ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ﹇2021﹈ 53 ᠳ᠋ᠤᠭᠠᠷ ᠲᠣᠭᠠᠲᠤ | ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢᠨ ᠠᠵᠢᠯ ᠢ ᠲᠦᠷᠭᠡᠳᠬᠡᠨ ᠬᠥᠭᠵᠢᠭᠦᠯᠬᠦ | ᠬᠤᠯᠪᠣᠭᠳᠠᠯ ᠪᠦᠬᠦᠢ ᠤᠴᠢᠷ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ | ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠢ ᠳᠤ᠄ | ︽ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢ ᠲᠦᠷᠭᠡᠳᠬᠡᠨ ᠬᠥᠭᠵᠢᠭᠦᠯᠬᠦ | ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ | ﹇2021﹈ 22 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ | ᠣᠷᠣᠨ ᠤ ᠬᠤᠲᠠ ᠪᠠᠯᠭᠠᠰᠤ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠲᠣᠭᠲᠠᠯᠴᠠᠭ᠎ᠠ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠦᠨ᠂ ᠣᠯᠠᠨ ᠭᠤᠤᠯ ᠴᠣᠭᠴᠠ ᠠᠴᠠ ᠬᠠᠩᠭᠠᠬᠤ᠂ ᠣᠯᠠᠨ ᠠᠷᠭ᠎ᠠ ᠵᠠᠮ ᠢᠶᠠᠷ ᠪᠠᠲᠤᠯᠠᠬᠤ᠂ | ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡᠪᠡᠷ ᠬᠡᠷᠡᠭᠵᠢᠭᠦᠯᠬᠦ ᠣᠷᠣᠨ ᠰᠠᠭᠤᠴᠠ ᠶᠢᠨ ᠳᠦᠷᠢᠮ ᠢ | ᠪᠠᠶᠢᠭᠤᠯᠬᠤ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ | ᠰᠠᠭᠤᠴᠠ ᠶᠢᠨ ᠠᠵᠢᠯ ᠢ ᠲᠦᠷᠭᠡᠳᠬᠡᠨ ᠬᠥᠭᠵᠢᠭᠦᠯᠬᠦ ᠬᠤᠯᠪᠣᠭᠳᠠᠯ ᠪᠦᠬᠦᠢ ᠤᠴᠢᠷ ᠢ ᠳᠤᠤᠷᠠᠬᠢ ᠮᠡᠲᠦ ᠮᠡᠳᠡᠭᠳᠡᠪᠡ᠄ | | ᠨᠢᠭᠡ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠬᠤ ᠶᠢ ᠪᠠᠷᠢᠮᠲᠠᠯᠠᠬᠤ ᠬᠡᠷᠡᠭᠲᠡᠶ | ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠨᠢ ᠭᠤᠣᠯᠳᠠᠭᠤ ᠨᠥᠬᠦᠴᠡᠯ ᠳᠤ ᠨᠡᠶᠢᠴᠡᠬᠦ | ᠬᠤᠲᠠ ᠶᠢᠨ ᠰᠢᠨ᠎ᠡ ᠠᠷᠠᠳ᠂ ᠵᠠᠯᠠᠭᠤᠴᠤᠳ ᠵᠡᠷᠭᠡ ᠬᠥᠮᠦᠰ ᠤᠨ ᠣᠷᠣᠨ ᠰᠠᠭᠤᠴᠠ ᠶᠢᠨ ᠬᠦᠴᠢᠷᠳᠡᠯᠲᠡᠶ | ᠠᠰᠠᠭᠤᠳᠠᠯ ᠢ ᠰᠢᠢᠳᠪᠦᠷᠢᠯᠡᠵᠦ᠂ ᠣᠷᠣᠨ ᠰᠠᠭᠤᠴᠠ ᠶᠢᠨ ᠲᠦᠷᠢᠶᠡᠰᠦᠯᠡᠬᠦ ᠵᠠᠬ᠎ᠠ ᠳᠡᠯᠭᠡᠭᠦᠷ ᠤᠨ ᠪᠦᠲᠦᠴᠡ ᠶᠢᠨ | ᠴᠢᠨᠠᠷᠲᠠᠶ ᠬᠠᠩᠭᠠᠯᠭ᠎ᠠ ᠬᠦᠷᠦᠯᠴᠡᠬᠦ ᠦᠭᠡᠶ ᠪᠠᠶᠢᠬᠤ ᠶᠢ ᠨᠠᠮᠳᠠᠭᠤᠯᠵᠤ᠂ ᠡᠯ᠎ᠡ ᠭᠠᠵᠠᠷ ᠣᠷᠣᠨ ᠨᠢ ᠲᠤᠬᠠᠶ ᠶᠢᠨ | ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠬᠤ᠂ ᠬᠠᠩᠭᠠᠯᠭ᠎ᠠ ᠬᠡᠷᠡᠭᠴᠡᠭᠡ ᠶᠢ ᠲᠥᠬᠦᠷᠵᠢᠭᠦᠯᠬᠦ᠂ ᠨᠢᠭᠡ | ᠬᠤᠲᠠ ᠳᠤ ᠨᠢᠭᠡ ᠲᠥᠷᠥ ᠶᠢᠨ ᠪᠣᠳᠣᠯᠭ᠎ᠠ ᠲᠠᠢ ᠪᠠᠶᠢᠯᠭᠠᠬᠤ ᠵᠠᠷᠴᠢᠮ ᠢ ᠪᠠᠷᠢᠮᠲᠠᠯᠠᠨ᠂ ᠲᠤᠰ ᠭᠠᠵᠠᠷ ᠣᠷᠣᠨ ᠤ | ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠬᠤ ᠬᠠᠷᠠᠯᠲᠠ ᠪᠠ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠᠨ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠬᠡᠷᠡᠭᠲᠡᠶ᠃ | ᠬᠡᠷᠡᠭᠴᠡᠭᠡ ᠱᠠᠭᠠᠷᠳᠠᠯᠭ᠎ᠠ ᠦᠭᠡᠶ ᠬᠤᠲᠠ ᠨᠢ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢ | ᠰᠣᠬᠤᠷ ᠪᠠᠯᠠᠶ ᠪᠠᠷ ᠬᠥᠭᠵᠢᠭᠦᠯᠵᠦ ᠪᠣᠯᠬᠤ ᠦᠭᠡᠶ᠂ ᠭᠤᠣᠯᠳᠠᠭᠤ ᠣᠯᠠᠨ ᠨᠡᠶᠢᠲᠡ ᠶᠢᠨ ᠲᠦᠷᠢᠶᠡᠰᠦᠨ ᠣᠷᠣᠨ | ᠰᠠᠭᠤᠴᠠ ᠶᠢᠨ ᠬᠡᠯᠪᠡᠷᠢ ᠪᠠᠷ ᠣᠷᠣᠨ ᠰᠠᠭᠤᠴᠠ ᠶᠢᠨ ᠪᠠᠲᠤᠯᠠᠭ᠎ᠠ ᠶᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠶ᠃ | ᠬᠤᠶᠠᠷ᠂ ᠠᠵᠢᠯ ᠤᠨ ᠭᠤᠣᠯᠳᠠᠯᠭ᠎ᠠ ᠪᠠᠨ ᠲᠣᠳᠣᠷᠬᠠᠶᠢᠯᠠᠬᠤ ᠬᠡᠷᠡᠭᠲᠡᠶ | ︵ᠨᠢᠭᠡ︶ ᠭᠤᠤᠯᠳᠠᠯᠭ᠎ᠠ ᠲᠠᠢ ᠬᠤᠲᠠ ᠶᠢ ᠲᠣᠭᠲᠠᠭᠠᠨ᠎ᠠ᠃ ᠤᠯᠤᠰ ᠤᠨ ᠪᠠᠲᠤᠯᠠᠭ᠎ᠠ ᠶᠢᠨ ᠴᠢᠨᠠᠷᠲᠠᠶ | ᠳᠦᠷᠢᠶᠡᠰᠦᠯᠡᠯ ᠤᠨ ᠣᠷᠣᠨ ᠰᠠᠭᠤᠴᠠ ᠶᠢ ᠬᠥᠭᠵᠢᠭᠦᠯᠬᠦ ᠲᠤᠬᠠᠶ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠬᠥᠬᠡᠬᠤᠲᠠ᠂ ᠪᠤᠭᠤᠲᠤ | ᠬᠤᠲᠠ᠂ ᠤᠯᠠᠭᠠᠨᠬᠠᠳᠠ ᠬᠤᠲᠠ ᠶᠢ ᠪᠥᠬᠦ ᠣᠷᠣᠨ ᠤ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ | ᠰᠠᠭᠤᠴᠠ ᠶᠢ ᠬᠥᠭᠵᠢᠭᠦᠯᠬᠦ ᠭᠤᠤᠯᠳᠠᠯᠭ᠎ᠠ ᠲᠠᠢ ᠬᠤᠲᠠ ᠪᠠᠷ ᠲᠣᠭᠲᠠᠭᠠᠵᠤ᠂ ᠡᠭᠦᠨ ᠳᠤ ᠬᠥᠬᠡᠬᠤᠲᠠ᠂ ᠪᠤᠭᠤᠲᠤ | ᠬᠤᠲᠠ ᠨᠢ ᠬᠤᠷᠢᠭ᠎ᠠ ᠱᠤᠭᠤᠮ ᠤᠨ ᠬᠤᠲᠠ ᠪᠣᠯᠣᠨ᠎ᠠ᠃ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ | ᠰᠠᠭᠤᠴᠠ ᠶᠢᠨ ᠡᠵᠡᠯᠡᠬᠦ ᠬᠠᠷᠢᠴᠠᠯ ᠢ ᠴᠢᠷᠮᠠᠶᠢᠨ ᠳᠡᠭᠡᠭᠰᠢᠯᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠤ ᠰᠢᠨ᠎ᠡ ᠪᠠᠷ ᠨᠡᠮᠡᠭᠳᠡᠭᠰᠡᠨ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ | ᠣᠷᠣᠨ ᠰᠠᠭᠤᠴᠠ ᠶᠢᠨ ᠰᠢᠨ᠎ᠡ ᠪᠠᠷ ᠨᠡᠮᠡᠭᠳᠡᠭᠰᠡᠨ ᠣᠷᠣᠨ ᠰᠠᠭᠤᠴᠠ ᠶᠢᠨ ᠬᠠᠩᠭᠠᠯᠭ᠎ᠠ ᠶᠢᠨ ᠶᠡᠷᠦᠩᠬᠡᠶ ᠬᠡᠮᠵᠢᠶ᠎ᠡ ᠶᠢᠨ | ᠵᠣᠬᠢᠬᠤ ᠬᠠᠷᠢᠴᠠᠯ ᠳᠤ ᠬᠦᠷᠭᠡᠬᠦ ᠬᠡᠷᠡᠭᠲᠡᠶ᠃ 2021 ᠣᠨ ᠤ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠪᠠᠲᠤᠯᠠᠭ᠎ᠠ ᠶᠢᠨ ᠴᠢᠨᠠᠷᠲᠠᠶ | ᠳᠦᠷᠢᠶᠡᠰᠦᠯᠡᠯ ᠤᠨ ᠣᠷᠣᠨ ᠰᠠᠭᠤᠴᠠ ᠶᠢᠨ ᠪᠥᠲᠥᠭᠡᠨ ᠪᠠᠢᠭᠤᠯᠬᠤ ᠬᠠᠷᠠᠯᠲᠠ ᠪᠠ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠲᠣᠭᠲᠠᠭᠠᠵᠤ᠂ ᠣᠨ ᠤ ᠪᠥᠲᠥᠭᠡᠨ ᠪᠠᠶᠢᠭᠤᠯᠤᠯᠲᠠ ᠶᠢᠨ ᠲᠥᠯᠥᠪᠯᠡᠭᠡ ᠶᠢ ᠲᠣᠭᠲᠠᠭᠠᠬᠤ ᠶᠢᠨ | ᠬᠠᠮᠲᠤ ᠨᠡᠶᠢᠭᠡᠮ ᠳᠤ ᠨᠡᠶᠢᠲᠡᠯᠡᠬᠦ ᠬᠡᠷᠡᠭᠲᠡᠶ᠃ | ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢ ᠬᠥᠭᠵᠢᠭᠦᠯᠬᠦ ᠴᠢᠬᠤᠯᠠᠲᠠᠶ ᠪᠤᠰᠤᠳ | ᠬᠤᠲᠠ ᠬᠢ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠡᠭᠦᠨ ᠤ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠪᠠᠲᠤᠯᠠᠭ᠎ᠠ ᠶᠢᠨ ᠴᠢᠨᠠᠷᠲᠠᠶ | ᠳᠦᠷᠢᠶᠡᠰᠦᠯᠡᠯ ᠤᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠬᠤ ᠬᠠᠷᠠᠯᠲᠠ᠂ ᠬᠥᠭᠵᠢᠯᠲᠡ ᠶᠢᠨ | ᠲᠥᠯᠥᠪᠵᠢᠭᠦᠯᠭᠡ ᠵᠢᠴᠢ ᠣᠨ ᠤ ᠪᠥᠲᠥᠭᠡᠨ ᠪᠠᠶᠢᠭᠤᠯᠬᠤ ᠲᠥᠯᠥᠪᠯᠡᠭᠡ ᠪᠠᠨ 2021 ᠣᠨ ᠤ 10 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ | ᠵᠠᠰᠠᠭ ᠤᠨ ᠲᠢᠩᠬᠢᠮ ᠳᠤ ᠮᠡᠳᠡᠭᠦᠯᠦᠨ ᠬᠢᠨᠠᠨ ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠰᠡᠨ ᠤ ᠳᠠᠷᠠᠭ᠎ᠠ᠂ ᠮᠤᠵᠢ ᠶᠢᠨ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠲᠣᠭᠲᠠᠭᠠᠭᠰᠠᠨ ᠬᠤᠲᠠ ᠪᠠᠷ ᠪᠥᠬᠦ ᠣᠷᠣᠨ ᠤ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ | ᠰᠠᠭᠤᠴᠠ ᠶᠢ ᠬᠥᠭᠵᠢᠭᠦᠯᠬᠦ ᠬᠤᠲᠠ ᠶᠢᠨ ᠬᠡᠪᠴᠢᠶᠡᠨ ᠳᠤ ᠣᠷᠣᠭᠤᠯᠬᠤ ᠶᠢᠨ ᠬᠠᠮᠲᠤ ᠨᠡᠶᠢᠭᠡᠮ ᠨᠡᠶᠢᠲᠡ ᠳᠤ | ᠨᠡᠶᠢᠲᠡᠯᠡᠬᠦ ᠬᠡᠷᠡᠭᠲᠡᠢ᠃ | ︵ᠬᠤᠶᠠᠷ︶ ᠪᠥᠲᠥᠭᠡᠨ ᠪᠠᠶᠢᠭᠤᠯᠬᠤ ᠠᠷᠭ᠎ᠠ ᠮᠠᠶ᠋ᠢᠭ ᠢ ᠲᠣᠳᠣᠷᠬᠠᠶᠢᠯᠠᠨ᠎ᠠ᠃ ᠡᠯ᠎ᠡ ᠭᠠᠵᠠᠷ ᠣᠷᠣᠨ ᠨᠢ ᠲᠤᠰ | ᠭᠠᠵᠠᠷ ᠣᠷᠣᠨ ᠤ ᠪᠠᠨ ᠬᠤᠲᠠ ᠶᠢᠨ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢᠨ | ᠬᠡᠷᠡᠭᠴᠡᠭᠡ ᠱᠠᠭᠠᠷᠳᠠᠯᠭ᠎ᠠ ᠪᠠ ᠦᠯᠡᠳᠡᠭᠡᠯ ᠭᠠᠵᠠᠷ ᠰᠢᠷᠣᠶ᠂ ᠭᠡᠷ ᠪᠠᠶᠢᠰᠢᠩ ᠤᠨ ᠡᠬᠢ ᠪᠠᠶᠠᠯᠢᠭ ᠤᠨ ᠪᠠᠶᠢᠳᠠᠯ ᠢ | ᠲᠣᠳᠣᠷᠬᠠᠶ ᠣᠶᠢᠯᠠᠭᠠᠵᠤ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ᠂ ᠣᠷᠣᠨ | ᠰᠠᠭᠤᠴᠠ ᠲᠦᠷᠢᠶᠡᠰᠦᠯᠡᠭᠦᠯᠬᠦ ᠠᠵᠤ ᠠᠬᠤᠶᠢᠯᠠᠯ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ | ᠠᠬᠤᠶᠢᠯᠠᠯ ᠵᠡᠷᠭᠡ ᠡᠯ᠎ᠡ ᠲᠥᠷᠥᠯ ᠤᠨ ᠭᠤᠣᠯ ᠴᠣᠭᠴᠠ ᠶᠢᠨ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ | ᠰᠠᠭᠤᠴᠠ ᠶᠢ ᠪᠦᠲᠦᠭᠡᠨ ᠪᠠᠶᠢᠭᠤᠯᠵᠤ ᠡᠵᠡᠩᠨᠡᠬᠦ ᠳᠤ ᠣᠷᠣᠯᠴᠠᠬᠤ ᠶᠢ ᠳᠡᠮᠵᠢᠵᠦ᠂ ᠰᠢᠨ᠎ᠡ ᠪᠠᠷ ᠪᠠᠶᠢᠭᠤᠯᠬᠤ᠂ | ᠥᠭᠡᠷᠡᠴᠢᠯᠡᠨ ᠪᠠᠶᠢᠭᠤᠯᠬᠤ᠂ ᠥᠭᠡᠷᠡᠴᠢᠯᠡᠨ ᠰᠢᠨᠡᠳᠭᠡᠬᠦ᠂ ᠲᠦᠷᠢᠶᠡᠰᠦᠯᠡᠬᠦ ᠨᠥᠬᠦᠪᠥᠷᠢ ᠥᠭᠬᠦ ᠵᠡᠷᠭᠡ ᠣᠯᠠᠨ | ᠵᠦᠢᠯ ᠤᠨ ᠠᠷᠭ᠎ᠠ ᠮᠠᠶ᠋ᠢᠭ ᠢᠶᠠᠷ᠂ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢᠨ | ᠬᠠᠩᠭᠠᠯᠭ᠎ᠠ ᠶᠢ ᠦᠨᠡᠨ ᠬᠦ ᠨᠡᠮᠡᠭᠳᠡᠭᠦᠯᠬᠦ ᠬᠡᠷᠡᠭᠲᠡᠶ᠃ | ︵ᠭᠤᠷᠪᠠ︶ ᠬᠡᠷᠡᠭᠵᠢᠭᠦᠯᠬᠦ ᠠᠷᠭ᠎ᠠ ᠶᠢ ᠲᠣᠭᠲᠠᠭᠠᠨ᠎ᠠ᠃ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ | ᠣᠷᠣᠨ ᠰᠠᠭᠤᠴᠠ ᠶᠢ ᠬᠥᠭᠵᠢᠭᠦᠯᠦᠭᠰᠡᠨ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠨᠢ ᠲᠥᠷᠥ ᠠᠯᠪᠠᠨ ᠲᠠᠷᠬᠠᠭᠠᠭᠰᠠᠨ ﹇2021﹈ 22 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠢ | ᠨᠠᠶᠢᠳᠠᠪᠤᠷᠢᠵᠢᠭᠤᠯᠬᠤ ᠶᠢᠨ ᠪᠣᠳᠠᠲᠠᠶ ᠬᠡᠷᠡᠭᠵᠢᠭᠦᠯᠬᠦ ᠠᠷᠭ᠎ᠠ ᠶᠢ ᠱᠠᠯᠠᠪᠳᠠᠨ ᠨᠡᠶᠢᠲᠡᠯᠡᠵᠦ᠂ ᠪᠠᠲᠤᠯᠠᠭ᠎ᠠ ᠶᠢᠨ ᠴᠢᠨᠠᠷᠲᠠᠶ | ᠳᠦᠷᠢᠶᠡᠰᠦᠯᠡᠯ ᠤᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠬᠤ ᠶᠢᠨ ᠠᠳᠠᠯᠢ ᠪᠤᠰᠤ ᠠᠷᠭ᠎ᠠ ᠮᠠᠶ᠋ᠢᠭ ᠲᠤ | ᠴᠢᠭᠯᠡᠭᠦᠯᠦᠨ᠂ ᠦᠨᠳᠦᠰᠦᠨ ᠵᠦᠢᠯ ᠢ ᠪᠠᠲᠤᠯᠠᠬᠤ ᠵᠠᠷᠴᠢᠮ ᠶᠣᠰᠣᠭᠠᠷ᠂ ᠵᠥᠪᠰᠢᠶᠡᠷᠡᠨ ᠣᠷᠣᠭᠤᠯᠬᠤ ᠪᠠ ᠪᠤᠴᠠᠭᠠᠨ | ᠭᠠᠷᠭᠠᠬᠤ ᠪᠣᠳᠠᠲᠠᠶ ᠨᠥᠬᠦᠴᠡᠯ᠂ ᠪᠠᠭ᠎ᠠ ᠲᠠᠰᠤᠯᠭ᠎ᠠ ᠶᠢᠨ ᠭᠡᠷ ᠤᠨ ᠬᠡᠯᠪᠡᠷᠢ ᠶᠢᠨ ᠲᠠᠯᠠᠪᠠᠢ ᠶᠢᠨ ᠪᠠᠷᠢᠮᠵᠢᠶ᠎ᠠ᠂ ᠬᠢᠨᠠᠨ | ᠬᠠᠷᠭᠤᠭᠤᠯᠬᠤ ᠪᠠᠷ ᠭᠤᠶᠤᠴᠢᠯᠠᠬᠤ ᠠᠵᠢᠯ ᠤᠨ ᠴᠤᠪᠤᠷᠠᠯ ᠵᠡᠷᠭᠡ ᠬᠠᠮᠢᠶᠠᠷᠤᠯᠲᠠ ᠶᠢᠨ ᠱᠠᠭᠠᠷᠳᠠᠯᠭ᠎ᠠ ᠶᠢ ᠲᠥᠷᠥᠯ | ᠬᠤᠪᠢᠶᠠᠨ ᠲᠣᠭᠲᠠᠭᠠᠬᠤ ᠬᠡᠷᠡᠭᠲᠡᠶ᠃ | ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠶ | ︵ᠨᠢᠭᠡ︶ ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠨᠢ ᠲᠤᠰ ᠭᠠᠵᠠᠷ ᠣᠷᠣᠨ ᠤ ᠪᠠᠨ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ | ᠣᠷᠣᠨ ᠰᠠᠭᠤᠴᠠ ᠶᠢ ᠬᠥᠭᠵᠢᠭᠦᠯᠬᠦ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠡᠭᠲᠡᠶ᠃ ᠪᠠᠲᠤᠯᠠᠭ᠎ᠠ ᠶᠢᠨ | ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢ ᠬᠥᠭᠵᠢᠭᠦᠯᠬᠦ ᠭᠠᠵᠠᠷ ᠣᠷᠣᠨ ᠨᠢ ᠰᠠᠯᠠᠭ᠎ᠠ ᠮᠥᠴᠢᠷ | ᠬᠤᠯᠪᠣᠭᠠᠯᠠᠨ ᠬᠢᠨᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠠᠲᠤᠯᠠᠭ᠎ᠠ ᠶᠢᠨ ᠴᠢᠨᠠᠷᠲᠠᠶ | ᠳᠦᠷᠢᠶᠡᠰᠦᠯᠡᠯ ᠤᠨ ᠣᠷᠣᠨ ᠰᠠᠭᠤᠴᠠ ᠶᠢᠨ ᠲᠥᠷᠥᠯ ᠵᠦᠢᠯ ᠢ ᠮᠠᠭᠠᠳᠯᠠᠨ ᠲᠣᠭᠲᠠᠭᠠᠭᠰᠠᠨ ᠪᠢᠴᠢᠭ ᠭᠠᠷᠭᠠᠵᠤ᠂ | ᠪᠣᠰᠢᠭᠤ ᠬᠢᠨᠠᠨ ᠵᠥᠪᠰᠢᠶᠡᠷᠡᠬᠦ ᠴᠤᠪᠤᠷᠠᠯ ᠢ ᠪᠠᠶᠢᠭᠤᠯᠵᠤ᠂ ᠠᠵᠢᠯᠯᠠᠭᠤᠯᠬᠤ ᠵᠢᠯᠣᠭᠤᠳᠤᠮᠵᠢ ᠶᠢ ᠲᠣᠳᠣᠷᠬᠠᠶᠢᠯᠠᠨ᠂ | ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠲᠥᠷᠥᠯ ᠵᠦᠢᠯ ᠢ ᠲᠦᠷᠭᠡᠬᠡᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠨᠢ ᠭᠠᠶᠢᠯᠢ ᠶᠢᠨ ᠶᠠᠪᠤᠳᠠᠯ | ᠂ ᠴᠠᠬᠢᠯᠭᠠᠨ ᠬᠦᠴᠦᠨ᠂ ᠮᠥᠩᠭᠦᠨ ᠭᠦᠢᠯᠭᠡᠭᠡᠨ ᠵᠡᠷᠭᠡ ᠰᠠᠯᠠᠭ᠎ᠠ ᠮᠥᠴᠢᠷ ᠨᠢᠭᠡᠴᠢ ᠯᠤᠭ᠎ᠠ ᠶᠢᠨ ᠬᠤᠯᠪᠣᠭᠠᠯᠠᠨ | ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠲᠥᠷᠥᠯ ᠵᠦᠢᠯ ᠢ ᠮᠠᠭᠠᠳᠯᠠᠨ ᠲᠣᠭᠲᠠᠭᠠᠬᠤ ᠪᠢᠴᠢᠭ ᠢᠶᠠᠷ | ᠳᠠᠮᠵᠢᠭᠤᠯᠤᠨ᠂ ᠣᠷᠣᠨ ᠰᠠᠭᠤᠴᠠ ᠶᠢᠨ ᠪᠤᠰᠤ ᠦᠯᠡᠳᠡᠭᠡᠯ ᠭᠠᠵᠠᠷ ᠰᠢᠷᠣᠶ ᠪᠠ ᠬᠡᠷ ᠪᠠᠶᠢᠰᠢᠩ ᠤᠨ ᠪᠦᠲᠦᠭᠡᠨ | ᠪᠠᠶᠢᠭᠤᠯᠤᠯᠲᠠ ᠶᠢᠨ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠪᠠᠶᠢᠭᠤᠯᠤᠭᠰᠠᠨ ᠭᠠᠶᠢᠯᠢ | ᠲᠠᠲᠠᠪᠤᠷᠢ᠂ ᠠᠷᠠᠳ ᠤᠨ ᠬᠡᠷᠡᠭᠯᠡᠭᠡᠨ ᠤ ᠤᠰᠤ ᠴᠠᠬᠢᠯᠭᠠᠨ ᠬᠡᠶ ᠶᠢᠨ ᠦᠨ᠎ᠡ ᠬᠠᠩᠰᠢ ᠵᠡᠷᠭᠡ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠤᠯᠤᠰ ᠤᠨ ᠨᠡᠭᠡᠭᠡᠯᠲᠡ ᠶᠢᠨ ᠪᠠᠩᠬᠢ᠂ | ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ᠂ ᠪᠦᠲᠦᠭᠡᠨ ᠪᠠᠶᠢᠭᠤᠯᠤᠯᠲᠠ ᠶᠢᠨ ᠪᠠᠩᠬᠢ ᠵᠡᠷᠭᠡ ᠪᠠᠩᠬᠢ ᠶᠢᠨ | ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠶᠢᠨ ᠵᠣᠯᠭᠠᠭᠤᠯᠲᠠ ᠪᠠᠨ ᠴᠢᠩᠭᠠᠳᠬᠠᠵᠤ᠂ | ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ | ᠡᠵᠡᠩᠨᠡᠯᠲᠡ ᠳᠠᠬᠢ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃ | ᠥᠪᠡᠷᠲᠡᠭᠡᠨ ᠵᠠᠰᠠᠭ ᠣᠷᠣᠨ ᠠᠴᠠ ᠲᠤᠰᠬᠠᠢ ᠵᠦᠢᠯ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠵᠦ ᠪᠦᠬᠦ | ᠣᠷᠣᠨ ᠤ ᠪᠠᠲᠤᠯᠠᠭ᠎ᠠ ᠶᠢᠨ ᠴᠢᠨᠠᠷᠲᠠᠢ ᠳᠦᠷᠢᠶᠡᠰᠦᠯᠡᠯ ᠤᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ | ᠲᠥᠯᠥᠪᠯᠡᠭᠡ ᠳᠤ ᠣᠷᠣᠭᠤᠯᠤᠭᠰᠠᠨ ᠲᠥᠷᠥᠯ ᠵᠦᠢᠯ ᠳᠤ ᠵᠣᠬᠢᠬᠤ ᠬᠡᠮᠵᠢᠶᠡᠨ ᠤ ᠪᠡᠯᠡ ᠮᠥᠩᠭᠦ ᠶᠢᠨ ᠲᠤᠰᠠᠯᠠᠮᠵᠢ | ᠣᠯᠭᠤᠨ᠎ᠠ᠃ | ︵ᠬᠤᠶᠠᠷ︶ ᠬᠢᠨᠠᠯᠲᠠ ᠬᠠᠮᠢᠶᠠᠷᠤᠯᠲᠠ ᠶᠢ ᠴᠢᠩᠳᠠᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠲᠤᠰ | ᠱᠠᠳᠤ ᠨᠢ ᠪᠦᠬᠦ ᠣᠷᠣᠨ ᠤ ᠪᠠᠲᠤᠯᠠᠭ᠎ᠠ ᠶᠢᠨ ᠴᠢᠨᠠᠷᠲᠠᠢ ᠳᠦᠷᠢᠶᠡᠰᠦᠯᠡᠯ ᠤᠨ ᠣᠷᠣᠨ ᠰᠠᠭᠤᠴᠠ ᠶᠢᠨ ᠨᠢᠭᠡᠳᠦᠯᠲᠡᠢ | ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠢ ᠲᠦᠷᠭᠡᠳᠬᠡᠨ ᠪᠠᠶᠢᠭᠤᠯᠵᠤ᠂ ᠡᠯ᠎ᠡ ᠬᠤᠳᠠ ᠶᠢᠨ ᠪᠠᠲᠤᠯᠠᠭ᠎ᠠ ᠶᠢᠨ | ᠴᠢᠨᠠᠷᠲᠠᠢ ᠳᠦᠷᠢᠶᠡᠰᠦᠯᠡᠯ ᠤᠨ ᠣᠷᠣᠨ ᠰᠠᠭᠤᠴᠠ ᠶᠢᠨ ᠳᠦᠷᠦᠯ ᠵᠦᠢᠯ ᠢ ᠲᠠᠪᠴᠠᠩ ᠳᠤ ᠣᠷᠣᠭᠤᠯᠤᠨ ᠨᠢᠭᠡᠳᠦᠯᠲᠡᠢ | ᠬᠠᠮᠢᠶᠠᠷᠴᠤ᠂ ᠪᠠᠲᠤᠯᠠᠭ᠎ᠠ ᠶᠢᠨ ᠴᠢᠨᠠᠷᠲᠠᠢ ᠳᠦᠷᠢᠶᠡᠰᠦᠯᠡᠯ ᠤᠨ ᠣᠷᠣᠨ ᠰᠠᠭᠤᠴᠠ ᠶᠢᠨ ᠪᠦᠬᠦ ᠶᠠᠪᠤᠴᠠ ᠳᠤ ᠬᠢᠨᠠᠯᠲᠠ | ᠲᠠᠯᠪᠢᠬᠤ ᠶᠢ ᠴᠢᠩᠭᠠᠳᠬᠠᠨ᠎ᠠ᠃ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠪᠠᠷᠢᠯᠭ᠎ᠠ ᠶᠢᠨ ᠶᠠᠰᠤ ᠴᠢᠨᠠᠷ ᠤᠨ ᠠᠶᠤᠯ ᠦᠭᠡᠶ ᠶᠢᠨ ᠬᠢᠨᠠᠯᠲᠠ | ᠬᠠᠮᠢᠶᠠᠷᠤᠯᠲᠠ ᠳᠤ ᠣᠷᠣᠭᠤᠯᠬᠤ ᠶᠢᠨ ᠬᠠᠮᠲᠤ᠂ ᠬᠢᠨᠠᠯᠲᠠ ᠲᠠᠯᠪᠢᠵᠤ ᠪᠠᠶᠢᠴᠠᠭᠠᠬᠤ ᠶᠢᠨ ᠭᠤᠣᠯᠳᠠᠯᠭ᠎ᠠ ᠪᠣᠯᠭᠠᠬᠤ | ᠬᠡᠷᠡᠭᠲᠡᠶ︔ ᠲᠥᠷᠢᠶᠡᠰᠦᠯᠡᠬᠦ ᠬᠠᠮᠢᠶᠠᠷᠤᠯᠲᠠ ᠶᠢ ᠴᠢᠩᠭᠠᠳᠬᠠᠨ᠂ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ | ᠣᠷᠣᠨ ᠰᠠᠭᠤᠴᠠ ᠶᠢᠨ ᠪᠠᠭ᠎ᠠ ᠲᠠᠰᠤᠯᠭ᠎ᠠ ᠶᠢᠨ ᠭᠡᠷ ᠤᠨ ᠬᠡᠯᠪᠡᠷᠢ᠂ ᠲᠦᠷᠢᠶᠡᠰᠦᠨ ᠮᠥᠩᠭᠦ ᠳᠣᠣᠷ᠎ᠠ᠂ ᠬᠤᠲᠠ ᠶᠢᠨ | ᠰᠢᠨ᠎ᠡ ᠠᠷᠠᠳ ᠪᠣᠯᠤᠨ ᠵᠠᠯᠠᠭᠤᠴᠤᠳ ᠲᠤ ᠬᠠᠨᠳᠤᠭᠤᠯᠤᠭᠰᠠᠨ ᠬᠠᠩᠭᠠᠯᠭ᠎ᠠ ᠶᠢᠨ ᠱᠠᠭᠠᠷᠳᠠᠯᠭ᠎ᠠ ᠳᠤ ᠨᠡᠶᠢᠴᠡᠬᠦ ᠶᠢ | ᠦᠨᠡᠨ ᠬᠦ ᠪᠠᠲᠤᠯᠠᠬᠤ ᠬᠡᠷᠡᠭᠲᠡᠶ︔ ᠡᠵᠡᠩᠨᠡᠯᠲᠡ ᠬᠠᠮᠢᠶᠠᠷᠤᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠲᠤ ᠭᠠᠷᠭᠠᠨ | ᠪᠣᠷᠣᠯᠠᠭᠤᠯᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠪᠣᠷᠣᠯᠠᠭᠤᠯᠬᠤ ᠶᠢ ᠡᠷᠡᠰ ᠰᠡᠷᠭᠡᠶᠢᠯᠡᠨ ᠬᠤᠷᠢᠭᠯᠠᠵᠤ᠂ | ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢᠨ ᠨᠡᠷ᠎ᠡ ᠪᠠᠷ ᠲᠣᠭᠲᠠᠭᠠᠯ ᠠᠴᠠ ᠵᠥᠷᠢᠴᠡᠨ | ᠡᠵᠡᠩᠨᠡᠬᠦ ᠪᠤᠶᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠮᠡᠬᠡᠯᠡᠨ ᠣᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ | ︵ᠭᠤᠷᠪᠠ︶ ᠬᠢᠨᠠᠨ ᠬᠡᠮᠵᠢᠵᠦ ᠰᠢᠯᠭᠠᠨ ᠦᠨᠡᠯᠡᠬᠦ ᠶᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠨᠢ ᠪᠦᠬᠦ ᠣᠷᠣᠨ ᠤ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ | ᠰᠠᠭᠤᠴᠠ ᠶᠢᠨ ᠬᠦᠭᠵᠢᠯᠲᠡ ᠶᠢᠨ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠵᠦ᠂ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠤᠰ ᠭᠠᠵᠠᠷ ᠣᠷᠣᠨ ᠤ ᠪᠠᠨ ᠪᠠᠲᠤᠯᠠᠭ᠎ᠠ ᠶᠢᠨ ᠴᠢᠨᠠᠷᠲᠠᠶ | ᠳᠦᠷᠢᠶᠡᠰᠦᠯᠡᠯ ᠤᠨ ᠣᠷᠣᠨ ᠰᠠᠭᠤᠴᠠ ᠶᠢᠨ ᠬᠦᠭᠵᠢᠯᠲᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ | ᠪᠠᠶᠢᠭᠤᠯᠤᠯᠲᠠ ᠶᠢᠨ ᠲᠢᠩᠬᠢᠮ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠯ᠎ᠡ ᠠᠶᠢᠮᠠᠭ | ᠬᠤᠳᠠ ᠶᠢᠨ ᠪᠠᠲᠤᠯᠠᠭ᠎ᠠ ᠶᠢᠨ ᠴᠢᠨᠠᠷᠲᠠᠢ ᠳᠦᠷᠢᠶᠡᠰᠦᠯᠡᠯ ᠤᠨ ᠣᠷᠣᠨ ᠰᠠᠭᠤᠴᠠ ᠶᠢᠨ ᠬᠥᠭᠵᠢᠯᠲᠡ ᠶᠢᠨ ᠪᠠᠶᠢᠳᠠᠯ ᠢ | ᠬᠢᠨᠠᠨ ᠬᠡᠮᠵᠢᠨ ᠰᠢᠯᠭᠠᠨ ᠦᠨᠡᠯᠡᠵᠦ᠂ ᠡᠯ᠎ᠡ ᠠᠶᠢᠮᠠᠭ ᠬᠤᠳᠠ ᠶᠢᠨ ᠬᠥᠭᠵᠢᠯᠲᠡ ᠶᠢᠨ ᠪᠠᠲᠤᠯᠠᠭ᠎ᠠ ᠶᠢᠨ ᠴᠢᠨᠠᠷᠲᠠᠢ | ᠳᠦᠷᠢᠶᠡᠰᠦᠯᠡᠯ ᠤᠨ ᠣᠷᠣᠨ ᠰᠠᠭᠤᠴᠠ ᠶᠢ ᠬᠦᠭᠵᠢᠭᠦᠯᠬᠦ ᠶᠢᠨ ᠬᠤᠳᠠ ᠶᠢᠨ ᠰᠢᠨ᠎ᠡ ᠠᠷᠠᠳ᠂ ᠵᠠᠯᠠᠭᠤᠴᠤᠳ ᠵᠡᠷᠭᠡ | ᠬᠥᠮᠦᠰ ᠤᠨ ᠣᠷᠣᠨ ᠰᠠᠭᠤᠴᠠ ᠶᠢᠨ ᠬᠦᠴᠢᠷᠳᠡᠯ ᠢ ᠰᠢᠢᠳᠪᠦᠷᠢᠯᠡᠬᠦ ᠶᠢ ᠠᠬᠢᠭᠤᠯᠤᠭᠰᠠᠨ ᠦᠷ᠎ᠡ ᠪᠦᠲᠦᠮᠵᠢ ᠶᠢ | ᠭᠤᠣᠯᠳᠠᠯᠭ᠎ᠠ ᠲᠠᠢ ᠰᠢᠯᠭᠠᠨ ᠦᠨᠡᠯᠡᠵᠦ᠂ ᠡᠯ᠎ᠡ ᠭᠠᠵᠠᠷ ᠣᠷᠣᠨ ᠢ ᠰᠢᠮᠳᠠᠭᠤᠯᠵᠤ ᠪᠠᠶᠢᠭᠠᠳ ᠪᠠᠲᠤᠯᠠᠭ᠎ᠠ ᠶᠢᠨ | ᠴᠢᠨᠠᠷᠲᠠᠢ ᠳᠦᠷᠢᠶᠡᠰᠦᠯᠡᠯ ᠤᠨ ᠣᠷᠣᠨ ᠰᠠᠭᠤᠴᠠ ᠶᠢᠨ ᠬᠠᠩᠭᠠᠯᠭ᠎ᠠ ᠶᠢ ᠦᠨᠡᠨ ᠬᠦ ᠨᠡᠮᠡᠭᠳᠡᠭᠦᠯᠬᠦ ᠬᠡᠷᠡᠭᠲᠡᠢ᠃ | ︵ᠳᠥᠷᠪᠡ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ᠡᠯ᠎ᠡ ᠠᠶᠢᠮᠠᠭ ᠤᠨ ᠵᠠᠬᠢᠷᠭ᠎ᠠ᠂ | ᠬᠤᠳᠠ ᠶᠢᠨ ᠠᠷᠠᠳ ᠤᠨ ᠵᠠᠰᠠᠭ ᠤᠨ ᠣᠷᠳᠣᠨ ᠨᠢ ᠡᠯ᠎ᠡ ᠲᠦᠷᠦᠯ ᠤᠨ ᠵᠠᠭᠤᠴᠢᠯᠠᠭᠤᠷ ᠢᠶᠠᠷ ᠳᠠᠮᠵᠢᠭᠤᠯᠤᠨ᠂ | ᠪᠠᠲᠤᠯᠠᠭ᠎ᠠ ᠶᠢᠨ ᠴᠢᠨᠠᠷᠲᠠᠢ ᠳᠦᠷᠢᠶᠡᠰᠦᠯᠡᠯ ᠤᠨ ᠣᠷᠣᠨ ᠰᠠᠭᠤᠴᠠ ᠶᠢ ᠬᠥᠭᠵᠢᠭᠦᠯᠬᠦ ᠡᠯ᠎ᠡ ᠵᠦᠢᠯ ᠤᠨ ᠲᠦᠷᠦ ᠶᠢᠨ | ᠪᠤᠳᠤᠯᠭ᠎ᠠ ᠶᠢ ᠤᠬᠠᠭᠤᠯᠬᠤ ᠡᠷᠴᠢᠮ ᠢᠶᠠᠨ ᠨᠡᠮᠡᠭᠳᠡᠭᠦᠯᠵᠦ᠂ ᠡᠯ᠎ᠡ ᠲᠦᠷᠦᠯ ᠤᠨ ᠭᠤᠣᠯ ᠴᠣᠭᠴᠠ ᠶᠢ ᠬᠦᠳᠦᠯᠦᠨ | ᠵᠢᠯᠣᠭᠤᠳᠴᠤ ᠪᠠᠶᠢᠭᠠᠳ ᠪᠠᠲᠤᠯᠠᠭ᠎ᠠ ᠶᠢᠨ ᠴᠢᠨᠠᠷᠲᠠᠢ ᠳᠦᠷᠢᠶᠡᠰᠦᠯᠡᠯ ᠤᠨ ᠣᠷᠣᠨ ᠰᠠᠭᠤᠴᠠ ᠶᠢ ᠪᠦᠳᠦᠭᠡᠨ | ᠪᠠᠶᠢᠭᠤᠯᠵᠤ ᠡᠵᠡᠩᠨᠡᠬᠦ ᠳᠤ ᠣᠷᠣᠯᠴᠠᠭᠤᠯᠤᠨ᠂ ᠲᠤᠷᠰᠢᠯᠭ᠎ᠠ ᠬᠢᠳᠡᠯ ᠢ ᠴᠠᠭ ᠲᠤᠬᠠᠢ ᠳᠤ ᠨᠢ ᠳ᠋ᠦᠩᠨᠡᠨ ᠤᠬᠠᠭᠤᠯᠵᠤ᠂ | ᠪᠠᠲᠤᠯᠠᠭ᠎ᠠ ᠶᠢᠨ ᠴᠢᠨᠠᠷᠲᠠᠢ ᠳᠦᠷᠢᠶᠡᠰᠦᠯᠡᠯ ᠤᠨ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠬᠢᠭᠡᠳ | ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ᠃ | 2021 ᠣᠨ ᠤ 9 ᠳ᠋ᠦ᠋ᠭᠡᠷ ᠰᠠᠷ᠎ᠠ ᠶᠢᠨ 23 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶᠃ | — — — — — — — — — — — — — — — | — — — — — — — — — — — ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ 2021 ᠣᠨ ᠤ 9 ᠳ᠋ᠦ᠋ᠭᠡᠷ ᠰᠠᠷ᠎ᠠ ᠶᠢᠨ | 23 ᠤ ᠡᠳᠦᠷ ᠳᠠᠷᠤᠮᠠᠯᠯᠠᠨ ᠲᠠᠷᠬᠠᠭᠠᠪᠠ |