᠮᠤᠯᠢᠪᠳᠧᠨ ᠤ ᠨᠠᠷᠢᠯᠢᠭ ᠬᠦᠳᠡᠷ ︵ᠴᠡᠪᠡᠷ ᠮᠤᠯᠢᠪᠳᠧᠨ ᠤ 45%︶ ᠠᠳᠠᠯᠢ ᠬᠤᠭᠤᠴᠠᠭᠠᠨ ᠤ ᠬᠢ ᠠᠴᠠ 100% ᠨᠡᠮᠡᠭᠳᠡᠵᠦ᠂ ᠲᠠᠸᠠᠷ ᠤᠨ ᠪᠤᠲ᠋ᠤᠨ 100% ᠪᠠᠭᠤᠷᠠᠵᠤ᠂ ᠰᠢᠨ᠎ᠡ ᠰᠣᠷᠭᠤᠭ ᠬᠦᠢᠲᠡᠨ ᠢᠶᠠᠷ ᠬᠠᠳᠠᠭᠠᠯᠠᠭᠰᠠᠨ ᠮᠢᠬ᠎ᠠ ᠠᠳᠠᠯᠢ ᠬᠤᠭᠤᠴᠠᠭᠠᠨ ᠤ ᠬᠢ ᠠᠴᠠ 40% ᠪᠠᠭᠤᠷᠠᠵᠤ᠂ ᠪᠣᠯᠪᠠᠰᠤᠷᠠᠭᠤᠯᠤᠭᠰᠠᠨ ᠰᠢᠬᠢᠷ ᠠᠳᠠᠯᠢ ᠬᠤᠭᠤᠴᠠᠭᠠᠨ ᠤ ᠬᠢ ᠠᠴᠠ 100% ᠪᠠᠭᠤᠷᠠᠪᠠ᠃      ᠲᠦᠷᠪᠡ᠂ ᠠᠵᠤ ᠠᠬᠤᠶ ᠶᠢᠨ ᠭᠤᠣᠯ ᠭᠦᠢᠴᠡᠳᠬᠡᠬᠦ ᠲᠤᠭ᠎ᠠ ᠳᠡᠭᠡᠭᠰᠢᠯᠡᠯᠲᠡ ᠲᠠᠢ ᠪᠠᠭᠤᠷᠠᠯᠲᠠ ᠲᠠᠢ      ᠡᠵᠡᠩᠨᠡᠯᠲᠡ ᠶᠢᠨ ᠣᠷᠣᠯᠭ᠎ᠠ 9.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.2% ᠢᠶᠠᠷ ᠪᠠᠭᠤᠷᠠᠪᠠ︔ ᠠᠰᠢᠭ ᠬᠤᠨᠵᠢᠪᠣᠷᠢ ᠶᠢᠨ ᠶᠡᠷᠦᠩᠬᠡᠶ ᠬᠡᠮᠵᠢᠶ᠎ᠡ 2.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 34.4% ᠪᠠᠭᠤᠷᠠᠪᠠ︔ ᠲᠤᠰᠢᠶᠠᠬᠤ ᠶᠣᠰᠣᠲᠠᠶ ᠥᠷᠲᠡᠭ ᠨᠡᠮᠡᠭᠳᠡᠯ ᠤᠨ ᠭᠠᠶᠢᠯᠢ 317 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 324 ᠲᠦᠮᠡᠨ ᠲᠥᠭᠦᠷᠢᠭ ᠨᠡᠮᠡᠭᠳᠡᠪᠡ︔ ᠭᠠᠶᠢᠯᠢ ᠶᠢᠨ ᠮᠥᠩᠭᠦ ᠶᠢᠨ ᠶᠡᠷᠦᠩᠬᠡᠶ ᠲᠤᠭ᠎ᠠ 833 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 840 ᠲᠦᠮᠡᠨ ᠲᠥᠭᠦᠷᠢᠭ ᠨᠡᠮᠡᠭᠳᠡᠪᠡ᠃          
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号