ᠦᠪᠣᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ︹2021︺ 43 ᠳ᠋ᠤᠭᠠᠷ ᠲᠣᠭᠠᠲᠤ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ | ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ | ᠡᠬᠢ ᠪᠠᠶᠠᠯᠢᠭ ᠤᠨ ᠬᠠᠮᠢᠶᠠᠷᠤᠯᠲᠠ ᠶᠢᠨ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ | ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | 2021 ᠣᠨ ᠤ 9 ᠳ᠋ᠦ᠋ᠭᠡᠷ ᠰᠠᠷ᠎ᠠ ᠶᠢᠨ 11 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ | ᠪᠠᠶᠠᠯᠢᠭ ᠤᠨ ᠬᠠᠮᠢᠶᠠᠷᠤᠯᠲᠠ ᠶᠢᠨ ᠠᠷᠭ᠎ᠠ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠪᠥᠬᠦ ᠣᠷᠣᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ | ᠬᠠᠮᠢᠶᠠᠷᠤᠯᠲᠠ ᠶᠢ ᠵᠢᠷᠤᠮᠵᠢᠭᠤᠯᠤᠨ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠴᠣᠭᠯᠠᠭᠤᠯᠣᠨ ᠬᠤᠷᠢᠶᠠᠵᠤ ᠨᠡᠶᠢᠯᠡᠭᠦᠯᠬᠦ | ᠂ ᠬᠠᠮᠲᠤ ᠳᠤ ᠪᠠᠨ ᠭᠥᠷᠳᠡᠵᠦ ᠨᠡᠭᠡᠭᠡᠯᠲᠡ ᠲᠠᠢ ᠪᠠᠶᠢᠯᠭᠠᠬᠤ ᠪᠠ ᠨᠡᠭᠡᠭᠡᠨ ᠠᠰᠢᠭᠯᠠᠬᠤ ᠶᠢ ᠲᠦᠷᠭᠡᠳᠬᠡᠨ ᠠᠬᠢᠭᠤᠯᠵᠤ᠂ | ᠲᠣᠭᠠᠵᠢᠯᠲᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ᠂ ᠵᠠᠰᠠᠭ ᠤᠨ ᠣᠷᠳᠣᠨ ᠤ ᠵᠠᠰᠠᠯᠲᠠ ᠶᠢᠨ | ᠣᠳᠣᠬᠢᠴᠢᠯᠠᠬᠤ ᠬᠢᠷᠢ ᠲᠦᠪᠰᠢᠨ ᠢ ᠳᠡᠭᠡᠭᠰᠢᠯᠡᠭᠦᠯᠬᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ | ᠠᠬᠢᠭᠤᠯᠬᠤ ᠵᠡᠷᠭᠡ ᠲᠠᠯ᠎ᠠ ᠲᠠᠬᠢ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠴᠢᠬᠤᠯᠠ ᠦᠢᠯᠡᠳᠦᠯ ᠢ | ᠭᠦᠢᠴᠡᠳ ᠪᠠᠳᠠᠷᠠᠭᠤᠯᠬᠤ ᠶᠢᠨ ᠲᠤᠰᠠᠳᠠ᠂ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠪᠠ | ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ | ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠣᠰ ᠠᠷᠭ᠎ᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ | ᠵᠠᠬᠢᠷᠭᠠᠨ ᠤ ᠣᠷᠣᠨ ᠲᠠᠬᠢ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ | ᠠᠵᠢᠯᠯᠠᠭ᠎ᠠ ᠳᠤ ᠬᠡᠷᠡᠭᠯᠡᠭᠳᠡᠨ᠎ᠡ᠃ | ᠭᠤᠷᠪᠠᠳᠤᠭᠠᠷ ᠵᠦᠢᠯ ᠲᠣᠰ ᠠᠷᠭ᠎ᠠ ᠳᠤ ᠬᠡᠯᠡᠵᠦ ᠪᠠᠶᠢᠭ᠎ᠠ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ | ᠪᠠᠶᠠᠯᠢᠭ ᠭᠡᠳᠡᠭ ᠨᠢ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ ᠣᠯᠠᠨ ᠨᠡᠶᠢᠲᠡ ᠶᠢᠨ ᠬᠠᠮᠢᠶᠠᠷᠤᠯᠲᠠ | ᠪᠠ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠭᠦᠢᠴᠡᠳᠬᠡᠵᠦ ᠪᠠᠶᠢᠭ᠎ᠠ ᠠᠵᠢᠯ ᠦᠢᠯᠡᠰ ᠤᠨ ᠨᠢᠭᠡᠴᠢ ︵ᠳᠣᠷᠣᠭᠰᠢ | ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠶᠠᠪᠤᠴᠠ ᠳᠤ ᠵᠣᠬᠢᠶᠠᠭᠰᠠᠨ ᠪᠤᠶᠤ ᠬᠦᠷᠲᠡᠭᠰᠡᠨ᠂ ᠵᠣᠬᠢᠬᠤ ᠬᠡᠯᠪᠡᠷᠢ ᠪᠠᠷ ᠪᠢᠴᠢᠵᠦ ᠲᠡᠮᠳᠡᠭᠯᠡᠵᠦ | ᠬᠠᠳᠠᠭᠠᠯᠠᠭᠰᠠᠨ ᠦᠰᠦᠭ ᠪᠢᠴᠢᠭ᠂ ᠲᠤᠭ᠎ᠠ᠂ ᠵᠢᠷᠤᠭ ᠬᠦᠰᠦᠨᠦᠭᠲᠦ᠂ ᠵᠢᠷᠤᠭᠲᠤ ᠳᠦᠷᠰᠦ᠂ ᠳᠠᠭᠤᠨ ᠤ ᠳᠠᠪᠲᠠᠮᠵᠢ | ᠂ ᠸᠢᠳᠢᠣ᠋᠂ ᠡᠯᠧᠺᠳ᠋ᠷᠣᠨ ᠭᠡᠷᠡᠴᠢ ᠦᠨᠡᠮᠯᠡᠯ᠂ ᠡᠯᠧᠺᠳ᠋ᠷᠣᠨ ᠳᠠᠩᠰᠠ ᠡᠪᠬᠡᠮᠡᠯ ᠵᠡᠷᠭᠡ ᠡᠯ᠎ᠡ ᠲᠥᠷᠥᠯ ᠤᠨ ᠪᠦᠲᠦᠴᠡᠲᠦ᠂ | ᠬᠠᠭᠠᠰ ᠪᠦᠲᠦᠴᠡᠲᠦ ᠪᠠ ᠪᠦᠲᠦᠴᠡᠲᠦ ᠪᠤᠰᠤ ᠳ᠋ᠠᠶᠢᠲ᠋ᠠ ᠶᠢᠨ ᠡᠬᠢ ᠪᠠᠶᠠᠯᠢᠭ᠂ ᠡᠭᠦᠨ ᠳᠤ ᠵᠠᠰᠠᠭ ᠤᠨ ᠶᠠᠪᠤᠳᠠᠯ ᠤᠨ | ᠰᠠᠯᠠᠭ᠎ᠠ ᠮᠥᠴᠢᠷ ᠤᠨ ᠰᠢᠭᠤᠳ ᠪᠤᠶᠤ ᠭᠤᠷᠪᠠᠳᠠᠬᠢ ᠡᠲᠡᠭᠡᠳ ᠢᠶᠠᠷ ᠳᠠᠮᠵᠢᠭᠤᠯᠵᠤ ᠬᠠᠤᠯᠢ ᠶᠣᠰᠣᠭᠠᠷ | ᠴᠤᠭᠯᠠᠭᠤᠯᠤᠭᠰᠠᠨ᠂ ᠬᠠᠤᠯᠢ ᠶᠣᠰᠣᠭᠠᠷ ᠡᠷᠬᠡ ᠣᠯᠭᠤᠨ ᠬᠠᠮᠢᠶᠠᠷᠤᠭᠤᠯᠬᠤ ᠪᠠ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠱᠠᠭᠠᠷᠳᠠᠯᠭ᠎ᠠ ᠠᠴᠠ ᠪᠣᠯᠵᠣ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠳᠤ ᠲᠦᠰᠢᠭᠯᠡᠨ | ᠪᠦᠷᠢᠯᠳᠤᠭᠰᠡᠨ ᠳ᠋ᠠᠶᠢᠲ᠋ᠠ ᠶᠢᠨ ᠡᠬᠢ ᠪᠠᠶᠠᠯᠢᠭ ᠵᠡᠷᠭᠡ ᠶᠢ ᠵᠢᠭᠠᠵᠤ ᠪᠣᠢ᠃ | ᠳᠥᠷᠪᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ | ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠥᠬᠦᠶ | ᠪᠠᠶᠢᠭᠤᠯᠤᠮᠵᠢ ︵ᠳᠣᠷᠣᠭᠰᠢ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ | ᠪᠠᠶᠢᠭᠤᠯᠤᠮᠵᠢ ᠭᠡᠵᠦ ᠲᠣᠪᠴᠢᠯᠠᠨ᠎ᠠ︶ ᠨᠢ ᠲᠣᠰ ᠵᠠᠰᠠᠭ ᠵᠠᠬᠢᠷᠭᠠᠨ ᠤ ᠣᠷᠣᠨ ᠲᠠᠬᠢ ᠵᠠᠰᠠᠭ ᠤᠨ ᠶᠠᠪᠤᠳᠠᠯ ᠤᠨ | ᠳ᠋ᠠᠶᠢᠲ᠋ᠠ ᠶᠢᠨ ᠡᠬᠢ ᠪᠠᠶᠠᠯᠢᠭ ᠢ ᠴᠣᠭᠯᠠᠭᠤᠯᠣᠨ ᠬᠤᠷᠢᠶᠠᠵᠤ ᠨᠡᠶᠢᠯᠡᠭᠦᠯᠬᠦ᠂ ᠬᠠᠮᠲᠤ ᠳᠤ ᠪᠠᠨ ᠭᠥᠷᠳᠡᠵᠦ | ᠨᠡᠭᠡᠭᠡᠯᠲᠡ ᠲᠠᠢ ᠪᠠᠶᠢᠯᠭᠠᠬᠤ᠂ ᠨᠡᠭᠡᠭᠡᠨ ᠠᠰᠢᠭᠯᠠᠬᠤ ᠵᠡᠷᠭᠡ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠨᠢ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠵᠢᠯᠣᠭᠤᠳᠣᠯᠭ᠎ᠠ ᠳᠤᠤᠷ᠎ᠠ᠂ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠂ | ᠪᠥᠬᠦ ᠣᠷᠣᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠢ ᠴᠣᠭᠯᠠᠭᠤᠯᠣᠨ ᠬᠤᠷᠢᠶᠠᠵᠤ ᠨᠡᠶᠢᠯᠡᠭᠦᠯᠬᠦ᠂ | ᠬᠠᠮᠲᠤ ᠳᠤ ᠪᠠᠨ ᠭᠥᠷᠳᠡᠵᠦ ᠨᠡᠭᠡᠭᠡᠯᠲᠡ ᠲᠠᠢ ᠪᠠᠶᠢᠯᠭᠠᠬᠤ᠂ ᠨᠡᠭᠡᠭᠡᠨ ᠠᠰᠢᠭᠯᠠᠬᠤ ᠵᠡᠷᠭᠡ ᠠᠵᠢᠯ ᠢ ᠵᠣᠬᠢᠶᠠᠨ | ᠪᠠᠶᠢᠭᠤᠯᠵᠤ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠲᠣᠭᠲᠠᠯᠴᠠᠭᠠᠨ ᠤ | ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ | ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠲᠣᠰ ᠰᠠᠯᠠᠭ᠎ᠠ | ᠮᠥᠴᠢᠷ ᠤᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠢ ᠴᠤᠭᠯᠠᠭᠤᠯᠬᠤ᠂ ᠵᠠᠰᠠᠬᠤ᠂ ᠬᠠᠷᠭᠤᠭᠤᠯᠤᠨ | ᠬᠢᠨᠠᠬᠤ᠂ ᠰᠢᠨᠡᠳᠬᠡᠬᠦ᠂ ᠬᠡᠷᠡᠭᠯᠡᠬᠦ ᠵᠡᠷᠭᠡ ᠬᠤᠯᠪᠣᠭᠳᠠᠯ ᠪᠥᠬᠦᠶ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠬᠡᠷᠡᠭᠲᠡᠢ | ᠃ | ᠲᠠᠪᠤᠳᠤᠭᠠᠷ ᠵᠦᠢᠯ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ᠮᠡᠷᠭᠡᠵᠢᠯ ᠤᠨ ᠦᠶ᠋ᠯᠡᠴᠢᠯᠡᠭᠡᠨ ᠤ | ᠨᠢᠭᠡᠴᠢ ᠳᠤ ᠨᠠᠶᠢᠳᠠᠵᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ | ᠵᠣᠬᠢᠶᠠᠬᠤ᠂ ᠴᠣᠭᠯᠠᠭᠤᠯᠣᠨ ᠬᠤᠷᠢᠶᠠᠵᠤ ᠨᠡᠶᠢᠯᠡᠭᠦᠯᠬᠦ᠂ ᠬᠠᠮᠲᠤ ᠳᠤ ᠪᠠᠨ ᠭᠥᠷᠳᠡᠵᠦ ᠨᠡᠭᠡᠭᠡᠯᠲᠡ ᠲᠠᠢ ᠪᠠᠶᠢᠯᠭᠠᠬᠤ᠂ | ᠨᠡᠭᠡᠭᠡᠨ ᠠᠰᠢᠭᠯᠠᠬᠤ᠂ ᠠᠮᠤᠷ ᠲᠦᠪᠰᠢᠨ ᠤ ᠬᠠᠮᠢᠶᠠᠷᠣᠯᠳᠠ ᠵᠡᠷᠭᠡ ᠮᠡᠷᠭᠡᠵᠢᠯ ᠤᠨ ᠦᠢᠯᠡᠴᠢᠯᠡᠭᠡ ᠵᠢᠴᠢ ᠬᠤᠯᠪᠣᠭᠳᠠᠯ | ᠪᠥᠬᠦᠶ ᠲᠠᠪᠴᠠᠩ ᠢ ᠪᠠᠶᠢᠭᠤᠯᠵᠣ ᠠᠵᠢᠯᠯᠠᠭᠤᠯᠬᠤ᠂ ᠠᠮᠤᠷ ᠲᠦᠪᠰᠢᠨ ᠤ ᠪᠠᠲᠤᠯᠠᠭ᠎ᠠ ᠪᠠ ᠡᠳᠦᠷ ᠲᠤᠲᠤᠮ ᠤᠨ | ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠭᠦᠯᠵᠦ ᠪᠣᠯᠤᠨ᠎ᠠ᠃ | ᠵᠢᠷᠭᠤᠳᠤᠭᠠᠷ ᠵᠦᠢᠯ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ | ᠬᠠᠮᠢᠶᠠᠷᠤᠯᠲᠠ ᠶᠢᠨ ᠪᠠᠶᠢᠭᠤᠯᠤᠮᠵᠢ ᠨᠢ ᠹᠢᠽᠢᠺ ᠲᠠᠷᠬᠠᠯᠲᠠ᠂ ᠯᠣᠭᠢᠭ ᠲᠥᠪᠯᠡᠷᠡᠯ᠂ ᠡᠬᠢ ᠪᠠᠶᠠᠯᠢᠭ ᠢ ᠬᠠᠮᠲᠤ ᠳᠤ ᠪᠠᠨ | ᠭᠥᠷᠳᠡᠬᠦ᠂ ᠵᠠᠰᠠᠭ ᠪᠠ ᠠᠵᠤ ᠠᠬᠤᠶᠢᠯᠠᠯ ᠬᠠᠷᠢᠯᠴᠠᠨ ᠬᠤᠯᠪᠣᠭᠠᠯᠠᠬᠤ᠂ ᠠᠮᠤᠷ ᠲᠦᠪᠰᠢᠨ ᠢ ᠡᠵᠡᠮᠳᠡᠵᠦ ᠪᠣᠯᠬᠤ | ᠵᠠᠷᠴᠢᠮ ᠶᠣᠰᠣᠭᠠᠷ᠂ ᠲᠣᠰ ᠱᠠᠲᠤᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ | ᠲᠣᠭᠲᠠᠯᠴᠠᠭ᠎ᠠ ᠶᠢ ᠨᠢᠭᠡᠳᠦᠯᠲᠡᠶ ᠲᠥᠯᠥᠪᠯᠡᠨ ᠪᠠᠶᠢᠭᠤᠯᠬᠤ ᠬᠡᠷᠡᠭᠲᠡᠶ᠃ | ᠳᠣᠯᠣᠳᠤᠭᠠᠷ ᠵᠦᠢᠯ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ | ᠪᠠᠶᠢᠭᠤᠯᠤᠮᠵᠢ ᠨᠢ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ | ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠴᠤᠭᠯᠠᠭᠤᠯᠬᠤ᠂ ᠬᠤᠷᠢᠶᠠᠵᠤ ᠨᠡᠶᠢᠯᠡᠭᠦᠯᠬᠦ᠂ ᠬᠠᠮᠲᠤ ᠳᠤ ᠪᠠᠨ ᠭᠥᠷᠳᠡᠬᠦ᠂ | ᠨᠡᠭᠡᠭᠡᠯᠲᠡ ᠲᠠᠢ ᠪᠠᠶᠢᠯᠭᠠᠬᠤ ᠵᠢᠴᠢ ᠶᠠᠰᠤ ᠴᠢᠨᠠᠷ ᠪᠠ ᠠᠮᠤᠷ ᠲᠦᠪᠰᠢᠨ ᠢ ᠬᠠᠮᠢᠶᠠᠷᠬᠤ ᠵᠡᠷᠭᠡ ᠰᠠᠭᠤᠷᠢ ᠶᠢᠨ ᠴᠢᠨᠠᠷᠲᠠᠶ | ᠂ ᠨᠡᠶᠢᠳᠡᠮ ᠬᠡᠷᠡᠭᠯᠡᠭᠡᠨ ᠤ ᠴᠢᠨᠠᠷᠲᠠᠶ ᠪᠠᠷᠢᠮᠵᠢᠶ᠎ᠠ ᠶᠢ ᠰᠤᠳᠤᠯᠤᠨ ᠲᠣᠭᠲᠠᠭᠠᠵᠤ᠂ ᠵᠠᠰᠠᠭ ᠤᠨ ᠶᠠᠪᠤᠳᠠᠯ ᠤᠨ | ᠳ᠋ᠠᠶᠢᠲ᠋ᠠ ᠶᠢᠨ ᠵᠢᠷᠤᠮᠵᠢᠭᠰᠠᠨ ᠬᠠᠮᠢᠶᠠᠷᠤᠯᠲᠠ ᠶᠢ ᠠᠬᠢᠭᠤᠯᠬᠤ ᠬᠡᠷᠡᠭᠲᠡᠶ᠃ | ᠨᠠᠢᠮᠠᠳᠤᠭᠠᠷ ᠵᠦᠢᠯ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ | ᠪᠠᠶᠢᠭᠤᠯᠤᠮᠵᠢ ᠨᠢ ᠪᠥᠬᠦ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢᠨ | ᠲᠥᠯᠥᠪᠵᠢᠭᠦᠯᠭᠡ ᠶᠣᠰᠣᠭᠠᠷ᠂ ᠲᠣᠰ ᠵᠠᠰᠠᠭ ᠵᠠᠬᠢᠷᠭᠠᠨ ᠤ ᠣᠷᠣᠨ ᠲᠠᠬᠢ ᠵᠠᠰᠠᠭ ᠤᠨ ᠶᠠᠪᠤᠳᠠᠯ ᠤᠨ ᠰᠦᠯᠵᠢᠶ᠎ᠡ᠂ | ᠵᠠᠰᠠᠭ ᠤᠨ ᠶᠠᠪᠤᠳᠠᠯ ᠤᠨ ᠡᠭᠦᠯᠡᠨ ᠲᠠᠪᠴᠠᠩ᠂ ᠲᠣᠮᠣ ᠳ᠋ᠠᠶᠢᠲ᠋ᠠ ᠶᠢᠨ ᠲᠠᠪᠴᠠᠩ᠂ ᠭᠠᠢ ᠠᠴᠠ ᠰᠡᠷᠭᠡᠶᠢᠯᠡᠬᠦ | ᠨᠥᠭᠡᠴᠡ ᠶᠢᠨ ᠲᠥᠪ ᠵᠡᠷᠭᠡ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢ ᠨᠢᠭᠡᠳᠦᠯᠲᠡᠶ | ᠲᠥᠯᠥᠪᠯᠡᠨ ᠪᠠᠶᠢᠭᠤᠯᠵᠤ᠂ ᠬᠠᠮᠢᠶᠠᠷᠴᠤ᠂ ᠠᠵᠢᠯᠯᠠᠭᠤᠯᠤᠨ ᠬᠠᠮᠠᠭᠠᠯᠠᠵᠤ᠂ ᠨᠢᠭᠡ ᠴᠣᠠᠠᠴᠠᠵᠢᠠᠠᠰᠠᠨ ᠲᠣᠮᠣ | ᠳ᠋ᠠᠶᠢᠲ᠋ᠠ ᠶᠢᠨ ᠲᠥᠪ ᠤᠨ ᠪᠠᠶᠢᠭᠤᠯᠣᠯᠳᠠ ᠪᠠ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠠᠭᠤᠷᠢ | ᠪᠡᠯᠡᠳᠬᠡᠮᠵᠢ ᠶᠢ ᠨᠢᠭᠡᠳᠦᠯᠲᠡᠶ ᠪᠠᠶᠢᠭᠤᠯᠵᠤ ᠬᠠᠮᠲᠤ ᠪᠠᠷ ᠬᠡᠷᠡᠭᠯᠡᠬᠦ ᠶᠢ ᠠᠬᠢᠭᠤᠯᠤᠨ᠂ ᠵᠠᠰᠠᠭ ᠤᠨ ᠶᠠᠪᠤᠳᠠᠯ ᠤᠨ | ᠳ᠋ᠠᠶᠢᠲ᠋ᠠ ᠶᠢᠨ ᠡᠬᠢ ᠪᠠᠶᠠᠯᠢᠭ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠴᠣᠭᠯᠠᠭᠤᠯᠣᠨ | ᠬᠤᠷᠢᠶᠠᠵᠤ ᠨᠡᠶᠢᠯᠡᠭᠦᠯᠬᠦ᠂ ᠬᠠᠮᠲᠤ ᠳᠤ ᠪᠠᠨ ᠭᠥᠷᠳᠡᠵᠦ ᠨᠡᠭᠡᠭᠡᠯᠲᠡ ᠲᠠᠢ ᠪᠠᠶᠢᠯᠭᠠᠬᠤ᠂ ᠨᠡᠭᠡᠭᠡᠨ ᠠᠰᠢᠭᠯᠠᠬᠤ ᠳᠤ | ᠰᠠᠭᠤᠷᠢ ᠲᠤᠯᠭᠠᠭᠤᠷᠢᠯᠠᠯ ᠬᠠᠩᠭᠠᠬᠤ ᠬᠡᠷᠡᠭᠲᠡᠶ᠃ | ᠬᠤᠶᠠᠳᠤᠭᠠᠷ ᠪᠦᠯᠦᠭ ᠭᠠᠷᠴᠠᠭ ᠤᠨ ᠬᠠᠮᠢᠶᠠᠷᠤᠯᠲᠠ | ᠶᠢᠰᠦᠳᠦᠭᠡᠷ ᠵᠦᠢᠯ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠲᠤ ᠨᠢᠭᠡᠳᠦᠯᠲᠡᠶ ᠭᠠᠷᠴᠠᠭ ᠤᠨ | ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ | ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠪᠥᠬᠦ ᠣᠷᠣᠨ ᠤ ᠵᠠᠰᠠᠭ ᠤᠨ ᠶᠠᠪᠤᠳᠠᠯ ᠤᠨ | ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ ᠵᠣᠬᠢᠶᠠᠬᠤ ᠵᠢᠷᠤᠮᠵᠢᠯ ᠢ ᠬᠠᠷᠢᠭᠤᠴᠠᠨ | ᠲᠣᠭᠲᠠᠭᠠᠵᠤ᠂ ᠭᠠᠷᠴᠠᠭ ᠢ ᠰᠢᠨᠡᠳᠬᠡᠬᠦ ᠲᠣᠭᠲᠠᠴᠠ ᠶᠢ ᠪᠠᠶᠢᠭᠤᠯᠬᠤ ᠬᠡᠷᠡᠭᠲᠡᠢ᠃ | ᠠᠷᠪᠠᠳᠤᠭᠠᠷ ᠵᠦᠢᠯ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ᠡᠭᠦᠷᠭᠡ ᠴᠢᠳᠠᠪᠤᠷᠢ ᠪᠠᠨ ᠭᠦᠢᠴᠡᠳᠬᠡᠬᠦ | ᠱᠠᠭᠠᠷᠳᠠᠯᠭ᠎ᠠ ᠪᠠ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠪᠠᠶᠢᠭᠤᠯᠤᠯᠲᠠ ᠶᠢᠨ ᠪᠠᠶᠢᠳᠠᠯ ᠢ ᠦᠨᠳᠦᠰᠦᠯᠡᠨ᠂ | ᠬᠠᠮᠲᠤ ᠳᠤ ᠪᠠᠨ ᠭᠥᠷᠳᠡᠬᠦ ᠵᠠᠷᠴᠢᠮ ᠶᠣᠰᠣᠭᠠᠷ ᠲᠣᠰ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠮᠡᠳᠡᠭᠡ | ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ ᠵᠣᠬᠢᠶᠠᠬᠤ᠂ ᠰᠢᠨᠡᠳᠬᠡᠬᠦ᠂ ᠬᠠᠮᠠᠭᠠᠯᠠᠬᠤ ᠪᠠ | ᠨᠡᠶᠢᠲᠡᠯᠡᠬᠦ ᠶᠢᠨ ᠬᠠᠮᠲᠤ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ | ᠭᠠᠷᠴᠠᠭ ᠲᠤ ᠣᠷᠣᠭᠤᠯᠬᠤ ᠬᠡᠷᠡᠭᠲᠡᠶ᠃ ᠬᠡᠷᠪᠡ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠪᠠ | ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠪᠤᠶᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ | ᠡᠭᠦᠷᠭᠡ ᠴᠢᠳᠠᠪᠤᠷᠢ ᠨᠢ ᠬᠤᠪᠢᠷᠠᠯᠲᠠ ᠭᠠᠷᠪᠠᠯ᠂ 15 ᠠᠵᠢᠯᠯᠠᠬᠤ ᠡᠳᠦᠷ ᠤᠨ ᠳᠣᠲᠣᠷ᠎ᠠ ᠲᠣᠰ ᠰᠠᠯᠠᠭ᠎ᠠ | ᠮᠥᠴᠢᠷ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢᠶᠠᠨ ᠰᠢᠨᠡᠳᠬᠡᠬᠦ ᠬᠡᠷᠡᠭᠲᠡᠶ | ᠃ | ᠠᠷᠪᠠᠨ ᠨᠢᠭᠡᠳᠦᠭᠡᠷ ᠵᠦᠢᠯ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ | ᠬᠠᠮᠢᠶᠠᠷᠤᠯᠲᠠ ᠶᠢᠨ ᠪᠠᠶᠢᠭᠤᠯᠤᠮᠵᠢ ᠨᠢ ᠲᠣᠰ ᠱᠠᠲᠤᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠳᠤ ᠪᠠᠨ | ᠭᠥᠷᠳᠡᠵᠦ ᠰᠣᠯᠢᠯᠴᠠᠬᠤ ᠲᠠᠪᠴᠠᠩ ᠢᠶᠠᠷ ᠳᠠᠮᠵᠢᠭᠤᠯᠤᠨ ᠲᠣᠰ ᠱᠠᠲᠤᠨ ᠤ ᠵᠠᠰᠠᠭ ᠤᠨ ᠶᠠᠪᠤᠳᠠᠯ ᠤᠨ ᠮᠡᠳᠡᠭᠡ | ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠬᠢᠨᠠᠨ ᠬᠠᠷᠭᠤᠭᠤᠯᠵᠤ ᠬᠤᠷᠢᠶᠠᠩᠭᠤᠶᠢᠯᠠᠬᠤ ᠬᠡᠷᠡᠭᠲᠡᠶ᠃ | ᠠᠷᠪᠠᠨ ᠬᠤᠶᠠᠳᠤᠭᠠᠷ ᠵᠦᠢᠯ ᠵᠠᠰᠠᠭ ᠤᠨ ᠶᠠᠪᠤᠳᠠᠯ ᠤᠨ ᠮᠡᠳᠡᠭᠡ ᠵᠠᠩᠭᠢᠴᠢᠯᠠᠯᠲᠠ ᠶᠢᠨ ᠲᠥᠷᠥᠯ ᠵᠦᠢᠯ ᠢ | ᠬᠢᠨᠠᠨ ᠵᠥᠪᠰᠢᠶᠡᠷᠡᠬᠦ ᠠᠴᠠ ᠡᠮᠦᠨ᠎ᠡ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠵᠣᠬᠢᠬᠤ | ᠭᠠᠷᠴᠠᠭ ᠢ ᠤᠷᠢᠳᠴᠢᠯᠠᠨ ᠨᠠᠶᠢᠷᠠᠭᠤᠯᠵᠤ᠂ ᠲᠥᠷᠥᠯ ᠵᠦᠢᠯ ᠨᠢ ᠪᠠᠶᠢᠭᠤᠯᠣᠭᠳᠠᠭᠰᠠᠨ ᠤ ᠳᠠᠷᠠᠭ᠎ᠠ ᠵᠠᠰᠠᠭ ᠤᠨ | ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢᠶᠠᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢ | ᠬᠠᠮᠲᠤ ᠳᠤ ᠪᠠᠨ ᠭᠥᠷᠳᠡᠵᠦ ᠰᠣᠯᠢᠯᠴᠠᠬᠤ ᠲᠠᠪᠴᠠᠩ ᠤᠨ ᠭᠠᠷᠴᠠᠭ ᠤᠨ ᠬᠠᠮᠢᠶᠠᠷᠤᠯᠲᠠ ᠶᠢᠨ ᠰᠢᠰᠲ᠋ᠧᠮ ᠳᠤ | ᠣᠷᠣᠭᠤᠯᠬᠤ ᠬᠡᠷᠡᠭᠲᠡᠶ᠃ | ᠭᠤᠷᠪᠠᠳᠤᠭᠠᠷ ᠪᠦᠯᠦᠭ ᠴᠤᠭᠯᠠᠭᠤᠯᠤᠨ ᠬᠤᠷᠢᠶᠠᠵᠤ ᠨᠡᠶᠢᠯᠡᠭᠦᠯᠬᠦ | ᠠᠷᠪᠠᠨ ᠭᠤᠷᠪᠠᠳᠤᠭᠠᠷ ᠵᠦᠢᠯ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠬᠡᠷᠡᠭᠴᠡᠭᠡ ᠶᠣᠰᠣᠭᠠᠷ᠂ ᠬᠠᠤᠯᠢ ᠳᠤ ᠨᠡᠶᠢᠴᠡᠬᠦ᠂ ᠴᠢᠬᠤᠯᠠ ᠪᠦᠬᠦᠢ᠂ ᠲᠣᠬᠢᠷᠠᠮᠵᠢᠲᠠᠶ ᠪᠠᠶᠢᠬᠤ | ᠵᠠᠷᠴᠢᠮ ᠢ ᠵᠢᠷᠤᠮᠯᠠᠨ᠂ ᠳ᠋ᠠᠶᠢᠲ᠋ᠠ ᠶᠢ ᠬᠠᠤᠯᠢ ᠶᠣᠰᠣᠭᠠᠷ ᠴᠤᠭᠯᠠᠭᠤᠯᠬᠤ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ︽ᠨᠢᠭᠡ ᠳ᠋ᠠᠶᠢᠲ᠋ᠠ ᠳᠤ ᠨᠢᠭᠡ | ᠢᠷᠡᠯᠲᠡ ᠲᠠᠢ᠂ ᠨᠢᠭᠡ ᠢᠷᠡᠯᠲᠡ ᠶᠢ ᠣᠯᠠᠨ ᠲᠠᠯ᠎ᠠ ᠳᠤ ᠬᠡᠷᠡᠭᠯᠡᠬᠦ︾ ᠱᠠᠭᠠᠷᠳᠠᠯᠭ᠎ᠠ ᠶᠣᠰᠣᠭᠠᠷ᠂ ᠵᠠᠰᠠᠭ ᠤᠨ | ᠶᠠᠪᠤᠳᠠᠯ ᠤᠨ ᠳ᠋ᠠᠶᠢᠲ᠋ᠠ ᠶᠢ ᠨᠢᠭᠡ ᠤᠳᠠᠭ᠎ᠠ ᠳᠤ ᠴᠤᠭᠯᠠᠭᠤᠯᠵᠤ᠂ ᠬᠠᠮᠲᠤ ᠳᠤ ᠪᠠᠨ ᠭᠥᠷᠳᠡᠵᠦ ᠬᠡᠷᠡᠭᠯᠡᠬᠦ ᠶᠢ | ᠪᠡᠶᠡᠯᠡᠭᠦᠯᠬᠦ ᠬᠡᠷᠡᠭᠲᠡᠶ᠃ ᠳ᠋ᠠᠶᠢᠲ᠋ᠠ ᠶᠢᠨ ᠡᠬᠢ ᠪᠠᠶᠠᠯᠢᠭ ᠢ ᠬᠠᠮᠲᠤ ᠳᠤ ᠪᠠᠨ ᠭᠥᠷᠳᠡᠬᠦ ᠠᠷᠭ᠎ᠠ ᠮᠠᠶ᠋ᠢᠭ ᠢᠶᠠᠷ ᠣᠯᠵᠤ | ᠪᠣᠯᠬᠤ ᠶᠢ ᠳᠠᠬᠢᠨ ᠳᠠᠪᠲᠠᠨ ᠴᠤᠭᠯᠠᠭᠤᠯᠵᠤ ᠪᠣᠯᠬᠤ ᠥᠬᠡᠶ᠃ | ᠠᠷᠪᠠᠨ ᠲᠠᠪᠤᠳᠤᠭᠠᠷ ᠵᠦᠢᠯ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ᠲᠣᠰ ᠰᠠᠯᠠᠭ᠎ᠠ ᠮᠥᠴᠢᠷ ᠤᠨ | ᠳ᠋ᠠᠶᠢᠲ᠋ᠠ ᠴᠤᠭᠯᠠᠭᠤᠯᠬᠤ ᠵᠢᠷᠤᠮᠵᠢᠯ ᠢ ᠲᠣᠭᠲᠠᠭᠠᠵᠤ᠂ ᠲᠣᠰ ᠰᠠᠯᠠᠭ᠎ᠠ ᠮᠥᠴᠢᠷ ᠤᠨ ᠳ᠋ᠠᠶᠢᠲ᠋ᠠ ᠴᠤᠭᠯᠠᠭᠤᠯᠬᠤ᠂ | ᠵᠠᠰᠠᠬᠤ᠂ ᠬᠠᠷᠭᠤᠭᠤᠯᠤᠨ ᠬᠢᠨᠠᠬᠤ᠂ ᠰᠢᠨᠡᠳᠬᠡᠬᠦ᠂ ᠬᠡᠷᠡᠭᠯᠡᠬᠦ ᠵᠡᠷᠭᠡ ᠠᠵᠢᠯ ᠢ ᠰᠠᠶᠢᠲᠤᠷ ᠬᠢᠵᠦ᠂ ᠤᠨᠳᠤᠤ | ᠰᠠᠨᠠᠯ ᠲᠠᠢ ᠪᠤᠶᠤ ᠪᠤᠷᠤᠭᠤ ᠳ᠋ᠠᠶᠢᠲ᠋ᠠ ᠶᠢ ᠰᠢᠢᠳᠪᠦᠷᠢᠯᠡᠬᠦ ᠶᠢᠨ ᠭᠤᠤᠯ ᠴᠣᠭᠴᠠ᠂ ᠲᠠᠰ ᠳᠠᠷᠠᠭᠠᠯᠠᠯ ᠵᠢᠴᠢ ᠴᠠᠭ ᠢ | ᠲᠣᠳᠣᠷᠬᠠᠶ ᠲᠣᠭᠲᠠᠭᠠᠬᠤ ᠬᠡᠷᠡᠭᠲᠡᠶ᠃ | ᠠᠷᠪᠠᠨ ᠵᠢᠷᠭᠤᠳᠤᠭᠠᠷ ᠵᠦᠢᠯ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ᠲᠣᠰ ᠰᠠᠯᠠᠭ᠎ᠠ ᠮᠥᠴᠢᠷ ᠤᠨ | ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠬᠤᠶᠠᠷ ᠱᠠᠲᠤᠨ ᠤ | ᠵᠠᠰᠠᠭ ᠤᠨ ᠶᠠᠪᠤᠳᠠᠯ ᠤᠨ ᠡᠭᠦᠯᠡᠨ ᠲᠠᠪᠴᠠᠩ ᠳᠤ ᠬᠠᠳᠠᠭᠠᠯᠠᠬᠤ ᠬᠡᠷᠡᠭᠲᠡᠶ᠃ | ᠠᠷᠪᠠᠨ ᠳᠣᠯᠣᠳᠤᠭᠠᠷ ᠵᠦᠢᠯ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ | ᠬᠠᠮᠢᠶᠠᠷᠤᠯᠲᠠ ᠶᠢᠨ ᠪᠠᠶᠢᠭᠤᠯᠤᠮᠵᠢ ᠨᠢ ᠲᠣᠰ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠲᠠᠢ | ᠬᠠᠮᠲᠤᠷᠠᠯᠴᠠᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠤᠷᠢᠶᠠᠵᠤ ᠨᠡᠶᠢᠯᠡᠭᠦᠯᠦᠨ᠂ ᠵᠠᠰᠠᠵᠤ᠂ ᠰᠠᠭᠤᠷᠢ ᠮᠡᠳᠡᠭᠡ | ᠵᠠᠩᠭᠢ ᠶᠢᠨ ᠡᠬᠢ ᠪᠠᠶᠠᠯᠢᠭ ᠤᠨ ᠬᠥᠮᠥᠷᠭᠡ᠂ ᠭᠤᠤᠯ ᠰᠡᠳᠦᠪᠲᠦ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ᠂ | ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢ ᠨᠢᠭᠡᠳᠦᠯᠲᠡᠶ ᠲᠥᠯᠥᠪᠯᠡᠨ ᠪᠠᠶᠢᠭᠤᠯᠬᠤ | ᠬᠡᠷᠡᠭᠲᠡᠶ᠃ | ᠠᠷᠪᠠᠨ ᠨᠠᠢᠮᠠᠳᠤᠭᠠᠷ ᠵᠦᠢᠯ ︽ᠬᠡᠨ ᠴᠤᠭᠯᠠᠭᠤᠯᠤᠭᠰᠠᠨ ᠪᠣᠯ ᠲᠡᠷᠡ ᠬᠠᠷᠢᠭᠤᠴᠠᠬᠤ︾ ︽ᠬᠡᠨ ᠵᠠᠰᠠᠭᠰᠠᠨ | ᠪᠣᠯ ᠲᠡᠷᠡ ᠬᠠᠷᠢᠭᠤᠴᠠᠬᠤ︾ ︽ᠬᠡᠨ ᠬᠢᠨᠠᠵᠤ ᠬᠠᠷᠠᠭᠤᠯᠤᠭᠰᠠᠨ ᠪᠣᠯ ᠲᠡᠷᠡ ᠬᠠᠷᠢᠭᠤᠴᠠᠬᠤ︾ ᠵᠠᠷᠴᠢᠮ ᠶᠣᠰᠣᠭᠠᠷ | ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠶᠠᠰᠤ ᠴᠢᠨᠠᠷ ᠢ ᠬᠠᠮᠢᠶᠠᠷᠣᠨ᠂ ᠳ᠋ᠠᠶᠢᠲ᠋ᠠ ᠶᠢᠨ ᠣᠨᠣᠪᠴᠢᠲᠤ ᠴᠢᠨᠠᠷ᠂ ᠪᠦᠷᠢᠨ | ᠪᠦᠲᠦᠨ ᠴᠢᠨᠠᠷ᠂ ᠬᠤᠭᠤᠴᠠᠭᠠᠲᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ᠃ | ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ | ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠶᠠᠰᠤ ᠴᠢᠨᠠᠷ ᠢ ᠬᠢᠨᠠᠨ ᠬᠠᠮᠢᠶᠠᠷᠬᠤ ᠶᠢ ᠬᠠᠷᠢᠭᠤᠴᠠᠵᠤ᠂ ᠳ᠋ᠠᠶᠢᠲ᠋ᠠ ᠶᠢᠨ | ᠲᠤᠭ᠎ᠠ ᠬᠡᠮᠵᠢᠶ᠎ᠡ᠂ ᠶᠠᠰᠤ ᠴᠢᠨᠠᠷ ᠵᠢᠴᠢ ᠰᠢᠨᠡᠳᠬᠡᠭᠰᠡᠨ ᠪᠠᠶᠢᠳᠠᠯ ᠵᠡᠷᠭᠡ ᠶᠢ ᠴᠠᠭ ᠲᠤᠬᠠᠶ ᠳᠤ ᠨᠢ ᠬᠢᠨᠠᠨ ᠰᠢᠯᠭᠠᠬᠤ | ᠪᠠ ᠪᠥᠬᠦ ᠲᠠᠯ᠎ᠠ ᠪᠠᠷ ᠦᠨᠡᠯᠡᠵᠦ᠂ ᠳ᠋ᠠᠶᠢᠲ᠋ᠠ ᠶᠢᠨ ᠪᠠᠶᠢᠳᠠᠯ ᠢ ᠮᠡᠳᠡᠷᠡᠵᠦ ᠪᠣᠯᠬᠤ᠂ ᠳ᠋ᠠᠶᠢᠲ᠋ᠠ ᠶᠢᠨ ᠬᠡᠷᠡᠭᠯᠡᠯᠲᠡ ᠶᠢ | ᠮᠥᠷᠳᠡᠨ ᠤᠬᠤᠴᠢᠯᠠᠵᠤ ᠪᠣᠯᠬᠤ᠂ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠪᠣᠯᠬᠤ ᠶᠢ | ᠪᠡᠶᠡᠯᠡᠭᠦᠯᠬᠦ ᠬᠡᠷᠡᠭᠲᠡᠢ᠃ | ᠳᠥᠷᠪᠡᠳᠦᠭᠡᠷ ᠪᠦᠯᠦᠭ ᠬᠠᠮᠲᠤ ᠳᠤ ᠪᠠᠨ ᠭᠥᠷᠳᠡᠵᠦ ᠨᠡᠭᠡᠭᠡᠯᠲᠡ ᠲᠠᠢ ᠪᠠᠶᠢᠯᠭᠠᠬᠤ | ᠠᠷᠪᠠ ᠶᠢᠰᠦᠳᠦᠭᠡᠷ ᠵᠦᠢᠯ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠥᠪᠡᠷᠲᠡᠭᠡᠨ ᠵᠠᠰᠠᠬᠤ ᠣᠷᠣᠨ᠂ ᠠᠶᠢᠮᠠᠭ | ᠬᠤᠲᠠ ᠶᠢᠨ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ᠂ ᠵᠠᠰᠠᠭ ᠤᠨ | ᠶᠠᠪᠤᠳᠠᠯ ᠤᠨ ᠳ᠋ᠠᠶᠢᠲ᠋ᠠ ᠶᠢᠨ ᠬᠠᠮᠲᠤ ᠳᠤ ᠪᠠᠨ ᠭᠥᠷᠳᠡᠵᠦ ᠰᠣᠯᠢᠯᠴᠠᠬᠤ ᠲᠠᠪᠴᠠᠩ ᠪᠠ ᠣᠯᠠᠨ ᠨᠡᠶᠢᠲᠡ ᠶᠢᠨ | ᠳ᠋ᠠᠶᠢᠲ᠋ᠠ ᠶᠢᠨ ᠨᠡᠭᠡᠭᠡᠯᠲᠡ ᠲᠠᠢ ᠲᠠᠪᠴᠠᠩ ᠢᠶᠠᠷ ᠳᠠᠮᠵᠢᠭᠤᠯᠤᠨ ᠬᠠᠮᠲᠤ ᠳᠤ ᠪᠠᠨ ᠭᠥᠷᠳᠡᠵᠦ ᠨᠡᠭᠡᠭᠡᠯᠲᠡ ᠲᠠᠢ | ᠪᠠᠶᠢᠯᠭᠠᠬᠤ ᠬᠡᠷᠡᠭᠲᠡᠶ᠃ ᠤᠯᠤᠰ ᠠᠴᠠ ᠠᠰᠲᠠᠭᠠᠨ ᠲᠣᠭᠲᠠᠭᠠᠯ ᠲᠠᠢ ᠪᠠᠶᠢᠬᠤ ᠶᠢ ᠭᠠᠷᠭᠠᠪᠠᠯ᠂ ᠵᠠᠰᠠᠭ ᠤᠨ | ᠶᠠᠪᠤᠳᠠᠯ ᠤᠨ ᠰᠠᠯᠠᠭ᠎ᠠ ᠮᠥᠴᠢᠷ ᠨᠢ ᠬᠠᠮᠲᠤ ᠳᠤ ᠪᠠᠨ ᠭᠥᠷᠳᠡᠬᠦ ᠨᠡᠭᠡᠭᠡᠯᠲᠡ ᠲᠠᠢ ᠨᠡᠪᠲᠡᠷᠡᠯ ᠰᠤᠪᠠᠭ ᠢ ᠰᠢᠨ᠎ᠡ ᠪᠠᠷ | ᠪᠠᠶᠢᠭᠤᠯᠵᠤ ᠪᠣᠯᠬᠤ ᠥᠬᠡᠶ᠂ ᠨᠢᠭᠡᠨᠲᠡ ᠪᠠᠶᠢᠭᠤᠯᠤᠭᠰᠠᠨ ᠪᠠᠶᠢᠪᠠᠯ ᠡᠮᠬᠢᠯᠡᠨ ᠨᠡᠶᠢᠯᠡᠭᠦᠯᠬᠦ ᠬᠡᠷᠡᠭᠲᠡᠶ᠃ | ᠬᠤᠷᠢᠳᠤᠭᠠᠷ ᠵᠦᠢᠯ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠲᠤ ᠳᠤ ᠪᠠᠨ ᠭᠥᠷᠳᠡᠬᠦ | ᠲᠥᠷᠥᠯ ᠬᠡᠯᠪᠡᠷᠢ ᠶᠢ ᠨᠥᠬᠦᠴᠡᠯ ᠥᠬᠡᠶ ᠪᠠᠷ ᠬᠠᠮᠲᠤ ᠳᠤ ᠪᠠᠨ ᠭᠥᠷᠳᠡᠬᠦ᠂ ᠨᠥᠬᠦᠴᠡᠯ ᠲᠠᠢ ᠪᠠᠷ ᠬᠠᠮᠲᠤ ᠳᠤ ᠪᠠᠨ | ᠭᠥᠷᠳᠡᠬᠦ ᠪᠠ ᠬᠠᠮᠲᠤ ᠳᠤ ᠪᠠᠨ ᠬᠦᠷᠲᠡᠵᠦ ᠥᠯᠥ ᠪᠣᠯᠬᠤ ᠵᠡᠷᠭᠡ ᠭᠤᠷᠪᠠᠨ ᠲᠥᠷᠥᠯ ᠬᠡᠯᠪᠡᠷᠢ ᠬᠤᠪᠢᠶᠠᠨ᠎ᠠ᠃ | ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠪᠦᠬᠦᠨ ᠳᠤ ᠬᠠᠮᠲᠤ ᠳᠤ ᠪᠠᠨ ᠭᠥᠷᠳᠡᠵᠦ ᠬᠡᠷᠡᠭᠯᠡᠭᠦᠯᠬᠦ ᠪᠠᠷ | ᠬᠠᠩᠭᠠᠵᠤ ᠪᠣᠯᠬᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠨᠢ ᠨᠥᠬᠦᠴᠡᠯ ᠥᠬᠡᠶ ᠪᠠᠷ | ᠬᠠᠮᠲᠤ ᠳᠤ ᠪᠠᠨ ᠭᠥᠷᠳᠡᠬᠦ ᠲᠥᠷᠥᠯ ᠳᠤ ᠬᠠᠷᠢᠶᠠᠯᠠᠭᠳᠠᠨ᠎ᠠ᠃ | ᠬᠠᠮᠢᠶ᠎ᠠ ᠪᠥᠬᠦᠶ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠲᠤ ᠬᠠᠮᠲᠤ ᠳᠤ ᠪᠠᠨ ᠭᠥᠷᠳᠡᠵᠦ | ᠬᠡᠷᠡᠭᠯᠡᠭᠦᠯᠬᠦ ᠪᠠᠷ ᠬᠠᠩᠭᠠᠵᠤ ᠪᠣᠯᠬᠤ ᠪᠤᠶᠤ ᠵᠥᠪᠬᠡᠨ ᠬᠡᠰᠡᠭ ᠪᠦᠯᠦᠭ ᠢ ᠨᠢ ᠵᠠᠰᠠᠭ ᠤᠨ ᠶᠠᠪᠤᠳᠠᠯ ᠤᠨ ᠰᠠᠯᠠᠭ᠎ᠠ | ᠮᠥᠴᠢᠷ ᠪᠦᠬᠦᠨ ᠳᠤ ᠬᠠᠩᠭᠠᠵᠤ ᠬᠠᠮᠲᠤ ᠳᠤ ᠪᠠᠨ ᠭᠥᠷᠳᠡᠵᠦ ᠬᠡᠷᠡᠭᠯᠡᠭᠦᠯᠵᠦ ᠪᠣᠯᠬᠤ ᠵᠠᠰᠠᠭ ᠤᠨ ᠶᠠᠪᠤᠳᠠᠯ ᠤᠨ | ᠳ᠋ᠠᠶᠢᠲ᠋ᠠ ᠶᠢᠨ ᠡᠬᠢ ᠪᠠᠶᠠᠯᠢᠭ ᠨᠢ ᠨᠥᠬᠦᠴᠡᠯ ᠲᠠᠢ ᠪᠠᠷ ᠬᠠᠮᠲᠤ ᠳᠤ ᠪᠠᠨ ᠭᠥᠷᠳᠡᠬᠦ ᠲᠥᠷᠥᠯ ᠳᠤ ᠬᠠᠷᠢᠶᠠᠯᠠᠭᠳᠠᠨ᠎ᠠ᠃ | ᠪᠤᠰᠤᠳ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠲᠤ ᠬᠠᠮᠲᠤ ᠳᠤ ᠪᠠᠨ ᠭᠥᠷᠳᠡᠵᠦ ᠬᠡᠷᠡᠭᠯᠡᠭᠦᠯᠬᠦ ᠪᠠᠷ | ᠬᠠᠩᠭᠠᠬᠤ ᠳᠤ ᠥᠯᠥ ᠳᠣᠭᠢᠷᠠᠬᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠨᠢ ᠬᠠᠮᠲᠤ ᠳᠤ ᠪᠠᠨ | ᠭᠥᠷᠳᠡᠵᠦ ᠥᠯᠥ ᠪᠣᠯᠬᠤ ᠲᠥᠷᠥᠯ ᠳᠤ ᠬᠠᠷᠢᠶᠠᠯᠠᠭᠳᠠᠨ᠎ᠠ᠃ | ᠬᠤᠷᠢᠨ ᠨᠢᠭᠡᠳᠦᠭᠡᠷ ᠵᠦᠢᠯ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠢ ᠬᠠᠮᠲᠤ ᠳᠤ ᠪᠠᠨ | ᠭᠥᠷᠳᠡᠬᠦ ᠳᠤ ︽ᠬᠠᠮᠲᠤ ᠳᠤ ᠪᠠᠨ ᠭᠥᠷᠳᠡᠬᠦ ᠪᠠᠷ ᠵᠠᠷᠴᠢᠮ ᠪᠣᠯᠭᠠᠵᠤ᠂ ᠬᠠᠮᠲᠤ ᠳᠤ ᠪᠠᠨ ᠥᠯᠥ ᠬᠦᠷᠲᠡᠬᠦ ᠶᠢ | ᠣᠨᠴᠠᠭᠠᠢ ᠪᠠᠶᠢᠳᠠᠯ ᠢᠶᠠᠷ ᠦᠵᠡᠬᠦ︾ ᠵᠠᠷᠴᠢᠮ ᠢ ᠵᠢᠷᠤᠮᠯᠠᠵᠤ᠂ ᠲᠠᠰ ᠱᠠᠲᠤ ᠠᠯᠤᠰᠯᠠᠨ᠂ ᠭᠠᠵᠠᠷ ᠣᠷᠣᠨ ᠠᠯᠤᠰᠯᠠᠨ᠂ | ᠰᠢᠰᠲ᠋ᠧᠮ ᠠᠯᠤᠰᠯᠠᠨ᠂ ᠰᠠᠯᠠᠭ᠎ᠠ ᠮᠥᠴᠢᠷ ᠠᠯᠤᠰᠯᠠᠨ᠂ ᠲᠤᠬᠠᠶᠢᠯᠠᠭᠰᠠᠨ ᠠᠵᠢᠯ ᠠᠯᠤᠰᠯᠠᠨ ᠬᠠᠮᠲᠤ ᠳᠤ ᠪᠠᠨ | ᠭᠥᠷᠳᠡᠬᠦ ᠶᠢ ᠪᠡᠶᠡᠯᠡᠭᠦᠯᠬᠦ ᠬᠡᠷᠡᠭᠲᠡᠶ᠃ | ᠬᠠᠮᠲᠤ ᠳᠤ ᠪᠠᠨ ᠭᠥᠷᠳᠡᠵᠦ ᠥᠯᠥ ᠪᠣᠯᠬᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠢ | ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠢᠶᠠᠷ | ᠦᠨᠳᠦᠰᠦᠯᠡᠯ ᠪᠣᠯᠭᠠᠬᠤ ᠬᠡᠷᠡᠭᠲᠡᠶ᠃ | ᠨᠥᠬᠦᠴᠡᠯ ᠲᠠᠢ ᠪᠠᠷ ᠬᠠᠮᠲᠤ ᠳᠤ ᠪᠠᠨ ᠭᠥᠷᠳᠡᠬᠦ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠢ | ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠢᠶᠠᠷ | ᠦᠨᠳᠦᠰᠦᠯᠡᠯ ᠪᠣᠯᠭᠠᠬᠤ ᠶᠢᠨ ᠬᠠᠮᠲᠤ᠂ ᠬᠠᠮᠲᠤ ᠳᠤ ᠪᠠᠨ ᠭᠥᠷᠳᠡᠬᠦ ᠪᠣᠳᠠᠲᠠᠶ ᠨᠥᠬᠦᠴᠡᠯ ᠢ ᠨᠢ ᠲᠣᠳᠣᠷᠬᠠᠶ | ᠲᠣᠭᠲᠠᠭᠠᠬᠤ ᠬᠡᠷᠡᠭᠲᠡᠶ᠃ | ᠬᠤᠷᠢᠨ ᠬᠤᠶᠠᠳᠤᠭᠠᠷ ᠵᠦᠢᠯ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ᠬᠠᠤᠯᠢ ᠪᠠᠷ ᠲᠣᠭᠲᠠᠭᠠᠭᠰᠠᠨ | ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠲᠣᠰ ᠰᠠᠯᠠᠭ᠎ᠠ ᠮᠥᠴᠢᠷ ᠤᠨ ᠢᠶᠠᠨ ᠪᠤᠰᠤᠳ ᠰᠠᠯᠠᠭ᠎ᠠ ᠮᠥᠴᠢᠷ ᠲᠤ | ᠬᠠᠮᠲᠤ ᠳᠤ ᠪᠠᠨ ᠬᠦᠷᠲᠡᠭᠡᠵᠦ ᠪᠣᠯᠬᠤ ᠳ᠋ᠠᠶᠢᠲ᠋ᠠ ᠶᠢᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠣᠳᠣᠷᠬᠠᠶ | ᠲᠣᠭᠲᠠᠭᠠᠬᠤ ᠬᠡᠷᠡᠭᠲᠡᠶ︔ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠴᠡᠭᠡ ᠪᠠᠨ ᠦᠨᠳᠦᠰᠦᠯᠡᠨ᠂ ᠪᠤᠰᠤᠳ | ᠰᠠᠯᠠᠭ᠎ᠠ ᠮᠥᠴᠢᠷ ᠠᠴᠠ ᠬᠠᠮᠲᠤ ᠳᠤ ᠪᠠᠨ ᠬᠦᠷᠲᠡᠭᠡᠬᠦ ᠴᠢᠬᠤᠯᠠᠲᠠᠶ ᠳ᠋ᠠᠶᠢᠲ᠋ᠠ ᠶᠢᠨ ᠬᠡᠷᠡᠭᠴᠡᠭᠡ ᠱᠠᠭᠠᠷᠳᠠᠯᠭ᠎ᠠ ᠶᠢᠨ | ᠨᠠᠷᠢᠨ ᠬᠠᠭᠤᠳᠠᠰᠤ ᠶᠢ ᠲᠣᠳᠣᠷᠬᠠᠶ ᠲᠣᠭᠲᠠᠭᠠᠬᠤ ᠬᠡᠷᠡᠭᠲᠡᠢ︔ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ | ᠲᠣᠭᠲᠠᠭᠠᠯ ᠪᠠ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠬᠠᠮᠲᠤ ᠳᠤ ᠪᠠᠨ ᠭᠥᠷᠳᠡᠵᠦ | ᠥᠯᠥ ᠪᠣᠯᠬᠤ ᠳ᠋ᠠᠶᠢᠲ᠋ᠠ ᠶᠢᠨ ᠬᠤᠷᠢᠭ᠎ᠠ ᠲᠠᠢ ᠵᠦᠢᠯᠡᠰ ᠤᠨ ᠨᠠᠷᠢᠨ ᠬᠠᠭᠤᠳᠠᠰᠤ ᠶᠢ ᠲᠣᠳᠣᠷᠬᠠᠶ ᠲᠣᠭᠲᠠᠭᠠᠬᠤ | ᠬᠡᠷᠡᠭᠲᠡᠢ᠃ | ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ | ᠳ᠋ᠠᠶᠢᠲ᠋ᠠ ᠶᠢᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠬᠠᠭᠤᠳᠠᠰᠤ᠂ | ᠬᠤᠷᠢᠭ᠎ᠠ ᠲᠠᠢ ᠵᠦᠢᠯᠡᠰ ᠤᠨ ᠨᠠᠷᠢᠨ ᠬᠠᠭᠤᠳᠠᠰᠤ ᠳᠤ ᠬᠥᠳᠡᠯᠦᠩᠭᠦᠶ ᠪᠠᠷ ᠰᠢᠨᠡᠳᠬᠡᠬᠦ ᠲᠣᠭᠲᠠᠴᠠ ᠶᠢ ᠬᠠᠷᠢᠭᠤᠴᠠᠨ | ᠪᠠᠶᠢᠭᠤᠯᠬᠤ ᠬᠡᠷᠡᠭᠲᠡᠢ᠃ | ᠬᠤᠷᠢᠨ ᠭᠤᠷᠪᠠᠳᠤᠭᠠᠷ ᠵᠦᠢᠯ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ᠵᠠᠰᠠᠭ ᠤᠨ ᠶᠠᠪᠤᠳᠠᠯ ᠤᠨ | ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠯᠤᠭ᠎ᠠ ᠬᠠᠷᠢᠴᠠᠭᠤᠯᠵᠤ᠂ ᠲᠤᠬᠠᠶᠢᠯᠠᠭᠰᠠᠨ ᠠᠵᠢᠯ ᠤᠨ | ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠬᠠᠷᠠᠯᠲᠠ ᠪᠣᠯᠭᠠᠨ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ | ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ᠂ | ᠥᠪᠡᠷᠲᠡᠭᠡᠨ ᠵᠠᠰᠠᠬᠤ ᠣᠷᠣᠨ ᠤ ᠨᠢᠭᠡ ᠴᠣᠠᠠᠴᠠᠵᠢᠠᠠᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠪᠠ | ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠬᠠᠮᠲᠤ ᠳᠤ ᠪᠠᠨ ᠭᠥᠷᠳᠡᠵᠦ ᠰᠣᠯᠢᠯᠴᠠᠬᠤ ᠲᠠᠪᠴᠠᠩ ᠤᠨ ᠠᠵᠢᠯᠯᠠᠭᠠᠨ ᠤ | ᠬᠠᠮᠢᠶᠠᠷᠤᠯᠲᠠ ᠳᠤ ᠣᠷᠣᠭᠤᠯᠵᠤ᠂ ᠴᠠᠭ ᠲᠤᠬᠠᠶ ᠳᠤ ᠨᠢ ᠰᠢᠨᠡᠳᠬᠡᠬᠦ ᠬᠡᠷᠡᠭᠲᠡᠶ᠃ | ᠬᠤᠷᠢᠨ ᠳᠥᠷᠪᠡᠳᠦᠭᠡᠷ ᠵᠦᠢᠯ ᠨᠥᠬᠦᠴᠡᠯ ᠥᠬᠡᠶ ᠪᠠᠷ ᠬᠠᠮᠲᠤ ᠳᠤ ᠪᠠᠨ ᠭᠥᠷᠳᠡᠬᠦ ᠲᠥᠷᠥᠯ ᠤᠨ ᠵᠠᠰᠠᠭ ᠤᠨ | ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠲᠤ ᠬᠠᠷᠢᠶᠠᠯᠠᠭᠳᠠᠵᠤ ᠪᠠᠶᠢᠪᠠᠯ᠂ ᠬᠡᠷᠡᠭᠯᠡᠬᠦ ᠰᠠᠯᠠᠭ᠎ᠠ ᠮᠥᠴᠢᠷ ᠨᠢ | ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠳᠤ ᠪᠠᠨ ᠭᠥᠷᠳᠡᠵᠦ ᠰᠣᠯᠢᠯᠴᠠᠬᠤ ᠲᠠᠪᠴᠠᠩ ᠢᠶᠠᠷ ᠬᠡᠷᠡᠭᠴᠡᠭᠡ ᠪᠠ | ᠬᠡᠪᠴᠢᠶ᠎ᠡ ᠪᠠᠨ ᠲᠣᠳᠣᠷᠬᠠᠶᠢᠯᠠᠬᠤ ᠶᠢᠨ ᠬᠠᠮᠲᠤ᠂ ᠰᠢᠭᠤᠳ ᠠᠪᠴᠤ ᠪᠣᠯᠣᠨ᠎ᠠ᠃ | ᠨᠥᠬᠦᠴᠡᠯ ᠲᠠᠢ ᠪᠠᠷ ᠬᠠᠮᠲᠤ ᠳᠤ ᠪᠠᠨ ᠭᠥᠷᠳᠡᠬᠦ ᠲᠥᠷᠥᠯ ᠤᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ | ᠪᠠᠶᠠᠯᠢᠭ ᠲᠤ ᠬᠠᠷᠢᠶᠠᠯᠠᠭᠳᠠᠵᠤ ᠪᠠᠶᠢᠪᠠᠯ᠂ ᠬᠡᠷᠡᠭᠯᠡᠬᠦ ᠰᠠᠯᠠᠭ᠎ᠠ ᠮᠥᠴᠢᠷ ᠨᠢ ᠵᠠᠰᠠᠭ ᠤᠨ ᠶᠠᠪᠤᠳᠠᠯ ᠤᠨ ᠳ᠋ᠠᠶᠢᠲ᠋ᠠ ᠶᠢ | ᠬᠠᠮᠲᠤ ᠳᠤ ᠪᠠᠨ ᠭᠥᠷᠳᠡᠵᠦ ᠰᠣᠯᠢᠯᠴᠠᠬᠤ ᠲᠠᠪᠴᠠᠩ ᠢᠶᠠᠷ ᠳᠠᠮᠵᠢᠭᠤᠯᠤᠨ ᠭᠤᠶᠤᠴᠢᠯᠠᠯ ᠭᠠᠷᠭᠠᠬᠤ ᠶᠢᠨ ᠬᠠᠮᠲᠤ᠂ | ᠬᠡᠷᠡᠭᠯᠡᠬᠦ ᠬᠡᠷᠡᠭᠴᠡᠭᠡ ᠪᠠ ᠬᠡᠪᠴᠢᠶ᠎ᠡ ᠪᠠᠨ ᠲᠣᠳᠣᠷᠬᠠᠶᠢᠯᠠᠬᠤ ᠬᠡᠷᠡᠭᠲᠡᠶ᠃ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ | ᠡᠬᠢ ᠪᠠᠶᠠᠯᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠳ᠋ᠠᠶᠢᠲ᠋ᠠ ᠬᠠᠩᠭᠠᠬᠤ ᠰᠠᠯᠠᠭ᠎ᠠ ᠮᠥᠴᠢᠷ ᠲᠠᠢ | ᠬᠠᠮᠲᠤᠷᠠᠯᠴᠠᠨ 10 ᠠᠵᠢᠯᠯᠠᠬᠤ ᠡᠳᠦᠷ ᠤᠨ ᠳᠣᠲᠣᠷ᠎ᠠ ᠬᠢᠨᠠᠵᠤ ᠬᠠᠷᠭᠤᠭᠤᠯᠵᠣ᠂ ᠬᠢᠨᠠᠵᠤ ᠬᠠᠷᠭᠤᠭᠤᠯᠤᠭᠠᠳ | ᠵᠥᠪᠰᠢᠶᠡᠷᠡᠭᠰᠡᠨ ᠪᠣᠯ᠂ ᠳ᠋ᠠᠶᠢᠲ᠋ᠠ ᠶᠢ ᠬᠠᠮᠲᠤ ᠳᠤ ᠪᠠᠨ ᠭᠥᠷᠳᠡᠬᠦ ᠡᠷᠬᠡ ᠣᠯᠭᠤᠨ᠎ᠠ᠃ | ᠬᠤᠷᠢᠨ ᠲᠠᠪᠤᠳᠤᠭᠠᠷ ᠵᠦᠢᠯ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ᠬᠠᠮᠲᠤ ᠳᠤ ᠪᠠᠨ ᠭᠥᠷᠳᠡᠬᠦ ᠪᠠᠷ | ᠳᠠᠮᠵᠢᠭᠤᠯᠵᠤ ᠣᠯᠤᠭᠰᠠᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠵᠥᠪᠬᠡᠨ ᠲᠣᠳᠣᠷᠬᠠᠢ ᠲᠣᠭᠲᠠᠭᠠᠭᠰᠠᠨ ᠬᠡᠷᠡᠭᠯᠡᠬᠦ | ᠬᠡᠷᠡᠭᠴᠡᠭᠡ ᠪᠠ ᠬᠡᠪᠴᠢᠶ᠎ᠡ ᠶᠣᠰᠣᠭᠠᠷ ᠲᠣᠰ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ | ᠬᠡᠷᠡᠭᠴᠡᠭᠡ ᠳᠤ ᠬᠡᠷᠡᠭᠯᠡᠵᠦ᠂ ᠰᠢᠭᠤᠳ ᠪᠤᠶᠤ ᠳ᠋ᠠᠶᠢᠲ᠋ᠠ ᠶᠢᠨ ᠬᠡᠯᠪᠡᠷᠢ ᠶᠢ ᠨᠢ ᠬᠤᠪᠢᠷᠠᠭᠤᠯᠬᠤ ᠵᠡᠷᠭᠡ ᠠᠷᠭ᠎ᠠ | ᠮᠠᠶ᠋ᠢᠭ ᠢᠶᠠᠷ ᠭᠤᠷᠪᠠᠳᠠᠬᠢ ᠡᠲᠡᠭᠡᠳ ᠲᠤ ᠬᠠᠩᠭᠠᠨ ᠥᠭᠴᠦ ᠪᠣᠯᠬᠤ ᠥᠬᠡᠶ᠂ ᠪᠤᠰᠤᠳ ᠵᠣᠷᠢᠯᠭ᠎ᠠ ᠳᠤ ᠬᠡᠷᠡᠭᠯᠡᠬᠦ | ᠪᠤᠶᠤ ᠬᠡᠯᠪᠡᠷᠢ ᠶᠢ ᠨᠢ ᠥᠭᠡᠷᠡᠲᠦᠭᠦᠯᠦᠨ ᠬᠡᠷᠡᠭᠯᠡᠵᠦ ᠪᠣᠯᠬᠤ ᠥᠬᠡᠶ᠃ ᠵᠠᠰᠠᠭ ᠤᠨ ᠶᠠᠪᠤᠳᠠᠯ ᠤᠨ ᠳ᠋ᠠᠶᠢᠲ᠋ᠠ ᠶᠢ | ᠣᠯᠣᠭᠰᠠᠨ ᠪᠠ ᠬᠡᠷᠡᠭᠯᠡᠭᠰᠡᠨ ᠢ ᠪᠥᠬᠦ ᠶᠠᠪᠤᠴᠠ ᠳᠤ ᠨᠢ ᠮᠥᠷᠳᠡᠨ ᠤᠬᠤᠴᠢᠯᠠᠵᠤ ᠪᠣᠯᠬᠤ ᠪᠣᠯᠭᠠᠪᠠᠯ ᠵᠣᠬᠢᠨ᠎ᠠ᠃ | ᠬᠤᠷᠢᠨ ᠵᠢᠷᠭᠤᠳᠤᠭᠠᠷ ᠵᠦᠢᠯ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ | ᠬᠠᠮᠢᠶᠠᠷᠤᠯᠲᠠ ᠶᠢᠨ ᠪᠠᠶᠢᠭᠤᠯᠤᠮᠵᠢ ᠨᠢ ᠬᠠᠮᠲᠤ ᠳᠤ ᠪᠠᠨ ᠬᠦᠷᠲᠡᠬᠦ ᠡᠬᠢ ᠪᠠᠶᠠᠯᠢᠭ ᠤᠨ ᠬᠥᠮᠥᠷᠭᠡ ᠪᠠ ᠭᠤᠤᠯ | ᠰᠡᠳᠦᠪᠲᠦ ᠳ᠋ᠠᠶᠢᠲ᠋ᠠ ᠶᠢᠨ ᠬᠥᠮᠥᠷᠭᠡ ᠶᠢ ᠴᠠᠭ ᠲᠤᠬᠠᠶ ᠳᠤ ᠨᠢ ᠰᠢᠨᠡᠳᠬᠡᠵᠦ᠂ ᠵᠠᠰᠠᠭ ᠤᠨ ᠶᠠᠪᠤᠳᠠᠯ ᠤᠨ ᠰᠠᠯᠠᠭ᠎ᠠ | ᠮᠥᠴᠢᠷ ᠨᠢ ᠲᠣᠰ ᠰᠠᠯᠠᠭ᠎ᠠ ᠮᠥᠴᠢᠷ ᠤᠨ ᠳ᠋ᠠᠶᠢᠲ᠋ᠠ ᠶᠢᠨ ᠡᠬᠢ ᠪᠠᠶᠠᠯᠢᠭ ᠢ ᠴᠠᠭ ᠲᠤᠬᠠᠶ ᠳᠤ ᠨᠢ ᠰᠢᠨᠡᠳᠬᠡᠵᠦ᠂ | ᠬᠠᠮᠲᠤ ᠳᠤ ᠪᠠᠨ ᠭᠥᠷᠳᠡᠬᠦ ᠳ᠋ᠠᠶᠢᠲ᠋ᠠ ᠶᠢᠨ ᠴᠠᠭ ᠲᠤᠬᠠᠶ ᠳᠤ ᠨᠢ᠂ ᠣᠨᠣᠪᠴᠢᠲᠠᠶ᠂ ᠪᠦᠷᠢᠨ ᠪᠦᠲᠦᠨ ᠪᠠᠶᠢᠬᠤ ᠶᠢ | ᠦᠨᠡᠨ ᠬᠦ ᠪᠠᠲᠤᠯᠠᠬᠤ ᠶᠢᠨ ᠬᠠᠮᠲᠤ᠂ ᠴᠢᠳᠠᠬᠤ ᠶᠢᠨ ᠳᠣᠲᠣᠷ᠎ᠠ ᠵᠠᠯᠭᠠᠭᠤᠯᠬᠤ ᠠᠷᠭ᠎ᠠ ᠮᠠᠶ᠋ᠢᠭ ᠢᠶᠠᠷ ᠬᠠᠩᠭᠠᠬᠤ | ᠬᠡᠷᠡᠭᠲᠡᠶ᠃ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ᠨᠢᠭᠡᠨᠲᠡ ᠨᠡᠶᠢᠲᠡᠯᠡᠭᠰᠡᠨ ᠬᠠᠮᠲᠤ ᠳᠤ ᠪᠠᠨ ᠭᠥᠷᠳᠡᠬᠦ | ᠳ᠋ᠠᠶᠢᠲ᠋ᠠ ᠶᠢ ᠬᠠᠩᠭᠠᠬᠤ ᠪᠠᠨ ᠵᠣᠭᠰᠣᠭᠠᠬᠤ ᠦᠶ᠎ᠠ ᠳᠤ᠂ ᠠᠳᠠᠯᠢ ᠱᠠᠲᠤᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ | ᠡᠬᠢ ᠪᠠᠶᠠᠯᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠤᠷᠢᠳᠴᠢᠯᠠᠨ ᠮᠡᠳᠡᠭᠳᠡᠬᠦ ᠶᠢᠨ ᠬᠠᠮᠲᠤ᠂ ᠵᠦᠶ | ᠶᠣᠰᠣᠨ ᠤ ᠰᠢᠯᠲᠠᠭᠠᠨ ᠢᠶᠠᠨ ᠳᠤᠷᠠᠳᠬᠤ ᠬᠡᠷᠡᠭᠲᠡᠶ᠃ | ᠬᠤᠷᠢᠨ ᠳᠣᠯᠣᠳᠤᠭᠠᠷ ᠵᠦᠢᠯ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ︽ᠨᠡᠭᠡᠭᠡᠯᠲᠡ ᠲᠠᠢ | ᠪᠠᠶᠢᠯᠭᠠᠬᠤ ᠶᠢ ᠬᠡᠪ ᠤᠨ ᠪᠠᠶᠢᠳᠠᠯ ᠢᠶᠠᠷ ᠦᠵᠡᠬᠦ᠂ ᠥᠯᠥ ᠨᠡᠭᠡᠭᠡᠯᠲᠡ ᠲᠠᠢ ᠪᠠᠶᠢᠯᠭᠠᠬᠤ ᠶᠢ ᠣᠨᠴᠠᠭᠠᠢ ᠪᠠᠶᠢᠳᠠᠯ ᠢᠶᠠᠷ | ᠦᠵᠡᠬᠦ︾ ᠵᠠᠷᠴᠢᠮ ᠢ ᠪᠠᠷᠢᠮᠲᠠᠯᠠᠵᠤ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠨᠡᠶᠢᠭᠡᠮ ᠳᠤ ᠡᠮᠬᠢ ᠳᠠᠷᠠᠭᠠᠯᠠᠯ | ᠲᠠᠢ ᠪᠠᠷ ᠨᠡᠭᠡᠭᠡᠯᠲᠡ ᠲᠠᠢ ᠪᠠᠶᠢᠯᠭᠠᠬᠤ ᠬᠡᠷᠡᠭᠲᠡᠶ᠃ | ᠬᠤᠷᠢᠨ ᠨᠠᠢᠮᠠᠳᠤᠭᠠᠷ ᠵᠦᠢᠯ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠨᠡᠭᠡᠭᠡᠯᠲᠡ ᠲᠠᠢ | ᠪᠠᠶᠢᠯᠭᠠᠬᠤ ᠲᠥᠷᠥᠯ ᠬᠡᠯᠪᠡᠷᠢ ᠶᠢ ᠥᠯᠥ ᠨᠡᠭᠡᠭᠡᠯᠲᠡ ᠲᠠᠢ ᠪᠠᠶᠢᠯᠭᠠᠬᠤ᠂ ᠨᠥᠬᠦᠴᠡᠯ ᠲᠠᠢ ᠪᠠᠷ ᠨᠡᠭᠡᠭᠡᠯᠲᠡ ᠲᠠᠢ | ᠪᠠᠶᠢᠯᠭᠠᠬᠤ ᠪᠠ ᠨᠥᠬᠦᠴᠡᠯ ᠥᠬᠡᠶ ᠪᠠᠷ ᠨᠡᠭᠡᠭᠡᠯᠲᠡ ᠲᠠᠢ ᠪᠠᠶᠢᠯᠭᠠᠬᠤ ᠵᠡᠷᠭᠡ ᠭᠤᠷᠪᠠᠨ ᠲᠥᠷᠥᠯ ᠬᠡᠯᠪᠡᠷᠢ ᠬᠤᠪᠢᠶᠠᠨ᠎ᠠ᠃ | | ᠬᠤᠳᠠᠯᠳᠤᠭᠠᠨ ᠤ ᠨᠢᠭᠤᠴᠠ᠂ ᠬᠤᠪᠢ ᠬᠥᠮᠦᠨ ᠤ ᠨᠢᠭᠤᠴᠠ ᠳᠤ ᠬᠤᠯᠪᠣᠭᠳᠠᠭᠰᠠᠨ ᠪᠤᠶᠤ ᠬᠠᠮᠢᠶ᠎ᠠ ᠪᠥᠬᠦᠶ | ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠳᠤ ᠱᠠᠭᠠᠷᠳᠠᠵᠤ ᠪᠠᠶᠢᠭ᠎ᠠ | ᠨᠡᠭᠡᠭᠡᠯᠲᠡ ᠲᠠᠢ ᠪᠠᠶᠢᠯᠭᠠᠵᠤ ᠪᠣᠯᠬᠤ ᠥᠬᠡᠶ ᠵᠠᠰᠠᠭ ᠤᠨ ᠶᠠᠪᠤᠳᠠᠯ ᠤᠨ ᠳ᠋ᠠᠶᠢᠲ᠋ᠠ ᠨᠢ ᠥᠯᠥ ᠨᠡᠭᠡᠭᠡᠯᠲᠡ ᠲᠠᠢ | ᠪᠠᠶᠢᠯᠭᠠᠬᠤ ᠲᠥᠷᠥᠯ ᠳᠤ ᠬᠠᠷᠢᠶᠠᠯᠠᠭᠳᠠᠨ᠎ᠠ᠃ | ᠳ᠋ᠠᠶᠢᠲ᠋ᠠ ᠶᠢᠨ ᠠᠮᠤᠷ ᠲᠦᠪᠰᠢᠨ ᠪᠠ ᠰᠢᠢᠳᠪᠦᠷᠢᠯᠡᠬᠦ ᠴᠢᠳᠠᠪᠤᠷᠢ ᠶᠢᠨ ᠱᠠᠭᠠᠷᠳᠠᠯᠭ᠎ᠠ ᠨᠡᠯᠢᠶᠡᠳ ᠥᠨᠳᠥᠷ᠂ | ᠴᠠᠭ ᠬᠤᠭᠤᠴᠠᠭᠠᠲᠤ ᠴᠢᠨᠠᠷ ᠢᠶᠠᠷ ᠨᠡᠯᠢᠶᠡᠳ ᠴᠢᠩᠭ᠎ᠠ ᠪᠤᠶᠤ ᠦᠷᠭᠦᠯᠵᠢᠯᠡᠨ ᠠᠪᠬᠤ ᠴᠢᠬᠤᠯᠠᠲᠠᠶ ᠵᠠᠰᠠᠭ ᠤᠨ | ᠶᠠᠪᠤᠳᠠᠯ ᠤᠨ ᠳ᠋ᠠᠶᠢᠲ᠋ᠠ ᠨᠢ ᠨᠥᠬᠦᠴᠡᠯ ᠲᠠᠢ ᠪᠠᠷ ᠨᠡᠭᠡᠭᠡᠯᠲᠡ ᠲᠠᠢ ᠪᠠᠶᠢᠯᠭᠠᠬᠤ ᠲᠥᠷᠥᠯ ᠳᠤ ᠬᠠᠷᠢᠶᠠᠯᠠᠭᠳᠠᠨ᠎ᠠ᠃ | ᠵᠠᠰᠠᠭ ᠤᠨ ᠶᠠᠪᠤᠳᠠᠯ ᠤᠨ ᠪᠤᠰᠤᠳ ᠳ᠋ᠠᠶᠢᠲ᠋ᠠ ᠨᠢ ᠨᠥᠬᠦᠴᠡᠯ ᠥᠬᠡᠶ ᠪᠠᠷ ᠨᠡᠭᠡᠭᠡᠯᠲᠡ ᠲᠠᠢ ᠪᠠᠶᠢᠯᠭᠠᠬᠤ | ᠲᠥᠷᠥᠯ ᠳᠤ ᠬᠠᠷᠢᠶᠠᠯᠠᠭᠳᠠᠨ᠎ᠠ᠃ | ᠨᠥᠬᠦᠴᠡᠯ ᠥᠬᠡᠶ ᠪᠠᠷ ᠨᠡᠭᠡᠭᠡᠯᠲᠡ ᠲᠠᠢ ᠪᠠᠶᠢᠯᠭᠠᠬᠤ ᠲᠥᠷᠥᠯ ᠤᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠪᠣᠯ | ᠂ ᠰᠠᠨᠠᠭᠠᠴᠢᠯᠠᠭ᠎ᠠ ᠠᠴᠠ ᠪᠠᠨ ᠨᠡᠶᠢᠭᠡᠮ ᠳᠤ ᠨᠡᠭᠡᠭᠡᠯᠲᠡ ᠲᠠᠢ ᠪᠠᠶᠢᠯᠭᠠᠬᠤ ᠬᠡᠷᠡᠭᠲᠡᠶ᠃ ᠨᠥᠬᠦᠴᠡᠯ ᠲᠠᠢ ᠪᠠᠷ | ᠨᠡᠭᠡᠭᠡᠯᠲᠡ ᠲᠠᠢ ᠪᠠᠶᠢᠯᠭᠠᠬᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠪᠣᠯ᠂ ᠵᠠᠰᠠᠭ ᠤᠨ ᠶᠠᠪᠤᠳᠠᠯ ᠤᠨ ᠰᠠᠯᠠᠭ᠎ᠠ | ᠮᠥᠴᠢᠷ ᠨᠢ ᠳ᠋ᠠᠶᠢᠲ᠋ᠠ ᠶᠢ ᠠᠰᠢᠭᠯᠠᠬᠤ ᠮᠡᠷᠭᠡᠵᠢᠯ ᠤᠨ ᠴᠢᠳᠠᠪᠤᠷᠢ ᠪᠠ ᠠᠮᠤᠷ ᠲᠦᠪᠰᠢᠨ ᠢ ᠪᠠᠲᠤᠯᠠᠬᠤ ᠠᠷᠭ᠎ᠠ | ᠬᠡᠮᠵᠢᠶ᠎ᠡ ᠵᠡᠷᠭᠡ ᠨᠥᠬᠦᠴᠡᠯ ᠢ ᠨᠡᠶᠢᠲᠡᠯᠡᠵᠦ᠂ ᠨᠥᠬᠦᠴᠡᠯ ᠳᠤ ᠨᠡᠶᠢᠴᠡᠭᠰᠡᠨ ᠭᠤᠤᠯ ᠴᠣᠭᠴᠠ ᠳᠤ ᠨᠡᠭᠡᠭᠡᠯᠲᠡ ᠲᠠᠢ | ᠪᠠᠶᠢᠯᠭᠠᠬᠤ ᠬᠡᠷᠡᠭᠲᠡᠶ᠃ | ᠬᠤᠷᠢ ᠶᠢᠰᠦᠳᠦᠭᠡᠷ ᠵᠦᠢᠯ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ | ᠬᠠᠮᠢᠶᠠᠷᠤᠯᠲᠠ ᠶᠢᠨ ᠪᠠᠶᠢᠭᠤᠯᠤᠮᠵᠢ ᠨᠢ ᠲᠣᠰ ᠱᠠᠲᠤᠨ ᠤ ᠣᠯᠠᠨ ᠨᠡᠶᠢᠲᠡ ᠶᠢᠨ ᠳ᠋ᠠᠶᠢᠲ᠋ᠠ ᠶᠢᠨ ᠨᠡᠭᠡᠭᠡᠯᠲᠡ ᠲᠠᠢ | ᠪᠠᠶᠢᠯᠭᠠᠬᠤ ᠲᠠᠪᠴᠠᠩ ᠤᠨ ᠪᠠᠶᠢᠭᠤᠯᠤᠯᠲᠠ ᠪᠠ ᠠᠵᠢᠯᠯᠠᠭᠠᠨ ᠤ ᠬᠠᠮᠢᠶᠠᠷᠤᠯᠲᠠ ᠶᠢ ᠬᠠᠷᠢᠭᠤᠴᠠᠵᠤ᠂ ᠵᠠᠰᠠᠭ ᠤᠨ | ᠶᠠᠪᠤᠳᠠᠯ ᠤᠨ ᠳ᠋ᠠᠶᠢᠲ᠋ᠠ ᠪᠠᠨ ᠨᠡᠶᠢᠭᠡᠮ ᠳᠤ ᠨᠢᠭᠡᠳᠦᠯᠲᠡᠶ ᠨᠡᠭᠡᠭᠡᠯᠲᠡ ᠲᠠᠢ ᠪᠠᠶᠢᠯᠭᠠᠬᠤ ᠶᠢ ᠪᠡᠶᠡᠯᠡᠭᠦᠯᠬᠦ ᠬᠡᠷᠡᠭᠲᠡᠢ᠃ | ᠭᠤᠴᠢᠳᠤᠭᠠᠷ ᠵᠦᠢᠯ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ᠬᠠᠮᠢᠶ᠎ᠠ ᠪᠥᠬᠦᠶ ᠪᠠᠷᠢᠮᠵᠢᠶ᠎ᠠ ᠶᠣᠰᠣᠭᠠᠷ | ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠭᠠᠷᠴᠠᠭ ᠤᠨ ᠬᠡᠪᠴᠢᠶᠡᠨ ᠳᠤ ᠲᠣᠰ ᠰᠠᠯᠠᠭ᠎ᠠ | ᠮᠥᠴᠢᠷ ᠤᠨ ᠳ᠋ᠠᠶᠢᠲ᠋ᠠ ᠶᠢᠨ ᠨᠡᠭᠡᠭᠡᠯᠲᠡ ᠲᠠᠢ ᠪᠠᠶᠢᠯᠭᠠᠬᠤ ᠨᠠᠷᠢᠨ ᠬᠠᠭᠤᠳᠠᠰᠤ ᠶᠢ ᠲᠣᠭᠲᠠᠭᠠᠵᠤ᠂ ᠨᠡᠶᠢᠭᠡᠮ ᠳᠤ | ᠨᠡᠶᠢᠲᠡᠯᠡᠬᠦ ᠶᠢᠨ ᠬᠠᠮᠲᠤ ᠬᠥᠳᠡᠯᠦᠩᠭᠦᠶ ᠪᠠᠷ ᠰᠢᠨᠡᠳᠬᠡᠬᠦ ᠬᠡᠷᠡᠭᠲᠡᠶ᠃ ᠠᠷᠠᠳ ᠤᠨ ᠠᠮᠢᠳᠤᠷᠠᠯ ᠯᠤᠭ᠎ᠠ ᠨᠢᠭᠲᠠ | ᠬᠤᠯᠪᠣᠭ᠎ᠠ ᠲᠠᠢ᠂ ᠨᠡᠶᠢᠭᠡᠮ ᠳᠤ ᠲᠤᠯᠭᠠᠮ ᠱᠠᠭᠠᠷᠳᠠᠭᠳᠠᠵᠤ ᠪᠠᠶᠢᠬᠤ᠂ ᠬᠤᠳᠠᠯᠳᠤᠭᠠᠨ ᠤ ᠥᠷᠲᠡᠭ ᠨᠡᠮᠡᠭᠳᠡᠯ ᠤᠨ | ᠳᠠᠯᠳᠠ ᠬᠦᠴᠦᠨ ᠨᠢ ᠮᠡᠳᠡᠭᠳᠡᠬᠦ᠋ᠢᠴᠡ ᠪᠠᠶᠢᠭ᠎ᠠ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠡᠩ ᠲᠡᠷᠢᠭᠦᠨ ᠳᠤ | ᠨᠡᠭᠡᠭᠡᠯᠲᠡ ᠲᠠᠢ ᠪᠣᠯᠭᠠᠬᠤ ᠬᠡᠷᠡᠭᠲᠡᠶ᠃ | ᠬᠠᠤᠯᠢ ᠶᠣᠰᠣᠭᠠᠷ ᠨᠡᠭᠡᠭᠡᠯᠲᠡ ᠲᠠᠢ ᠪᠠᠶᠢᠯᠭᠠᠵᠤ ᠪᠣᠯᠬᠤ ᠥᠬᠡᠶ ᠪᠠ ᠨᠥᠬᠦᠴᠡᠯ ᠲᠠᠢ ᠪᠠᠷ ᠨᠡᠭᠡᠭᠡᠯᠲᠡ ᠲᠠᠢ | ᠪᠠᠶᠢᠯᠭᠠᠬᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠢ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ | ᠲᠡᠭᠦᠨ ᠢ ᠬᠤᠷᠢᠭ᠎ᠠ ᠲᠠᠢ ᠵᠦᠢᠯᠡᠰ ᠤᠨ ᠨᠠᠷᠢᠨ ᠬᠠᠭᠤᠳᠠᠰᠤ ᠳᠤ ᠣᠷᠣᠭᠤᠯᠬᠤ ᠶᠢᠨ ᠬᠠᠮᠲᠤ᠂ ᠣᠯᠠᠨ ᠨᠡᠶᠢᠲᠡ ᠶᠢᠨ | ᠳ᠋ᠠᠶᠢᠲ᠋ᠠ ᠶᠢᠨ ᠨᠡᠭᠡᠭᠡᠯᠲᠡ ᠲᠠᠢ ᠪᠠᠶᠢᠯᠭᠠᠬᠤ ᠲᠠᠪᠴᠠᠩ ᠢᠶᠠᠷ ᠳᠠᠮᠵᠢᠨ ᠨᠡᠶᠢᠲᠡᠯᠡᠬᠦ ᠬᠡᠷᠡᠭᠲᠡᠶ᠃ | ᠲᠠᠪᠤᠳᠤᠭᠠᠷ ᠪᠦᠯᠦᠭ ᠨᠡᠭᠡᠭᠡᠨ ᠠᠰᠢᠭᠯᠠᠬᠤ | ᠭᠤᠴᠢᠨ ᠨᠢᠭᠡᠳᠦᠭᠡᠷ ᠵᠦᠢᠯ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ | ᠪᠠᠶᠢᠭᠤᠯᠤᠮᠵᠢ ᠪᠠ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ | ᠪᠠᠶᠠᠯᠢᠭ ᠢ ᠭᠦᠢᠴᠡᠳ ᠠᠰᠢᠭᠯᠠᠨ᠂ ᠨᠡᠶᠢᠭᠡᠮ ᠤᠨ ᠳ᠋ᠠᠶᠢᠲ᠋ᠠ ᠶᠢᠨ ᠡᠬᠢ ᠪᠠᠶᠠᠯᠢᠭ ᠯᠤᠭ᠎ᠠ ᠠᠭᠤᠰᠤᠯᠴᠠᠭᠤᠯᠵᠤ᠂ | ᠳ᠋ᠠᠶᠢᠲ᠋ᠠ ᠶᠢᠨ ᠡᠬᠢ ᠪᠠᠶᠠᠯᠢᠭ ᠤᠨ ᠦᠨ᠎ᠡ ᠥᠷᠲᠡᠭ ᠢ ᠠᠭᠤᠳᠠᠯᠤᠨ᠂ ᠵᠠᠰᠠᠭ ᠤᠨ ᠣᠷᠳᠣᠨ ᠤ ᠵᠠᠰᠠᠯᠲᠠ ᠪᠠ ᠣᠯᠠᠨ | ᠨᠡᠶᠢᠲᠡ ᠶᠢᠨ ᠦᠶ᠋ᠯᠡᠴᠢᠯᠡᠭᠡ ᠵᠡᠷᠭᠡ ᠬᠦᠷᠢᠶᠡᠨ ᠲᠠᠬᠢ ᠬᠡᠷᠡᠭᠯᠡᠯᠲᠡ ᠶᠢ ᠨᠡᠭᠡᠭᠡᠨ ᠬᠥᠭᠵᠢᠭᠦᠯᠬᠦ ᠬᠡᠷᠡᠭᠲᠡᠢ᠃ | ᠭᠤᠴᠢᠨ ᠬᠤᠶᠠᠳᠤᠭᠠᠷ ᠵᠦᠢᠯ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ᠵᠠᠰᠠᠭ ᠤᠨ ᠶᠠᠪᠤᠳᠠᠯ ᠤᠨ | ᠳ᠋ᠠᠶᠢᠲ᠋ᠠ ᠶᠢᠨ ᠡᠬᠢ ᠪᠠᠶᠠᠯᠢᠭ ᠠᠴᠠ ᠪᠤᠰᠤᠳ ᠨᠡᠶᠢᠭᠡᠮ ᠤᠨ ᠳ᠋ᠠᠶᠢᠲ᠋ᠠ ᠶᠢᠨ ᠡᠬᠢ ᠪᠠᠶᠠᠯᠢᠭ ᠢ ᠬᠠᠤᠯᠢ ᠶᠣᠰᠣᠭᠠᠷ | ᠬᠡᠷᠡᠭᠯᠡᠬᠦ ᠳᠤ᠂ ᠨᠢᠭᠡᠳᠦᠯᠲᠡᠶ ᠲᠥᠯᠥᠪᠯᠡᠨ ᠬᠠᠮᠢᠶᠠᠷᠬᠤ᠂ ᠲᠥᠪᠯᠡᠷᠡᠭᠦᠯᠦᠨ ᠵᠠᠰᠠᠬᠤ᠂ ᠬᠠᠮᠲᠤ ᠳᠤ ᠪᠠᠨ ᠭᠥᠷᠳᠡᠵᠦ | ᠬᠠᠮᠲᠤ ᠪᠠᠷ ᠬᠡᠷᠡᠭᠯᠡᠬᠦ᠂ ᠪᠠᠯᠠ ᠮᠥᠩᠭᠦ ᠠᠷᠪᠢᠯᠠᠬᠤ ᠵᠠᠷᠴᠢᠮ ᠢ ᠪᠠᠷᠢᠮᠲᠠᠯᠠᠬᠤ ᠬᠡᠷᠡᠭᠲᠡᠶ᠃ | ᠭᠤᠴᠢᠨ ᠭᠤᠷᠪᠠᠳᠤᠭᠠᠷ ᠵᠦᠢᠯ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ | ᠪᠠᠶᠢᠭᠤᠯᠤᠮᠵᠢ ᠨᠢ ᠬᠠᠤᠯᠢ ᠪᠠ ᠲᠣᠭᠲᠠᠭᠠᠯ ᠶᠣᠰᠣᠭᠠᠷ ᠢᠯᠡ ᠪᠠᠷ ᠳᠠᠭᠠᠭᠠᠴᠢᠯᠠᠯᠲᠠ ᠵᠠᠷᠯᠠᠬᠤ ᠵᠡᠷᠭᠡ | ᠥᠷᠢᠰᠥᠯᠳᠦᠭᠡᠨ ᠤ ᠴᠢᠨᠠᠷᠲᠠᠶ ᠠᠷᠭ᠎ᠠ ᠮᠠᠶ᠋ᠢᠭ ᠢᠶᠠᠷ ᠳᠠᠮᠵᠢᠭᠤᠯᠤᠨ ᠬᠤᠷᠰᠢᠵᠤ ᠨᠡᠭᠡᠭᠡᠨ ᠬᠥᠭᠵᠢᠭᠦᠯᠬᠦ ᠡᠲᠡᠭᠡᠳ ᠢᠶᠠᠨ | ᠲᠣᠭᠲᠠᠭᠠᠵᠤ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠵᠤ ᠪᠣᠯᠤᠨ᠎ᠠ᠃ | ᠭᠤᠴᠢᠨ ᠳᠥᠷᠪᠡᠳᠦᠭᠡᠷ ᠵᠦᠢᠯ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ | ᠬᠠᠮᠢᠶᠠᠷᠤᠯᠲᠠ ᠶᠢᠨ ᠪᠠᠶᠢᠭᠤᠯᠤᠮᠵᠢ ᠨᠢ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠢ ᠬᠤᠷᠰᠢᠵᠤ ᠨᠡᠭᠡᠭᠡᠨ | ᠠᠰᠢᠭᠯᠠᠬᠤ ᠲᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠠᠤᠯᠢ ᠶᠣᠰᠣᠭᠠᠷ ᠬᠤᠷᠰᠢᠵᠤ ᠨᠡᠭᠡᠭᠡᠨ | ᠠᠰᠢᠭᠯᠠᠬᠤ ᠶᠢ ᠦᠨᠡᠨ ᠬᠦ ᠪᠠᠲᠤᠯᠠᠵᠤ᠂ ᠳ᠋ᠠᠶᠢᠲ᠋ᠠ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ | ᠨᠡᠭᠡᠭᠡᠨ ᠭᠦᠭᠵᠢᠭᠦᠯᠭᠦ ᠪᠠᠷ ᠪᠦᠷᠢᠯᠳᠦᠭᠰᠡᠨ ᠳ᠋ᠠᠶᠢᠲ᠋ᠠ ᠶᠢᠨ ᠦᠢᠯᠡᠳᠬᠦᠨ ᠳᠤ ᠲᠡᠭᠦᠨ ᠤ ᠠᠰᠢᠭᠯᠠᠭᠰᠠᠨ | ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠢᠷᠡᠯᠲᠡ ᠪᠠ ᠣᠯᠤᠭᠰᠠᠨ ᠡᠳᠦᠷ ᠬᠤᠭᠤᠴᠠᠭ᠎ᠠ ᠶᠢ | ᠲᠣᠳᠣᠷᠬᠠᠶᠢᠯᠠᠬᠤ ᠬᠡᠷᠡᠭᠲᠡᠶ᠃ | ᠭᠤᠴᠢᠨ ᠲᠠᠪᠤᠳᠤᠭᠠᠷ ᠵᠦᠢᠯ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ᠠᠵᠤ ᠦᠢᠯᠡᠰ ᠤᠨ | ᠲᠥᠷᠥ ᠶᠢᠨ ᠪᠣᠳᠣᠯᠭ᠎ᠠ ᠶᠢᠨ ᠬᠥᠲᠥᠯᠥᠮᠵᠢ ᠪᠠ ᠳ᠋ᠠᠶᠢᠲ᠋ᠠ ᠶᠢᠨ ᠬᠡᠷᠡᠭᠯᠡᠯᠲᠡ ᠶᠢᠨ ᠤᠷᠤᠯᠳᠤᠭᠠᠨ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠠᠷᠠᠳ ᠢᠷᠭᠡᠳ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ | ᠪᠠᠶᠢᠭᠤᠯᠤᠯᠲᠠ ᠶᠢ ᠵᠣᠷᠢᠭᠵᠢᠭᠤᠯᠤᠨ ᠳᠡᠮᠵᠢᠵᠦ ᠪᠠᠶᠢᠭᠠᠳ ᠵᠠᠰᠠᠭ ᠤᠨ ᠶᠠᠪᠤᠳᠠᠯ ᠤᠨ ᠨᠡᠭᠡᠭᠡᠯᠲᠡ ᠲᠠᠢ ᠳ᠋ᠠᠶᠢᠲ᠋ᠠ ᠶᠢ | ᠠᠰᠢᠭᠯᠠᠨ ᠰᠢᠨ᠎ᠡ ᠶᠢ ᠡᠭᠦᠳᠴᠦ ᠦᠢᠯᠡᠰ ᠴᠣᠭᠴᠠᠯᠠᠭᠤᠯᠬᠤ ᠬᠡᠷᠡᠭᠲᠡᠢ᠃ | ᠵᠢᠷᠭᠤᠳᠤᠭᠠᠷ ᠪᠦᠯᠦᠭ ᠠᠮᠤᠷ ᠲᠦᠪᠰᠢᠨ ᠤ ᠬᠠᠮᠢᠶᠠᠷᠤᠯᠲᠠ | ᠭᠤᠴᠢᠨ ᠵᠢᠷᠭᠤᠳᠤᠭᠠᠷ ᠵᠦᠢᠯ ᠰᠦᠯᠵᠢᠶᠡᠨ ᠤ ᠠᠮᠤᠷ ᠲᠦᠪᠰᠢᠨ ᠢ ᠭᠤᠤᠯᠴᠢᠯᠠᠨ ᠬᠠᠮᠢᠶᠠᠷᠬᠤ᠂ ᠬᠢᠨᠠᠨ | ᠬᠠᠮᠢᠶᠠᠷᠬᠤ ᠰᠠᠯᠠᠭ᠎ᠠ ᠮᠥᠴᠢᠷ ᠨᠢ ᠲᠣᠰ ᠵᠠᠰᠠᠭ ᠵᠠᠬᠢᠷᠭᠠᠨ ᠤ ᠣᠷᠣᠨ ᠤ ᠪᠠᠨ ᠵᠠᠰᠠᠭ ᠤᠨ ᠶᠠᠪᠤᠳᠠᠯ ᠤᠨ | ᠳ᠋ᠠᠶᠢᠲ᠋ᠠ ᠶᠢᠨ ᠡᠬᠢ ᠪᠠᠶᠠᠯᠢᠭ ᠤᠨ ᠠᠮᠤᠷ ᠲᠦᠪᠰᠢᠨ ᠤ ᠠᠵᠢᠯ ᠢ ᠨᠢᠭᠡᠳᠦᠯᠲᠡᠶ ᠲᠥᠯᠥᠪᠯᠡᠨ ᠬᠠᠮᠢᠶᠠᠷᠬᠤ ᠪᠠ ᠬᠢᠨᠠᠯᠲᠠ | ᠲᠠᠯᠪᠢᠬᠤ ᠶᠢ ᠬᠠᠷᠢᠭᠤᠴᠠᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠤᠨ ᠵᠢᠷᠤᠮᠵᠢᠯ ᠢ ᠲᠣᠭᠲᠠᠭᠠᠨ᠂ | ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠠᠮᠤᠷ ᠲᠦᠪᠰᠢᠨ ᠤ ᠬᠡᠷᠡᠭᠯᠡᠯᠲᠡ ᠶᠢᠨ ᠲᠦᠷᠢᠮ ᠢ ᠲᠡᠭᠦᠯᠳᠡᠷᠵᠢᠭᠦᠯᠵᠦ᠂ | ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠢ ᠴᠤᠭᠯᠠᠭᠤᠯᠤᠨ ᠬᠤᠷᠢᠶᠠᠵᠤ ᠨᠡᠶᠢᠯᠡᠭᠦᠯᠬᠦ᠂ | ᠬᠠᠮᠲᠤ ᠳᠤ ᠪᠠᠨ ᠭᠥᠷᠳᠡᠵᠦ ᠨᠡᠭᠡᠭᠡᠯᠲᠡ ᠲᠠᠢ ᠪᠠᠶᠢᠯᠭᠠᠬᠤ᠂ ᠨᠡᠭᠡᠭᠡᠨ ᠬᠥᠭᠵᠢᠭᠦᠯᠵᠦ ᠠᠰᠢᠭᠯᠠᠬᠤ ᠶᠠᠪᠤᠴᠠ ᠲᠠᠬᠢ | ᠰᠦᠯᠵᠢᠶᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠵᠢᠭᠠᠨ ᠵᠢᠯᠣᠭᠤᠳᠴᠤ ᠰᠢᠮᠳᠠᠭᠤᠯᠤᠨ᠂ ᠵᠠᠰᠠᠭ ᠤᠨ | ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠢ ᠬᠠᠮᠲᠤ ᠳᠤ ᠪᠠᠨ ᠭᠥᠷᠳᠡᠬᠦ ᠲᠦᠭᠰᠢᠭᠦᠷᠢ ᠶᠢ ᠦᠨᠡᠯᠡᠨ ᠵᠢᠱᠢᠬᠦ ᠪᠠ | ᠰᠦᠯᠵᠢᠶᠡᠨ ᠤ ᠠᠮᠤᠷ ᠲᠦᠪᠰᠢᠨ ᠤ ᠪᠠᠶᠢᠴᠠᠭᠠᠯᠲᠠ ᠶᠢ ᠵᠢᠯᠣᠭᠤᠳᠴᠤ ᠠᠬᠢᠭᠤᠯᠬᠤ ᠬᠡᠷᠡᠭᠲᠡᠶ᠃ | ᠭᠤᠴᠢᠨ ᠳᠣᠯᠣᠳᠤᠭᠠᠷ ᠵᠦᠢᠯ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ | ᠬᠠᠮᠢᠶᠠᠷᠤᠯᠲᠠ ᠶᠢᠨ ᠪᠠᠶᠢᠭᠤᠯᠤᠮᠵᠢ ᠪᠠ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ᠡᠭᠦᠷᠭᠡ | ᠬᠠᠷᠢᠭᠤᠴᠠᠯᠭ᠎ᠠ ᠶᠢᠨ ᠱᠠᠭᠠᠷᠳᠠᠯᠭ᠎ᠠ ᠶᠣᠰᠣᠭᠠᠷ᠂ ᠳ᠋ᠠᠶᠢᠲ᠋ᠠ ᠶᠢᠨ ᠠᠮᠤᠷ ᠲᠦᠪᠰᠢᠨ ᠤ ᠬᠠᠮᠢᠶ᠎ᠠ ᠪᠥᠬᠦᠶ | ᠬᠠᠮᠢᠶᠠᠷᠤᠯᠲᠠ ᠶᠢᠨ ᠲᠦᠷᠢᠮ ᠢ ᠲᠣᠭᠲᠠᠭᠠᠵᠤ᠂ ᠳ᠋ᠠᠶᠢᠲ᠋ᠠ ᠶᠢᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠲᠣᠭᠲᠠᠴᠠ ᠪᠠ ᠮᠡᠷᠭᠡᠵᠢᠯ ᠤᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠪᠠᠶᠢᠭᠤᠯᠵᠤ᠂ | ᠳ᠋ᠠᠶᠢᠲ᠋ᠠ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ | ᠭᠤᠴᠢᠨ ᠨᠠᠢᠮᠠᠳᠤᠭᠠᠷ ᠵᠦᠢᠯ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠨᠢ ᠤᠯᠤᠰ ᠤᠨ | ᠨᠢᠭᠤᠴᠠ᠂ ᠬᠤᠳᠠᠯᠳᠤᠭᠠᠨ ᠤ ᠨᠢᠭᠤᠴᠠ᠂ ᠬᠤᠪᠢ ᠬᠥᠮᠦᠨ ᠤ ᠨᠢᠭᠤᠴᠠ ᠬᠢᠭᠡᠳ ᠮᠡᠳᠡᠭᠡ ᠵᠠᠩᠭᠢ ᠶᠢᠨ ᠠᠮᠤᠷ | ᠲᠦᠪᠰᠢᠨ ᠳᠤ ᠬᠤᠯᠪᠣᠭᠳᠠᠪᠠᠯ᠂ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠤᠨ | ᠬᠤᠯᠪᠣᠭᠳᠠᠯ ᠪᠥᠬᠦᠶ ᠲᠣᠭᠲᠠᠭᠠᠯ ᠢ ᠵᠢᠷᠤᠮᠯᠠᠨ ᠰᠠᠬᠢᠬᠤ ᠬᠡᠷᠡᠭᠲᠡᠶ᠃ | ᠳᠣᠯᠣᠳᠤᠭᠠᠷ ᠪᠦᠯᠦᠭ ᠬᠢᠨᠠᠯᠲᠠ ᠲᠠᠯᠪᠢᠵᠤ ᠰᠢᠯᠭᠠᠨ ᠬᠢᠨᠠᠬᠤ | ᠭᠤᠴᠢ ᠶᠢᠰᠦᠳᠦᠭᠡᠷ ᠵᠦᠢᠯ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ | ᠪᠠᠶᠢᠭᠤᠯᠤᠮᠵᠢ ᠨᠢ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ᠂ ᠲᠣᠭᠲᠠᠮᠠᠯ ᠬᠤᠭᠤᠴᠠᠭ᠎ᠠ ᠲᠠᠢ ᠪᠠᠶᠢᠴᠠᠭᠠᠬᠤ ᠪᠠ | ᠡᠯᠧᠺᠳ᠋ᠷᠣᠨ ᠢᠶᠠᠷ ᠰᠢᠮᠳᠠᠭᠤᠯᠤᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠠᠰᠠᠭ ᠤᠨ ᠶᠠᠪᠤᠳᠠᠯ ᠤᠨ | ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ ᠵᠣᠬᠢᠶᠠᠬᠤ᠂ ᠴᠤᠭᠯᠠᠭᠤᠯᠤᠨ ᠬᠤᠷᠢᠶᠠᠵᠤ | ᠨᠡᠶᠢᠯᠡᠭᠦᠯᠬᠦ᠂ ᠬᠠᠮᠲᠤ ᠳᠤ ᠪᠠᠨ ᠭᠥᠷᠳᠡᠵᠦ ᠨᠡᠭᠡᠭᠡᠯᠲᠡ ᠲᠠᠢ ᠪᠠᠶᠢᠯᠭᠠᠬᠤ᠂ ᠨᠡᠭᠡᠭᠡᠨ ᠠᠰᠢᠭᠯᠠᠵᠤ ᠪᠠᠶᠢᠭ᠎ᠠ ᠵᠡᠷᠭᠡ | ᠪᠠᠶᠢᠳᠠᠯ ᠳᠤ ᠬᠢᠨᠠᠯᠲᠠ ᠲᠠᠯᠪᠢᠵᠤ ᠰᠢᠯᠭᠠᠨ ᠬᠢᠨᠠᠵᠤ᠂ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠶ ᠳᠤ ᠨᠢ | ᠰᠢᠮᠳᠠᠭᠤᠯᠵᠤ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ | ᠳᠥᠴᠢᠳᠦᠭᠡᠷ ᠵᠦᠢᠯ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ | ᠪᠠᠶᠢᠭᠤᠯᠤᠮᠵᠢ ᠨᠢ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠢᠯᠭᠠᠨ ᠬᠢᠨᠠᠬᠤ | ᠲᠥᠰᠦᠯ ᠢ ᠵᠣᠬᠢᠶᠠᠨ ᠪᠠᠶᠢᠭᠤᠯᠵᠤ ᠲᠣᠭᠲᠠᠭᠠᠨ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠳᠤ ᠨᠠᠶᠢᠳᠠᠵᠤ᠂ | ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠶᠠᠰᠤ ᠴᠢᠨᠠᠷ ᠤᠨ ᠬᠠᠮᠢᠶᠠᠷᠤᠯᠲᠠ᠂ ᠬᠠᠮᠲᠤ ᠳᠤ ᠪᠠᠨ | ᠭᠥᠷᠳᠡᠵᠦ ᠨᠡᠭᠡᠭᠡᠯᠲᠡ ᠲᠠᠢ ᠪᠠᠶᠢᠯᠭᠠᠬᠤ ᠬᠡᠮᠵᠢᠶ᠎ᠡ᠂ ᠬᠡᠷᠡᠭᠯᠡᠭᠡᠨ ᠤ ᠲᠤᠯᠭᠠᠭᠤᠷᠢᠯᠠᠬᠤ ᠴᠢᠳᠠᠪᠤᠷᠢ ᠵᠡᠷᠭᠡ ᠲᠠᠯ᠎ᠠ ᠶᠢᠨ | ᠲᠣᠭᠤᠷᠢᠨ ᠳᠤ᠂ ᠬᠡᠷᠡᠭᠯᠡᠭᠡᠨ ᠤ ᠬᠦᠴᠦᠨ ᠴᠢᠳᠠᠪᠤᠷᠢ ᠶᠢ ᠶᠡᠷᠦᠩᠬᠡᠶᠢᠯᠡᠨ ᠵᠠᠳᠠᠯᠵᠤ ᠦᠨᠡᠯᠡᠬᠦ ᠶᠢ ᠱᠠᠲᠤ ᠪᠠ ᠲᠥᠷᠥᠯ | ᠬᠤᠪᠢᠶᠠᠨ ᠥᠷᠨᠢᠭᠦᠯᠬᠦ ᠶᠢᠨ ᠬᠠᠮᠲᠤ ᠦᠷ᠎ᠡ ᠳ᠋ᠦᠩ ᠢ ᠨᠢ ᠢᠯᠡ ᠪᠣᠯᠭᠠᠬᠤ ᠬᠡᠷᠡᠭᠲᠡᠢ᠃ | ᠨᠠᠢᠮᠠᠳᠤᠭᠠᠷ ᠪᠦᠯᠦᠭ ᠳᠠᠭᠠᠯᠳᠤᠭᠤᠯᠤᠯ ᠳᠦᠷᠢᠮ | ᠳᠥᠴᠢᠨ ᠨᠢᠭᠡᠳᠦᠭᠡᠷ ᠵᠦᠢᠯ ᠤᠰᠤ ᠬᠠᠩᠭᠠᠬᠤ᠂ ᠴᠠᠬᠢᠯᠭᠠᠨ ᠬᠠᠩᠭᠠᠬᠤ᠂ ᠬᠡᠶ ᠬᠠᠩᠭᠠᠬᠤ᠂ ᠢᠯᠴᠢ | ᠬᠠᠩᠭᠠᠬᠤ᠂ ᠴᠢᠮᠡᠭᠡ ᠬᠤᠯᠪᠣᠭ᠎ᠠ᠂ ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠠᠷᠠᠳ ᠤᠨ ᠠᠭᠠᠷ ᠤᠨ ᠲᠡᠭᠡᠭᠡᠪᠦᠷᠢ᠂ | ᠲᠡᠮᠦᠷ ᠵᠠᠮ ᠵᠡᠷᠭᠡ ᠨᠡᠶᠢᠲᠡ ᠶᠢᠨ ᠠᠵᠢᠯ ᠦᠢᠯᠡᠰ ᠤᠨ ᠡᠵᠡᠩᠨᠡᠨ ᠠᠵᠢᠯᠯᠠᠭᠤᠯᠬᠤ ᠠᠵᠤ ᠠᠬᠤᠶᠢᠯᠠᠯ ᠨᠢ ᠣᠯᠠᠨ | ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ | ᠶᠠᠪᠤᠴᠠ ᠳᠤ ᠴᠤᠭᠯᠠᠭᠤᠯᠤᠭᠰᠠᠨ ᠪᠠ ᠪᠣᠶ ᠪᠣᠯᠤᠭᠰᠠᠨ ᠡᠯ᠎ᠡ ᠲᠥᠷᠥᠯ ᠤᠨ ᠳ᠋ᠠᠶᠢᠲ᠋ᠠ ᠶᠢᠨ ᠡᠬᠢ ᠪᠠᠶᠠᠯᠢᠭ ᠢ | ᠬᠠᠮᠢᠶᠠᠷᠬᠤ ᠳᠤ ᠲᠣᠰ ᠠᠷᠭ᠎ᠠ ᠬᠡᠷᠡᠭᠯᠡᠭᠳᠡᠨ᠎ᠡ᠃ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ | ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠳᠤ ᠠᠰᠲᠠᠭᠠᠨ ᠱᠠᠭᠠᠷᠳᠠᠯᠭ᠎ᠠ ᠲᠠᠢ ᠪᠠᠶᠢᠪᠠᠯ᠂ ᠵᠢᠷᠤᠮᠯᠠᠨ | ᠬᠡᠷᠡᠭᠵᠢᠭᠦᠯᠬᠦ ᠬᠡᠷᠡᠭᠲᠡᠢ᠃ | ᠳᠥᠴᠢᠨ ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠡᠳ᠋ ᠤᠨ ᠵᠠᠰᠠᠭ ᠠᠴᠠ | ᠪᠠᠲᠤᠯᠠᠭ᠎ᠠ ᠬᠠᠩᠭᠠᠵᠤ ᠪᠠᠶᠢᠬᠤ ᠪᠤᠰᠤᠳ ᠪᠠᠶᠢᠭᠤᠯᠭ᠎ᠠ᠂ ᠪᠦᠯᠬᠦᠮ ᠵᠡᠷᠭᠡ ᠨᠢᠭᠡᠴᠢ ᠵᠢᠴᠢ ᠲᠥᠪ ᠤᠨ ᠲᠥᠷᠥ ᠶᠢᠨ | ᠪᠠᠶᠢᠭᠤᠯᠭ᠎ᠠ ᠠᠴᠠ ᠥᠪᠡᠷᠲᠡᠭᠡᠨ ᠵᠠᠰᠠᠬᠤ ᠣᠷᠣᠨ ᠳᠤ ᠲᠣᠮᠢᠯᠠᠨ ᠰᠠᠭᠤᠭ᠎ᠠ ᠬᠠᠮᠢᠶ᠎ᠠ ᠪᠦᠬᠦᠢ ᠬᠠᠮᠢᠶᠠᠷᠤᠯᠲᠠ ᠶᠢᠨ | ᠨᠢᠭᠡᠴᠢ ᠨᠢ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠡᠭᠦᠷᠭᠡ ᠬᠠᠷᠢᠭᠤᠴᠠᠯᠭ᠎ᠠ ᠶᠢ ᠬᠠᠤᠯᠢ | ᠶᠣᠰᠣᠭᠠᠷ ᠭᠦᠢᠴᠡᠳᠬᠡᠬᠦ ᠶᠠᠪᠤᠴᠠ ᠳᠤ ᠪᠠᠨ ᠴᠤᠭᠯᠠᠭᠤᠯᠤᠭᠰᠠᠨ ᠪᠠ ᠪᠤᠶ ᠪᠣᠯᠤᠭᠰᠠᠨ ᠡᠯ᠎ᠡ ᠲᠥᠷᠥᠯ ᠤᠨ | ᠳ᠋ᠠᠶᠢᠲ᠋ᠠ ᠶᠢᠨ ᠡᠬᠢ ᠪᠠᠶᠠᠯᠢᠭ ᠢ ᠬᠠᠮᠢᠶᠠᠷᠬᠤ ᠳᠤ ᠲᠤᠰ ᠠᠷᠭ᠎ᠠ ᠶᠢ ᠯᠠᠪᠯᠠᠯᠲᠠ ᠪᠣᠯᠭᠠᠨ ᠬᠡᠷᠡᠭᠵᠢᠭᠦᠯᠬᠦ ᠬᠡᠷᠡᠭᠲᠡᠢ᠃ | ᠳᠥᠴᠢᠨ ᠭᠤᠷᠪᠠᠳᠤᠭᠠᠷ ᠵᠦᠢᠯ ᠲᠣᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ | ᠬᠡᠷᠡᠭᠵᠢᠭᠦᠯᠦᠨ᠎ᠡ᠃ | 2021 ᠣᠨ ᠤ 9 ᠳ᠋ᠦ᠋ᠭᠡᠷ ᠰᠠᠷ᠎ᠠ ᠶᠢᠨ 11 ᠤ ᠡᠳᠦᠷ ᠳᠠᠷᠤᠮᠠᠯᠯᠠᠨ ᠲᠠᠷᠬᠠᠭᠠᠪᠠ |