ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ | ᠥᠪᠥᠷ ᠵᠠᠰᠠᠭ ᠠᠯᠪᠠᠨ ᠥᠰᠦᠭ ︹2021︺ 92 ᠳ᠋ᠤᠭᠠᠷ ᠲᠣᠭᠠᠲᠤ | ᠥᠪᠥᠷ ᠵᠠᠰᠠᠭ ᠠᠯᠪᠠᠨ ᠲᠠᠷᠬᠠᠭᠠᠭᠰᠠᠨ ︹2021︺ 38 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ | ᠬᠠᠮᠢᠶ᠎ᠠ ᠪᠥᠬᠦᠶ ᠠᠭᠤᠯᠭ᠎ᠠ ᠳᠤ ᠵᠠᠰᠠᠪᠤᠷᠢ ᠣᠷᠣᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ | ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠢ ᠳᠤ᠄ | 2021 ᠣᠨ ᠤ 9 ᠳ᠋ᠦ᠋ᠭᠡᠷ ᠰᠠᠷ᠎ᠠ ᠶᠢᠨ 2 ᠤᠨ ᠡᠳᠦᠷ᠂ ᠶᠡᠷᠦᠩᠬᠡᠢ ᠱᠦᠵᠢ ᠰᠢ ᠶᠢᠨ ᠫᠢᠩ ᠳᠤᠮᠳᠠᠳᠤ | ᠤᠯᠤᠰ ᠤᠨ ᠤᠯᠠᠨ ᠤᠯᠤᠰ ᠤᠨ ᠦᠢᠯᠡᠴᠢᠯᠡᠭᠡᠨ ᠤ ᠠᠷᠠᠯᠵᠢᠶᠠᠨ ᠤ ᠰᠣᠯᠢᠯᠴᠠᠭᠠᠨ ᠤ ᠬᠤᠷᠠᠯ ᠳᠡᠭᠡᠷ᠎ᠡ᠄ ︽ᠰᠢᠨ᠎ᠡ | ᠭᠤᠷᠪᠠᠳᠤᠭᠠᠷ ᠰᠠᠮᠪᠠᠷ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠡᠭᠡᠵᠢᠩ ᠤᠨ ᠲᠡᠮᠳᠡᠭᠲᠦ ᠶᠢᠨ | ᠠᠷᠠᠯᠵᠢᠶᠠᠨ ᠤ ᠭᠠᠵᠠᠷ ᠢ ᠪᠠᠶᠢᠭᠤᠯᠵᠤ᠂ ᠦᠢᠯᠡᠴᠢᠯᠡᠭᠡᠨ ᠤ ᠰᠢᠨ᠎ᠡ ᠶᠢ ᠡᠭᠦᠳᠬᠦ ᠮᠠᠶ᠋ᠢᠭ ᠤᠨ ᠳᠤᠮᠳᠠ ᠵᠢᠵᠢᠭ ᠠᠵᠤ | ᠠᠬᠤᠶᠢᠯᠠᠯ ᠤᠨ ᠭᠤᠣᠯ ᠵᠢᠭᠰᠠᠭᠠᠯ ᠤᠨ ᠭᠠᠵᠠᠷ ᠢ ᠪᠠᠶᠢᠭᠤᠯᠤᠨ᠎ᠠ︾ ᠭᠡᠵᠦ ᠨᠡᠶᠢᠲᠡᠯᠡᠪᠡ︔ 9 ᠳ᠋ᠦ᠋ᠭᠡᠷ ᠰᠠᠷ᠎ᠠ ᠶᠢᠨ | 3 ᠤ ᠡᠳᠦᠷ ᠪᠡᠭᠡᠵᠢᠩ ᠤᠨ ᠲᠡᠮᠳᠡᠭᠲᠦ ᠶᠢᠨ ᠠᠷᠠᠯᠵᠢᠶᠠᠨ ᠤ ᠭᠠᠵᠠᠷ ︵ᠪᠡᠭᠡᠵᠢᠩ ᠤᠨ ᠠᠷᠠᠯᠵᠢᠶᠠᠨ ᠤ ᠭᠠᠵᠠᠷ︶ ᠢ | ᠵᠢᠩᠬᠢᠨᠢ ᠪᠠᠷ ᠳᠠᠩᠰᠠᠯᠠᠵᠤ ᠪᠠᠶᠢᠭᠤᠯᠪᠠ᠃ ᠪᠡᠭᠡᠵᠢᠩ ᠤᠨ ᠠᠷᠠᠯᠵᠢᠶᠠᠨ ᠤ ᠭᠠᠵᠠᠷ ᠪᠠᠶᠢᠭᠤᠯᠤᠭᠳᠠᠬᠤ ᠶᠢ ᠳᠠᠭᠠᠯᠳᠤᠨ᠂ | ᠰᠢᠨ᠎ᠡ ᠭᠤᠷᠪᠠᠳᠤᠭᠠᠷ ᠰᠠᠮᠪᠠᠷ᠎ᠠ ᠶᠢᠨ ᠰᠢᠯᠢᠨ ᠰᠤᠩᠭᠤᠬᠤ ᠳᠡᠰ 2021 ᠣᠨ ᠤ 11 ᠳ᠋ᠦ᠋ᠭᠡᠷ ᠰᠠᠷ᠎ᠠ ᠶᠢᠨ 15 ᠤ | ᠡᠳᠦᠷ ᠠᠵᠢᠯᠯᠠᠬᠤ ᠪᠠᠨ ᠪᠤᠯᠢᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠨᠠᠮᠠᠭᠠᠶ | ᠰᠣᠳᠤᠯᠤᠭᠠᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠲ᠋ᠣᠺ ᠤᠨ ᠵᠠᠬ᠎ᠠ | ᠳᠡᠯᠭᠡᠭᠦᠷ ᠲᠤ ᠭᠠᠷᠴᠤ ᠫᠠᠶᠢᠰᠠ ᠡᠯᠭᠦᠬᠦ ᠶᠢ ᠵᠣᠷᠢᠭᠵᠢᠭᠤᠯᠣᠨ ᠱᠠᠩᠨᠠᠵᠤ ᠨᠥᠬᠦᠪᠦᠷᠢᠯᠡᠬᠦ ᠠᠷᠭ᠎ᠠ︾ ︵ᠥᠪᠥᠷ ᠵᠠᠰᠠᠭ | ᠠᠯᠪᠠᠨ ᠲᠠᠷᠬᠠᠭᠠᠭᠰᠠᠨ ︹2021︺ 38 ᠳ᠋ᠤᠭᠠᠷ ᠲᠣᠭᠠᠲᠤ︶ ᠶᠢᠨ ᠬᠠᠮᠢᠶ᠎ᠠ ᠪᠦᠬᠦᠢ ᠠᠭᠤᠯᠭ᠎ᠠ ᠳᠤ ᠵᠠᠰᠠᠪᠤᠷᠢ | ᠣᠷᠣᠭᠤᠯᠬᠤ ᠪᠠᠷ ᠲᠣᠭᠲᠠᠭᠠᠪᠠ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠪᠡ᠄ | ᠨᠢᠭᠡ᠂ ᠥᠪᠥᠷ ᠵᠠᠰᠠᠭ ᠠᠯᠪᠠᠨ ᠲᠠᠷᠬᠠᠭᠠᠭᠰᠠᠨ ︹2021︺ 38 ᠳ᠋ᠤᠭᠠᠷ ᠲᠣᠭᠠᠲᠤ ᠪᠢᠴᠢᠭ | ᠮᠠᠲ᠋ᠧᠷᠢᠶᠠᠯ ᠤᠨ ᠬᠤᠶᠠᠳᠤᠭᠠᠷ ᠵᠦᠢᠯ ᠳᠠᠬᠢ ︽ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠬᠢᠯᠢ ᠶᠢᠨ | ᠳᠣᠲᠣᠭᠠᠳᠤ ᠳᠤ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠶᠢ ᠵᠣᠷᠢᠭᠵᠢᠭᠤᠯᠤᠨ᠎ᠠ᠃ ᠱᠠᠩᠬᠠᠶ ᠱᠧᠨᠵᠧᠨ ᠤ | ᠲᠡᠮᠳᠡᠭᠲᠦ ᠶᠢᠨ ᠠᠷᠠᠯᠵᠢᠶᠠᠨ ᠤ ᠭᠠᠵᠠᠷ ᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠪᠠᠷ ᠭᠤᠶᠤᠴᠢᠯᠠᠭᠰᠠᠨ | ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠠᠵᠤ ᠠᠬᠤᠶᠢᠯᠠᠯ ᠳᠤ ᠥᠪᠡᠷᠲᠡᠭᠡᠨ ᠵᠠᠰᠠᠬᠤ ᠣᠷᠣᠨ ᠠᠴᠠ ᠱᠠᠲᠤ | ᠦᠶ᠎ᠡ ᠬᠤᠪᠢᠶᠠᠵᠤ ᠳᠤᠤᠷᠠᠬᠢ ᠱᠠᠩᠨᠠᠯ ᠨᠥᠬᠦᠪᠥᠷᠢ ᠣᠯᠭᠤᠨ᠎ᠠ᠄ ︵ᠨᠢᠭᠡ︶ ᠥᠪᠥᠷ ᠮᠣᠩᠭᠤᠯ ᠤᠨ ᠲᠡᠮᠳᠡᠭᠲᠦ ᠶᠢᠨ | ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠳᠤ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠪᠠᠷ ᠬᠠᠪᠰᠤᠷᠤᠨ | ᠵᠢᠯᠣᠭᠤᠳᠣᠭᠤᠯᠵᠣ ᠪᠦᠷᠢᠳᠬᠡᠨ ᠳᠠᠩᠰᠠᠯᠠᠭᠤᠯᠬᠤ ᠶᠢ ᠭᠦᠢᠴᠡᠳᠬᠡᠭᠰᠡᠨ ᠠᠵᠤ ᠠᠬᠤᠶᠢᠯᠠᠯ ᠳᠤ 100 ᠲᠦᠮᠡᠨ | ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ︔ ︵ᠬᠤᠶᠠᠷ︶ ᠳᠤᠮᠳᠠᠳᠤ ᠤᠯᠤᠰ ᠤᠨ ᠲᠡᠮᠳᠡᠭᠲᠦ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ᠂ ᠱᠠᠩᠬᠠᠶ ᠱᠧᠨᠵᠧᠨ ᠤ ᠲᠡᠮᠳᠡᠭᠲᠦ ᠶᠢᠨ ᠠᠷᠠᠯᠵᠢᠶᠠᠨ ᠤ ᠭᠠᠵᠠᠷ ᠲᠤ ᠰᠲ᠋ᠣᠺ ᠤᠨ ᠵᠠᠬ᠎ᠠ | ᠳᠡᠯᠭᠡᠭᠦᠷ ᠲᠤ ᠭᠠᠷᠭᠠᠬᠤ ᠪᠠᠷ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠭᠰᠠᠨ ᠪᠥᠭᠡᠳ ᠲᠡᠭᠦᠨ ᠢ ᠨᠢ | ᠬᠦᠯᠢᠶᠡᠨ ᠠᠪᠴᠤ ᠭᠦᠢᠴᠡᠳᠬᠡᠬᠦ ᠪᠠᠷ ᠪᠠᠶᠢᠭ᠎ᠠ ᠠᠵᠤ ᠠᠬᠤᠶᠢᠯᠠᠯ ᠳᠤ 200 ᠲᠦᠮᠡᠨ ᠲᠥᠭᠦᠷᠢᠭ ᠤᠨ ᠱᠠᠩᠨᠠᠯ | ᠨᠥᠬᠦᠪᠥᠷᠢ ᠣᠯᠭᠤᠨ᠎ᠠ︔ ︵ᠭᠤᠷᠪᠠ︶ ᠱᠠᠩᠬᠠᠶ ᠱᠧᠨᠵᠧᠨ ᠤ ᠲᠡᠮᠳᠡᠭᠲᠦ ᠶᠢᠨ ᠠᠷᠠᠯᠵᠢᠶᠠᠨ ᠤ ᠭᠠᠵᠠᠷ ᠲᠤ | ᠰᠲ᠋ᠣᠺ ᠤᠨ ᠵᠠᠬ᠎ᠠ ᠳᠡᠯᠭᠡᠭᠦᠷ ᠲᠤ ᠠᠩᠬ᠎ᠠ ᠭᠠᠷᠭᠠᠬᠤ ᠶᠢ ᠪᠡᠶᠡᠯᠡᠭᠦᠯᠦᠭᠰᠡᠨ ᠠᠵᠤ ᠠᠬᠤᠶᠢᠯᠠᠯ ᠳᠤ 1000 ᠲᠦᠮᠡᠨ | ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃︾ ᠭᠡᠰᠡᠨ ᠢ ︽ᠥᠪᠡᠷᠲᠡᠭᠡᠨ ᠵᠠᠰᠠᠬᠤ ᠣᠷᠣᠨ ᠤ ᠠᠵᠤ | ᠠᠬᠤᠶᠢᠯᠠᠯ ᠤᠨ ᠬᠢᠯᠢ ᠶᠢᠨ ᠳᠣᠲᠣᠭᠠᠳᠤ ᠳᠤ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠶᠢ ᠵᠣᠷᠢᠭᠵᠢᠭᠤᠯᠵᠤ᠂ | ᠥᠪᠡᠷᠲᠡᠭᠡᠨ ᠵᠠᠰᠠᠬᠤ ᠣᠷᠣᠨ ᠠᠴᠠ ᠱᠠᠲᠤ ᠦᠶ᠎ᠡ ᠬᠤᠪᠢᠶᠠᠨ ᠳᠤᠤᠷᠠᠬᠢ ᠱᠠᠩᠨᠠᠯ ᠨᠥᠬᠦᠪᠥᠷᠢ ᠣᠯᠭᠤᠨ᠎ᠠ᠄ ︵ᠨᠢᠭᠡ︶ | ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠳᠤ ᠰᠲ᠋ᠣᠺ ᠤᠨ ᠵᠠᠬ᠎ᠠ | ᠳᠡᠯᠭᠡᠭᠦᠷ ᠲᠤ ᠭᠠᠷᠬᠤ ᠪᠠᠷ ᠬᠠᠪᠰᠤᠷᠤᠨ ᠵᠢᠯᠣᠭᠤᠳᠣᠭᠤᠯᠵᠣ ᠪᠦᠷᠢᠳᠬᠡᠨ ᠳᠠᠩᠰᠠᠯᠠᠭᠤᠯᠬᠤ ᠶᠢ ᠭᠦᠢᠴᠡᠳᠬᠡᠭᠰᠡᠨ | ᠠᠵᠤ ᠠᠬᠤᠶᠢᠯᠠᠯ ᠳᠤ 100 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ︔ ︵ᠬᠤᠶᠠᠷ︶ ᠳᠤᠮᠳᠠᠳᠤ | ᠤᠯᠤᠰ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠱᠠᠩᠬᠠᠶ᠂ ᠱᠧᠨᠵᠧᠨ᠂ ᠪᠡᠭᠡᠵᠢᠩ ᠤᠨ | ᠲᠡᠮᠳᠡᠭᠲᠦ ᠶᠢᠨ ᠠᠷᠠᠯᠵᠢᠶᠠᠨ ᠤ ᠭᠠᠵᠠᠷ ᠲᠤ ᠰᠲ᠋ᠣᠺ ᠤᠨ ᠵᠠᠬ᠎ᠠ ᠳᠡᠯᠭᠡᠭᠦᠷ ᠲᠤ ᠭᠠᠷᠭᠠᠬᠤ ᠪᠠᠷ ᠭᠤᠶᠤᠴᠢᠯᠠᠨ | ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠭᠰᠠᠨ ᠪᠥᠭᠡᠳ ᠬᠦᠯᠢᠶᠡᠨ ᠠᠪᠴᠤ ᠭᠦᠢᠴᠡᠳᠬᠡᠬᠦ ᠪᠠᠷ ᠪᠠᠶᠢᠭ᠎ᠠ ᠠᠵᠤ | ᠠᠬᠤᠶᠢᠯᠠᠯ ᠳᠤ 200 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ︔ ︵ᠭᠤᠷᠪᠠ︶ ᠱᠠᠩᠬᠠᠶ᠂ | ᠱᠧᠨᠵᠧᠨ᠂ ᠪᠡᠭᠡᠵᠢᠩ ᠤᠨ ᠲᠡᠮᠳᠡᠭᠲᠦ ᠶᠢᠨ ᠠᠷᠠᠯᠵᠢᠶᠠᠨ ᠤ ᠭᠠᠵᠠᠷ ᠲᠤ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠶᠢ | ᠪᠡᠶᠡᠯᠡᠭᠦᠯᠦᠭᠰᠡᠨ ᠠᠵᠤ ᠠᠬᠤᠶᠢᠯᠠᠯ ᠳᠤ 1000 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃︾ | ᠭᠡᠵᠦ ᠵᠠᠰᠠᠪᠤᠷᠢ ᠣᠷᠤᠭᠤᠯᠤᠨ᠎ᠠ᠃ | ᠬᠤᠶᠠᠷ᠂ ᠰᠢᠨ᠎ᠡ ᠭᠤᠷᠪᠠᠳᠤᠭᠠᠷ ᠰᠠᠮᠪᠠᠷ᠎ᠠ ᠶᠢᠨ ᠨᠠᠷᠢᠯᠢᠭ ᠰᠣᠩᠭᠤᠯᠲᠠ ᠶᠢᠨ ᠳᠠᠪᠬᠤᠷᠭ᠎ᠠ ᠠᠵᠢᠯᠯᠠᠬᠤ ᠥᠬᠡᠶ | ᠪᠣᠯᠤᠭᠰᠠᠨ ᠢ ᠦᠨᠳᠦᠰᠦᠯᠡᠨ᠂ ᠥᠪᠥᠷ ᠵᠠᠰᠠᠭ ᠠᠯᠪᠠᠨ ᠲᠠᠷᠬᠠᠭᠠᠭᠰᠠᠨ ︹2021︺ 38 ᠳ᠋ᠤᠭᠠᠷ ᠲᠣᠭᠠᠲᠤ | ᠪᠢᠴᠢᠭ ᠮᠠᠲ᠋ᠧᠷᠢᠶᠠᠯ ᠤᠨ ᠳᠥᠷᠪᠡᠳᠦᠭᠡᠷ ᠵᠦᠢᠯ ᠳᠠᠬᠢ ︽ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ | ᠰᠢᠨ᠎ᠡ ᠭᠤᠷᠪᠠᠳᠤᠭᠠᠷ ᠰᠠᠮᠪᠠᠷ᠎ᠠ ᠳᠤ ᠳᠡᠰ ᠳᠡᠪᠰᠢᠬᠦ ᠶᠢ ᠵᠣᠷᠢᠭᠵᠢᠭᠤᠯᠤᠨ᠎ᠠ᠃ ᠰᠢᠨ᠎ᠡ ᠭᠤᠷᠪᠠᠳᠤᠭᠠᠷ ᠰᠠᠮᠪᠠᠷ᠎ᠠ ᠶᠢᠨ | ᠰᠢᠯᠢᠨ ᠰᠣᠩᠭᠤᠭᠳᠠᠬᠤ ᠲᠠᠰ ᠲᠤ ᠳᠡᠪᠰᠢᠭᠰᠡᠨ ᠠᠵᠤ ᠠᠬᠤᠶᠢᠯᠠᠯ ᠳᠤ ᠥᠪᠡᠷᠲᠡᠭᠡᠨ ᠵᠠᠰᠠᠬᠤ ᠣᠷᠣᠨ ᠠᠴᠠ ᠨᠢᠭᠡ | ᠤᠳᠠᠭ᠎ᠠ ᠶᠢᠨ ᠴᠢᠨᠠᠷᠲᠠᠶ ᠪᠠᠷ 500 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ︔ ᠰᠢᠯᠢᠨ | ᠰᠣᠩᠭᠤᠭᠳᠠᠬᠤ ᠳᠡᠰ ᠲᠠᠬᠢ ᠠᠵᠤ ᠠᠬᠤᠶᠢᠯᠠᠯ ᠨᠢ ᠰᠲ᠋ᠣᠺ ᠤᠨ ᠰᠠᠮᠪᠠᠷ᠎ᠠ ᠪᠠᠷ ᠱᠠᠩᠬᠠᠶ ᠱᠧᠨᠵᠧᠨ ᠤ ᠠᠷᠠᠯᠵᠢᠶᠠᠨ ᠤ | ᠭᠠᠵᠠᠷ ᠲᠤ ᠰᠢᠯᠵᠢᠵᠦ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠪᠠᠶᠢᠪᠠᠯ᠂ ᠳᠠᠬᠢᠨᠲᠠ ᠨᠢᠭᠡ ᠤᠳᠠᠭ᠎ᠠ ᠶᠢᠨ | ᠴᠢᠨᠠᠷᠲᠠᠶ ᠪᠠᠷ 1000 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ︾ ᠭᠡᠰᠡᠨ ᠢ ᠬᠠᠰᠤᠵᠤ ᠬᠠᠶᠠᠪᠠ᠃ | | ᠭᠤᠷᠪᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢ ᠳᠡᠭᠡᠷ᠎ᠡ ᠳᠤᠷᠠᠳᠤᠭᠰᠠᠨ ᠲᠣᠭᠲᠠᠭᠠᠯ ᠢ ᠴᠢᠩᠭ᠎ᠠ | ᠬᠡᠷᠡᠭᠵᠢᠭᠦᠯᠵᠦ᠂ ᠬᠡᠷᠡᠭᠵᠢᠭᠦᠯᠬᠦ ᠶᠠᠪᠤᠴᠠ ᠳᠤ ᠠᠰᠠᠭᠤᠳᠠᠯ ᠲᠣᠬᠢᠶᠠᠯᠳᠤᠪᠠᠯ᠂ ᠥᠪᠡᠷᠲᠡᠭᠡᠨ ᠵᠠᠰᠠᠬᠤ ᠣᠷᠣᠨ ᠤ | ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠨ | ᠲᠠᠶᠢᠯᠪᠤᠷᠢᠯᠠᠨ᠎ᠠ᠃ | 2021 ᠣᠨ ᠤ 11 ᠳ᠋ᠦ᠋ᠭᠡᠷ ᠰᠠᠷ᠎ᠠ ᠶᠢᠨ 16 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | |