ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ︹2021︺ 33 ᠳ᠋ᠤᠭᠠᠷ ᠲᠣᠭᠠᠲᠤ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤ᠂ ᠰᠠᠯᠠᠭ᠎ᠠ ᠮᠥᠴᠢᠷ | ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯ ᠢ | ᠵᠢᠷᠤᠮᠵᠢᠭᠤᠯᠬᠤ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤ᠂ ᠰᠠᠯᠠᠭ᠎ᠠ | ᠮᠥᠴᠢᠷ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ | ᠠᠵᠢᠯ ᠢ ᠵᠢᠷᠤᠮᠵᠢᠭᠤᠯᠬᠤ ᠬᠠᠮᠢᠶᠠᠷᠤᠯᠲᠠ ᠶᠢᠨ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠲᠠᠲᠠᠢ ᠲᠠᠢ ᠪᠠᠨ | ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | 2021 ᠣᠨ ᠤ 7 ᠳ᠋ᠤᠭᠠᠷ ᠰᠠᠷ᠎ᠠ ᠶᠢᠨ 20 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤ᠂ ᠰᠠᠯᠠᠭ᠎ᠠ ᠮᠥᠴᠢᠷ᠂ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯ ᠢ | ᠵᠢᠷᠤᠮᠵᠢᠭᠤᠯᠬᠤ ᠬᠠᠮᠢᠶᠠᠷᠤᠯᠲᠠ ᠶᠢᠨ ᠠᠷᠭ᠎ᠠ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠤᠯᠠᠮ | ᠨᠢᠭᠡ ᠠᠯᠬᠤᠮ ᠭᠦᠨᠵᠡᠭᠡᠶᠢᠷᠡᠭᠦᠯᠵᠦ᠂ ᠲᠤᠭ᠎ᠠ ᠪᠦᠷᠢᠳᠬᠡᠯ ᠤᠨ ᠠᠵᠢᠯ ᠢ ᠵᠢᠷᠤᠮᠵᠢᠭᠤᠯᠬᠤ ᠪᠠᠶᠢᠭᠤᠯᠤᠯᠲᠠ ᠶᠢ | ᠴᠢᠩᠭᠠᠳᠬᠠᠨ᠂ ᠲᠤᠭ᠎ᠠ ᠪᠦᠷᠢᠳᠬᠡᠯ ᠤᠨ ᠠᠵᠢᠯ ᠤᠨ ᠰᠠᠭᠤᠷᠢ ᠶᠢ ᠪᠠᠬᠢᠵᠢᠭᠦᠯᠵᠦ᠂ ᠡᠬᠢᠨ ᠤ ᠲᠤᠭ᠎ᠠ ᠪᠦᠷᠢᠳᠭᠡᠯ ᠤᠨ | ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ | ᠲᠣᠭᠲᠠᠭᠠᠯ ᠵᠢᠴᠢ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠪᠠᠶᠢᠭᠤᠯᠤᠯᠲᠠ ᠶᠢ ᠴᠢᠩᠭᠠᠳᠬᠠᠬᠤ | ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠳᠠᠢ ᠲᠠᠢ | ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠶᠢ ᠲᠣᠬᠢᠷᠠᠭᠤᠯᠤᠨ ᠬᠡᠷᠡᠭᠯᠡᠬᠦ ᠬᠡᠪᠴᠢᠶ᠎ᠡ ᠪᠣᠯ᠄ ᠥᠪᠡᠷᠲᠡᠭᠡᠨ ᠵᠠᠰᠠᠬᠤ | ᠣᠷᠣᠨ ᠤ ᠬᠤᠰᠢᠭᠤ ᠰᠢᠶᠠᠨ ᠤ ᠱᠠᠲᠤᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ︔ | ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠵᠠᠬᠢᠷᠭᠠᠨ ᠤ ᠪᠠᠶᠢᠭᠤᠯᠭ᠎ᠠ᠂ | ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠲᠠᠢ ᠠᠵᠢᠯ ᠦᠢᠯᠡᠰ ᠤᠨ ᠨᠢᠭᠡᠴᠢ᠂ ᠡᠷᠬᠡ | ᠣᠯᠭᠤᠬᠤ ᠪᠠᠷ ᠳᠡᠮᠵᠢᠨ ᠵᠠᠰᠠᠭ ᠤᠨ ᠣᠷᠳᠣᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠭ᠎ᠠ | ᠪᠦᠷᠢᠳᠬᠡᠯ ᠤᠨ ᠡᠭᠦᠷᠭᠡ ᠴᠢᠳᠠᠪᠤᠷᠢ ᠶᠢ ᠣᠷᠣᠯᠠᠨ ᠭᠦᠢᠴᠡᠳᠬᠡᠬᠦ ᠠᠵᠤ ᠦᠢᠯᠡᠳᠪᠦᠷᠢ ᠬᠤᠳᠠᠯᠳᠤᠭ᠎ᠠ ᠶᠢᠨ | ᠬᠤᠯᠪᠣᠭᠠᠲᠤ ᠬᠤᠷᠠᠯ ᠪᠤᠶᠤ ᠠᠵᠢᠯ ᠲᠥᠷᠥᠯ ᠤᠨ ᠨᠡᠶᠢᠭᠡᠮᠯᠢᠭ ᠪᠣᠯᠤᠨ ᠪᠦᠯᠦᠭᠯᠡᠯ ᠺᠣᠮᠫᠠᠨᠢ ᠵᠢᠴᠢ ᠵᠣᠬᠢᠬᠤ ᠵᠠᠰᠠᠭ | ᠵᠠᠬᠢᠷᠭᠠᠨ ᠤ ᠡᠭᠦᠷᠭᠡ ᠴᠢᠳᠠᠪᠤᠷᠢ ᠲᠠᠢ ᠠᠷᠠᠳ ᠤᠨ ᠪᠦᠯᠬᠦᠮ ᠵᠡᠷᠭᠡ ᠰᠠᠯᠠᠭ᠎ᠠ ᠮᠥᠴᠢᠷ︔ ᠥᠪᠡᠷᠲᠡᠭᠡᠨ ᠵᠠᠰᠠᠬᠤ | ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠪᠠᠶᠢᠭᠤᠯᠤᠭᠰᠠᠨ ᠠᠵᠤ ᠦᠢᠯᠡᠳᠪᠦᠷᠢ ᠪᠠᠷ | ᠭᠤᠣᠯᠯᠠᠭᠤᠯᠤᠭᠰᠠᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠬᠦᠷᠢᠶᠡᠯᠡᠩ ᠲᠣᠭᠤᠷᠢᠭ᠂ ᠬᠢᠯᠢ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠭᠤᠷᠢᠭ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠵᠡᠷᠭᠡ︔ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ | ᠣᠷᠣᠨ ᠳᠠᠬᠢ ᠠᠰᠢᠭ ᠣᠯᠵᠠᠪᠤᠷᠢ ᠶᠢᠨ ᠴᠢᠨᠠᠷᠲᠠᠶ ᠠᠵᠢᠯᠯᠠᠭ᠎ᠠ ᠡᠷᠬᠢᠯᠡᠵᠣ ᠪᠠᠶᠢᠭ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠪᠠᠶᠢᠭᠤᠯᠭ᠎ᠠ ᠳᠤ ᠬᠠᠤᠯᠢ ᠶᠣᠰᠣᠭᠠᠷ ᠳᠠᠩᠰᠠᠯᠠᠭᠤᠯᠤᠭᠰᠠᠨ ᠬᠠᠤᠯᠢ ᠶᠢᠨ ᠡᠷᠬᠡᠲᠡᠨ ᠤ ᠨᠢᠭᠡᠴᠢ ᠪᠠ | ᠠᠵᠤ ᠦᠢᠯᠡᠰ ᠤᠨ ᠠᠵᠢᠯᠯᠠᠭᠠᠨ ᠤ ᠨᠢᠭᠡᠴᠢ ᠵᠢᠴᠢ ᠪᠤᠰᠤᠳ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠵᠡᠷᠭᠡ᠃ | ᠬᠤᠶᠠᠳᠤᠭᠠᠷ ᠪᠦᠯᠦᠭ ᠬᠤᠰᠢᠭᠤ ᠰᠢᠶᠠᠨ ᠤ ᠱᠠᠲᠤᠨ ᠤ ᠲᠤᠭ᠎ᠠ ᠪᠦᠷᠢᠳᠬᠡᠯ ᠤᠨ ᠠᠵᠢᠯ ᠤᠨ ᠵᠢᠷᠤᠮᠵᠢᠯ ᠪᠠ | ᠱᠠᠭᠠᠷᠳᠠᠯᠭ᠎ᠠ | ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠲᠤᠰ | ᠠᠷᠭ᠎ᠠ ᠶᠢᠨ ᠱᠠᠭᠠᠷᠳᠠᠯᠭ᠎ᠠ ᠶᠣᠰᠣᠭᠠᠷ᠂ ᠬᠤᠰᠢᠭᠤ ᠰᠢᠶᠠᠨ ᠤ ᠱᠠᠲᠤᠨ ᠤ ᠲᠤᠭ᠎ᠠ ᠪᠦᠷᠢᠳᠬᠡᠯ ᠤᠨ ᠠᠵᠢᠯ ᠤᠨ ︽ | ᠲᠠᠪᠤ ᠶᠢ ᠵᠢᠷᠤᠮᠵᠢᠭᠤᠯᠵᠤ ᠳᠥᠷᠪᠡ ᠶᠢ ᠳᠡᠭᠡᠭᠰᠢᠯᠡᠭᠦᠯᠬᠦ︾ ︵ᠲᠤᠭ᠎ᠠ ᠪᠦᠷᠢᠳᠬᠡᠯ ᠤᠨ ᠠᠵᠢᠯ ᠤᠨ ᠬᠠᠮᠢᠶᠠᠷᠤᠯᠲᠠ ᠶᠢ | ᠵᠢᠷᠤᠮᠵᠢᠭᠤᠯᠬᠤ᠂ ᠳ᠋ᠠᠶᠢᠲ᠋ᠠ ᠶᠢᠨ ᠪᠣᠢ ᠪᠣᠯᠬᠤ ᠴᠤᠪᠤᠷᠠᠯ ᠢ ᠵᠢᠷᠤᠮᠵᠢᠭᠤᠯᠬᠤ᠂ ᠲᠤᠭ᠎ᠠ ᠪᠦᠷᠢᠳᠬᠡᠯ ᠤᠨ | ᠪᠣᠯᠪᠠᠰᠤᠷᠠᠯ ᠤᠨ ᠬᠥᠮᠦᠵᠢᠯ ᠢ ᠵᠢᠷᠤᠮᠵᠢᠭᠤᠯᠬᠤ᠂ ᠲᠤᠭ᠎ᠠ ᠪᠦᠷᠢᠳᠬᠡᠯ ᠤᠨ ᠮᠡᠳᠡᠭᠡ ᠵᠠᠩᠭᠢ ᠨᠡᠶᠢᠲᠡᠯᠡᠬᠦ ᠶᠢ | ᠵᠢᠷᠤᠮᠵᠢᠭᠤᠯᠬᠤ᠂ ᠲᠤᠭ᠎ᠠ ᠪᠦᠷᠢᠳᠬᠡᠯ ᠤᠨ ᠮᠠᠲ᠋ᠧᠷᠢᠶᠠᠯ ᠤᠨ ᠬᠠᠮᠢᠶᠠᠷᠤᠯᠲᠠ ᠶᠢ ᠵᠢᠷᠤᠮᠵᠢᠭᠤᠯᠬᠤ᠂ ᠳ᠋ᠠᠶᠢᠲ᠋ᠠ ᠶᠢᠨ | ᠶᠠᠰᠤ ᠴᠢᠨᠠᠷ ᠢ ᠬᠠᠮᠢᠶᠠᠷᠤᠨ ᠡᠵᠡᠮᠳᠡᠬᠦ ᠬᠢᠷᠢ ᠲᠦᠪᠰᠢᠨ ᠢ ᠳᠡᠭᠡᠭᠰᠢᠯᠡᠭᠦᠯᠬᠦ᠂ ᠲᠤᠭ᠎ᠠ ᠪᠦᠷᠢᠳᠬᠡᠯ ᠤᠨ ᠬᠠᠤᠯᠢ ᠪᠠᠷ | ᠵᠠᠰᠠᠬᠤ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ | ᠰᠠᠭᠤᠷᠢ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠮᠡᠳᠡᠭᠡ ᠵᠠᠩᠭᠢ ᠶᠢᠨ ᠮᠡᠷᠭᠡᠵᠢᠯ ᠤᠨ | ᠲᠤᠯᠭᠠᠭᠤᠷᠢᠯᠠᠬᠤ ᠬᠢᠷᠢ ᠲᠦᠪᠰᠢᠨ ᠢ ᠳᠡᠭᠡᠭᠰᠢᠯᠡᠭᠦᠯᠬᠦ︶ ᠶᠢ ᠪᠡᠶᠡᠯᠡᠭᠦᠯᠬᠦ ᠪᠠᠷ ᠬᠠᠷᠠᠯᠲᠠ ᠪᠠᠨ ᠪᠣᠯᠭᠠᠵᠣ᠂ ᠲᠤᠭ᠎ᠠ | ᠪᠦᠷᠢᠳᠬᠡᠯ ᠤᠨ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠢᠳᠡᠪᠬᠢᠲᠡᠶ ᠠᠬᠢᠭᠤᠯᠵᠤ᠂ ᠬᠤᠰᠢᠭᠤ | ᠰᠢᠶᠠᠨ ᠤ ᠱᠠᠲᠤᠨ ᠤ ᠲᠤᠭ᠎ᠠ ᠪᠦᠷᠢᠳᠬᠡᠯ ᠤᠨ ᠠᠵᠢᠯ ᠤᠨ ᠴᠢᠳᠠᠪᠤᠷᠢ ᠪᠠ ᠬᠢᠷᠢ ᠲᠦᠪᠰᠢᠨ ᠢᠶᠠᠨ ᠪᠦᠬᠦ ᠲᠠᠯ᠎ᠠ ᠪᠠᠷ | ᠳᠡᠭᠡᠭᠰᠢᠯᠡᠭᠦᠯᠬᠦ ᠬᠡᠷᠡᠭᠲᠡᠶ᠃ | ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ | ᠪᠠᠶᠢᠭᠤᠯᠤᠮᠵᠢ ᠨᠤᠭᠤᠳ ᠨᠢ ᠣᠳᠣᠬᠢᠴᠢᠯᠠᠭᠰᠠᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠣᠭᠲᠠᠯᠴᠠᠭ᠎ᠠ ᠶᠢ | ᠪᠠᠶᠢᠭᠤᠯᠤᠨ ᠪᠦᠷᠢᠨᠰᠢᠭᠦᠯᠵᠦ᠂ ᠡᠭᠦᠷᠭᠡ ᠴᠢᠳᠠᠪᠤᠷᠢ ᠲᠣᠰᠢᠶᠠᠯ ᠬᠠᠷᠢᠭᠤᠴᠠᠯᠭ᠎ᠠ ᠪᠠᠨ ᠰᠢᠯᠢᠳᠡᠭᠵᠢᠭᠦᠯᠦᠨ᠂ | ᠦᠢᠯᠡᠴᠢᠯᠡᠭᠡᠨ ᠤ ᠦᠢᠯᠡᠰ᠂ ᠠᠵᠤ ᠦᠢᠯᠡᠳᠪᠦᠷᠢ ᠵᠡᠷᠭᠡ ᠠᠵᠢᠯ ᠤᠨ ᠰᠠᠭᠤᠷᠢ ᠪᠠᠷ ᠪᠠᠭᠤᠷᠠᠶ ᠰᠢᠭ᠋ ᠦᠨᠳᠦᠰᠦᠨ | ᠱᠠᠲᠤᠨ ᠤ ᠲᠤᠰᠬᠠᠶ ᠲᠤᠭ᠎ᠠ ᠪᠦᠷᠢᠳᠬᠡᠯ ᠤᠨ ᠠᠵᠢᠯᠲᠠᠨ ᠤ ᠬᠦᠴᠦᠨ ᠢ ᠭᠤᠤᠯᠳᠠᠯᠭ᠎ᠠ ᠲᠠᠢ ᠴᠢᠩᠭᠠᠳᠬᠠᠬᠤ ᠬᠡᠷᠡᠭᠲᠡᠶ | ᠃ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠤᠭ᠎ᠠ ᠪᠦᠷᠢᠳᠬᠡᠯ ᠤᠨ ᠵᠠᠷᠤᠳᠠᠯ ᠢ ᠲᠤᠰ ᠱᠠᠲᠤᠨ ᠤ ᠡᠳ᠋ ᠤᠨ | ᠵᠠᠰᠠᠭ ᠤᠨ ᠣᠨ ᠤ ᠲᠥᠰᠦᠪ ᠲᠤ ᠪᠠᠨ ᠣᠷᠣᠭᠤᠯᠵᠤ᠂ ᠲᠤᠭ᠎ᠠ ᠪᠦᠷᠢᠳᠬᠡᠯ ᠤᠨ ᠠᠵᠢᠯ ᠤᠨ ᠬᠡᠪ ᠤᠨ ᠶᠣᠰᠣᠭᠠᠷ | ᠥᠷᠨᠢᠬᠦ ᠶᠢ ᠦᠨᠡᠨ ᠬᠦ ᠪᠠᠲᠤᠯᠠᠬᠤ ᠬᠡᠷᠡᠭᠲᠡᠶ᠃ | ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠤ ᠳᠠᠪᠬᠤᠷ ᠬᠠᠮᠢᠶᠠᠷᠤᠯᠲᠠ ᠶᠢᠨ | ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠰᠢᠭᠤ ᠰᠢᠶᠠᠨ ᠤ ᠱᠠᠲᠤᠨ ᠤ ᠵᠠᠰᠠᠭ ᠤᠨ ᠣᠷᠳᠣᠨ ᠤ ᠲᠤᠭ᠎ᠠ | ᠪᠦᠷᠢᠳᠬᠡᠯ ᠤᠨ ᠪᠠᠶᠢᠭᠤᠯᠤᠮᠵᠢ ᠶᠢᠨ ᠭᠤᠤᠯ ᠬᠠᠷᠢᠭᠤᠴᠠᠯᠭᠠᠲᠠᠨ ᠢ ᠲᠣᠮᠢᠯᠠᠵᠣ ᠪᠠᠭᠤᠯᠭᠠᠬᠤ᠂ ᠰᠢᠯᠵᠢᠭᠦᠯᠬᠦ᠂ | ᠵᠢᠱᠢᠭᠳᠡᠭᠴᠢ ᠶᠢ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠳᠤ ᠳᠡᠪᠰᠢᠭᠦᠯᠦᠨ ᠶᠠᠷᠢᠯᠴᠠᠵᠣ | ᠲᠣᠭᠳᠠᠭᠠᠬᠤ ᠠᠴᠠ ᠡᠮᠦᠨ᠎ᠡ ᠳᠡᠭᠡᠳᠦ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠨᠠᠮ ᠤᠨ | ᠤᠳᠤᠷᠢᠳᠬᠤ ᠳᠤᠭᠤᠶᠢᠯᠠᠩ ᠤᠨ ᠵᠥᠪᠰᠢᠶᠡᠷᠡᠯ ᠢ ᠤᠯᠬᠤ ᠬᠡᠷᠡᠭᠲᠡᠶ᠃ | ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ | ᠪᠠᠶᠢᠭᠤᠯᠤᠮᠵᠢ ᠨᠢ ᠤᠯᠤᠰ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ ᠪᠠ ᠵᠥᠪᠰᠢᠶᠡᠷᠡᠭᠦᠯᠦᠭᠰᠡᠨ | ᠣᠷᠣᠨ ᠨᠤᠲᠤᠭ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ ᠢ ᠬᠢᠨᠠᠮᠠᠭᠠᠶ ᠲᠤᠭᠤᠰᠢᠯᠠᠭᠤᠯᠤᠨ | ᠬᠡᠷᠡᠭᠵᠢᠭᠦᠯᠵᠦ᠂ ᠬᠠᠮᠢᠶ᠎ᠠ ᠪᠦᠬᠦᠢ ᠱᠠᠭᠠᠷᠳᠠᠯᠭ᠎ᠠ ᠪᠠ ︽ᠤᠷᠢᠳᠠᠪᠠᠷ ᠡᠬᠡ ᠳᠠᠩᠰᠠ ᠪᠠᠶᠢᠭᠤᠯᠵᠤ ᠳᠠᠷᠠᠭ᠎ᠠ ᠨᠢ | ᠮᠡᠳᠡᠭᠦᠯᠣᠯᠳᠡ ᠶᠢᠨ ᠬᠦᠰᠦᠨᠦᠭᠲᠦ ᠲᠠᠢ ᠪᠠᠶᠢᠬᠤ︾ ᠵᠠᠷᠴᠢᠮ ᠢ ᠴᠢᠩᠭ᠎ᠠ ᠵᠢᠷᠤᠮᠯᠠᠨ᠂ ᠠᠵᠤ ᠠᠬᠤᠶᠢᠯᠠᠯ ᠢ | ᠰᠢᠮᠳᠠᠭᠤᠯᠤᠨ ᠵᠢᠯᠣᠭᠤᠳᠴᠤ ᠪᠠᠶᠢᠭᠠᠳ ᠬᠠᠤᠯᠢ ᠲᠣᠭᠲᠠᠭᠠᠯ ᠶᠣᠰᠣᠭᠠᠷ ᠠᠩᠬᠠᠨ ᠤ ᠲᠡᠮᠳᠡᠭᠯᠡᠯ ᠢ ᠪᠠᠶᠢᠭᠤᠯᠵᠤ᠂ | ᠲᠤᠭ᠎ᠠ ᠪᠦᠷᠢᠳᠬᠡᠯ ᠤᠨ ᠳᠠᠩᠰᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠶᠢᠨ ᠬᠠᠮᠲᠤ ᠲᠠᠭᠯᠠᠵᠣ ᠮᠡᠳᠡᠭᠦᠯᠭᠦ ᠶᠠᠰᠣ | ᠴᠢᠨᠠᠷ ᠢ ᠪᠠᠲᠤᠯᠠᠬᠤ ᠬᠡᠷᠡᠭᠲᠡᠶ᠃ ᠳᠠᠷᠤᠢ ᠳᠤ ᠨᠢ ᠮᠡᠳᠡᠭᠦᠯᠵᠦ ᠳᠠᠷᠤᠢ ᠳᠤ ᠨᠢ ᠬᠢᠨᠠᠬᠤ ᠵᠠᠷᠴᠢᠮ ᠶᠣᠰᠣᠭᠠᠷ᠂ | ᠪᠠᠶᠢᠴᠠᠭᠠᠭᠳᠠᠬᠤ ᠡᠲᠡᠭᠡᠳ ᠤᠨ ᠠᠩᠬᠠᠨ ᠤ ᠲᠤᠭ᠎ᠠ ᠪᠠᠷᠢᠮᠲᠠ ᠶᠢ ᠳᠠᠷᠦ᠋ᠢᠬᠠᠨ ᠬᠦᠯᠢᠶᠡᠨ ᠠᠪᠴᠤ᠂ ᠲᠤᠭ᠎ᠠ | ᠪᠠᠷᠢᠮᠳᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠣᠷᠴᠢᠨ ᠲᠣᠭᠤᠷᠢᠨ ᠳᠤ ᠲᠤᠭ᠎ᠠ ᠪᠠᠷᠢᠮᠳᠠ ᠶᠢ ᠬᠢᠨᠠᠨ | ᠬᠠᠷᠭᠤᠭᠤᠯᠵᠤ᠂ ᠵᠠᠰᠠᠪᠤᠷᠢ ᠣᠷᠣᠭᠤᠯᠤᠭᠰᠠᠨ ᠬᠠᠮᠢᠶ᠎ᠠ ᠪᠦᠬᠦᠢ ᠲᠡᠮᠳᠡᠭᠯᠡᠯ ᠵᠢᠴᠢ ᠲᠣᠳᠣᠷᠬᠠᠶᠢᠯᠠᠯᠲᠠ ᠪᠠᠨ | ᠦᠯᠡᠳᠡᠭᠡᠭᠦ ᠬᠡᠷᠩᠳᠠᠢ᠃ | ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ | ᠪᠠᠶᠢᠭᠤᠯᠤᠮᠵᠢ ᠨᠢ ᠬᠡᠪᠰᠢᠭᠰᠡᠨ ᠪᠣᠯᠪᠠᠰᠤᠷᠠᠯ ᠤᠨ ᠲᠣᠭᠲᠠᠴᠠ ᠶᠢ ᠪᠠᠶᠢᠭᠤᠯᠤᠨ᠂ ᠲᠤᠬᠠᠶᠢᠯᠠᠭᠰᠠᠨ ᠠᠵᠢᠯ ᠤᠨ | ᠪᠣᠯᠪᠠᠰᠤᠷᠠᠯ ᠤᠨ ᠲᠥᠯᠥᠪᠯᠡᠭᠡ ᠲᠣᠭᠲᠠᠭᠠᠵᠤ᠂ ᠣᠯᠠᠨ ᠵᠦᠢᠯ ᠤᠨ ᠬᠡᠯᠪᠡᠷᠢ ᠪᠠᠷ ᠰᠤᠮᠤ ᠰᠢᠶᠠᠩ ᠪᠠᠯᠭᠠᠰᠤ ︵ᠵᠡᠭᠡᠯᠢ | ᠭᠤᠳᠤᠮᠵᠢ︶᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠰᠠᠯᠠᠭ᠎ᠠ ᠮᠥᠴᠢᠷ ᠵᠢᠴᠢ ᠪᠠᠶᠢᠴᠠᠭᠠᠭᠳᠠᠬᠤ | ᠡᠲᠡᠭᠡᠳ ᠤᠨ ᠲᠤᠭ᠎ᠠ ᠪᠦᠷᠢᠳᠬᠡᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠮᠡᠳᠡᠯᠭᠡ ᠪᠠ ᠲᠤᠭ᠎ᠠ | ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢᠨ ᠪᠣᠯᠪᠠᠰᠤᠷᠠᠯ ᠢ ᠴᠢᠩᠭᠠᠳᠬᠠᠵᠤ᠂ 1 ᠣᠨ | ᠵᠢᠯ ᠤᠨ ᠳᠣᠲᠣᠷ᠎ᠠ ᠲᠤᠰ ᠵᠠᠰᠠᠭ ᠵᠠᠬᠢᠷᠭᠠᠨ ᠤ ᠣᠷᠣᠨ ᠳᠠᠬᠢ ᠲᠤᠭ᠎ᠠ ᠪᠦᠷᠢᠳᠬᠡᠯ ᠤᠨ ᠠᠵᠢᠯᠲᠠᠨ ᠤ ᠪᠣᠯᠪᠠᠰᠤᠷᠠᠯ ᠢ | ᠪᠦᠷᠢᠨ ᠪᠥᠷᠬᠦᠭᠦᠯᠬᠦ ᠶᠢ ᠪᠠᠲᠤᠯᠠᠬᠤ ᠬᠡᠷᠡᠭᠲᠡᠶ᠃ | ᠰᠢᠨ᠎ᠡ ᠪᠠᠷ ᠲᠣᠮᠢᠯᠠᠭᠰᠠᠨ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠨᠢ ᠣᠨ ᠤ | ᠳᠣᠲᠣᠷ᠎ᠠ ᠳᠡᠭᠡᠳᠦ ᠱᠠᠲᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠵᠣᠬᠢᠶᠠᠨ ᠪᠠᠶᠢᠭᠤᠯᠤᠭᠰᠠᠨ ᠲᠤᠰᠬᠠᠶ | ᠰᠡᠳᠦᠪᠲᠦ ᠪᠣᠯᠪᠠᠰᠤᠷᠠᠯ ᠳᠤ ᠣᠷᠣᠯᠴᠠᠬᠤ ᠬᠡᠷᠡᠭᠲᠡᠶ︔ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠤᠳᠤᠷᠢᠳᠬᠤ | ᠪᠠᠭ ᠤᠨ ᠪᠦᠷᠢᠯᠳᠦᠬᠦᠨ ᠨᠢ ᠵᠢᠯ ᠪᠦᠷᠢ ᠨᠠᠭᠠᠳᠣ ᠵᠠᠬ᠎ᠠ ᠳᠤ ᠪᠠᠨ 1 ᠤᠳᠠᠭ᠎ᠠ ᠳᠡᠭᠡᠳᠦ ᠱᠠᠲᠤᠨ ᠤ ᠲᠤᠭ᠎ᠠ | ᠪᠦᠷᠢᠳᠬᠡᠯ ᠤᠨ ᠪᠠᠶᠢᠭᠤᠯᠤᠮᠵᠢ ᠶᠢᠨ ᠵᠣᠬᠢᠶᠠᠨ ᠪᠠᠶᠢᠭᠤᠯᠤᠭᠰᠠᠨ ᠮᠡᠳᠡᠯᠭᠡ ᠪᠠᠨ ᠰᠢᠨᠡᠳᠬᠡᠬᠦ ᠪᠣᠯᠪᠠᠰᠤᠷᠠᠯ ᠳᠤ | ᠣᠷᠣᠯᠴᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ | ᠪᠠᠶᠢᠭᠤᠯᠤᠮᠵᠢ ᠨᠢ ︽ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠢᠯᠡ ᠪᠣᠯᠭᠠᠬᠤ ᠵᠦᠭᠯᠡᠭᠦᠷ︾ ᠪᠠ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠨᠡᠶᠢᠲᠡᠯᠡᠬᠦ ᠳᠦᠷᠢᠮ ᠢ | ᠪᠠᠶᠢᠭᠤᠯᠤᠨ ᠲᠡᠭᠦᠯᠳᠡᠷᠵᠢᠭᠦᠯᠵᠦ᠂ ᠳ᠋ᠠᠶᠢᠲ᠋ᠠ ᠳᠤ ᠲᠠᠶᠢᠯᠤᠮᠵᠢ ᠬᠢᠬᠦ ᠠᠵᠢᠯ ᠢᠶᠠᠨ ᠰᠠᠶᠢᠲᠤᠷ ᠬᠢᠬᠦ ᠬᠡᠷᠡᠭᠲᠡᠶ᠃ ᠲᠤᠭ᠎ᠠ | ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠡᠷᠬᠡ ᠮᠡᠳᠡᠯ ᠢᠶᠠᠨ ᠦᠨᠳᠦᠰᠦᠯᠡᠨ᠂ | ᠨᠢᠭᠤᠴᠠ ᠳᠤ ᠦᠯᠦ ᠬᠤᠯᠪᠣᠭᠳᠠᠬᠤ ᠪᠦᠷᠢᠣᠡᠭᠡᠭᠰᠡᠨ ᠳ᠋ᠠᠶᠢᠲ᠋ᠠ ᠪᠠᠨ ᠴᠠᠭ ᠲᠤᠬᠠᠶ ᠳᠤ ᠨᠢ ᠣᠨᠣᠪᠴᠢᠲᠠᠶ ᠨᠡᠶᠢᠲᠡᠯᠡᠬᠦ | ᠪᠠ ᠬᠠᠩᠭᠠᠬᠤ ᠶᠢᠨ ᠬᠠᠮᠲᠤ᠂ ᠲᠤᠭ᠎ᠠ ᠪᠠᠷᠢᠮᠳᠠ ᠶᠢᠨ ᠢᠷᠡᠯᠲᠡ᠂ ᠪᠦᠷᠢᠣᠡᠭᠡᠭᠰᠡᠨ ᠠᠷᠭ᠎ᠠ᠂ ᠪᠦᠷᠢᠣᠡᠭᠡᠭᠰᠡᠨ | ᠲᠦᠷᠣᠯᠵᠢᠯ᠂ ᠪᠦᠷᠢᠣᠡᠭᠡᠭᠰᠡᠨ ᠪᠠᠷᠢᠮᠵᠢᠶ᠎ᠠ᠂ ᠭᠦᠢᠴᠡᠳᠭᠡᠯ ᠲᠣᠭᠠᠨ ᠤ ᠤᠬᠠᠭᠳᠠᠬᠤᠨ ᠢ ᠨᠡᠶᠢᠲᠡᠯᠡᠵᠦ᠂ ᠨᠡᠶᠢᠭᠡᠮ ᠤᠨ | ᠡᠯ᠎ᠡ ᠡᠲᠡᠭᠡᠳ ᠤᠨ ᠬᠢᠨ ᠤ ᠪᠦᠷᠢᠣᠡᠭᠡᠭᠰᠡᠨ ᠳ᠋ᠠᠶᠢᠲ᠋ᠠ ᠶᠢ ᠵᠥᠪ ᠢᠶᠠᠷ ᠣᠶᠢᠯᠠᠭᠠᠬᠤ ᠪᠠ ᠬᠡᠷᠡᠭᠯᠡᠬᠦ ᠶᠢ ᠦᠨᠡᠨ ᠬᠦ | ᠪᠠᠲᠤᠯᠠᠬᠤ ᠬᠡᠷᠡᠭᠲᠡᠶ᠃ | ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠨᠢ ᠲᠤᠭ᠎ᠠ | ᠪᠦᠷᠢᠳᠬᠡᠯ ᠤᠨ ᠲᠤᠰᠬᠠᠶ ᠪᠤᠯᠤᠩ ᠭᠠᠷᠭᠠᠵᠤ᠂ ᠲᠤᠰᠬᠠᠶ ᠪᠤᠯᠤᠩ ᠤᠨ ᠮᠡᠳᠡᠭᠡ ᠵᠠᠩᠭᠢ ᠪᠠᠨ ᠴᠠᠭ ᠲᠤᠬᠠᠶ ᠳᠤ ᠨᠢ | ᠰᠢᠨᠡᠳᠬᠡᠬᠦ ᠬᠡᠷᠡᠭᠲᠡᠶ᠃ | ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ | ᠪᠠᠶᠢᠭᠤᠯᠤᠮᠵᠢ ᠨᠢ ᠲᠤᠭ᠎ᠠ ᠪᠦᠷᠢᠳᠬᠡᠯ ᠤᠨ ᠮᠠᠲ᠋ᠧᠷᠢᠶᠠᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠬᠤ ᠬᠡᠷᠡᠭᠲᠡᠶ᠃ | ᠲᠤᠭ᠎ᠠ ᠪᠦᠷᠢᠳᠬᠡᠯ ᠤᠨ ᠮᠠᠲ᠋ᠧᠷᠢᠶᠠᠯ ᠤᠨ ᠬᠠᠮᠢᠶᠠᠷᠤᠯᠲᠠ ᠳᠤ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ᠂ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠨᠢᠭᠤᠴᠠ ᠶᠢ ᠬᠠᠮᠠᠭᠠᠯᠠᠬᠤ ᠠᠵᠢᠯ ᠤᠨ | ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠲᠤᠰᠬᠠᠶ ᠬᠥᠮᠦᠨ ᠵᠢᠭᠠᠨ ᠲᠣᠭᠲᠠᠭᠠᠵᠤ ᠡᠯ᠎ᠡ | ᠲᠥᠷᠥᠯ ᠤᠨ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠡᠮᠬᠢᠯᠡᠨ ᠲᠢᠭᠯᠡᠭᠦᠯᠵᠦ᠂ ᠨᠢᠭᠤᠴᠠ ᠶᠢᠨ ᠳᠡᠰ ᠲᠣᠭᠲᠠᠭᠠᠨ᠂ | ᠬᠠᠳᠠᠵᠣ ᠳᠡᠪᠲᠡᠷᠯᠡᠨ᠂ ᠴᠢᠬᠤᠯᠠ ᠪᠦᠬᠦᠢ ᠪᠡᠯᠡᠳᠬᠡᠮᠵᠢ ᠲᠣᠬᠢᠷᠠᠭᠤᠯᠵᠣ᠂ ᠲᠤᠭ᠎ᠠ ᠪᠦᠷᠢᠳᠬᠡᠯ ᠤᠨ | ᠪᠠᠶᠢᠴᠠᠭᠠᠯᠲᠠ ᠳᠤ ᠣᠯᠤᠭᠰᠠᠨ ᠪᠤᠶᠤ ᠪᠦᠷᠢᠯᠳᠣᠭ᠍ᠰᠡᠨ ᠪᠦᠬᠦ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠲᠣᠬᠢᠲᠠᠶ | ᠬᠠᠳᠠᠭᠠᠯᠠᠵᠤ᠂ ᠲᠤᠭ᠎ᠠ ᠪᠦᠷᠢᠳᠬᠡᠯ ᠤᠨ ᠠᠵᠢᠯ ᠢ ᠦᠨᠡᠨ ᠮᠥᠨ ᠢᠶᠠᠷ ᠨᠢ ᠲᠡᠮᠳᠡᠭᠯᠡᠵᠦ᠂ ᠪᠦᠬᠦ ᠲᠠᠯ᠎ᠠ ᠪᠠᠷ | ᠲᠤᠰᠬᠠᠬᠤ ᠬᠡᠷᠡᠭᠲᠡᠶ᠃ | ᠲᠤᠭ᠎ᠠ ᠪᠦᠷᠢᠳᠬᠡᠯ ᠤᠨ ᠪᠠᠶᠢᠴᠠᠭᠠᠯᠲᠠ ᠳᠤ ᠣᠯᠤᠭᠰᠠᠨ ᠲᠤᠭ᠎ᠠ ᠪᠦᠷᠢᠳᠬᠡᠯ ᠤᠨ ᠪᠠᠶᠢᠴᠠᠭᠠᠭᠳᠠᠬᠤ | ᠡᠲᠡᠭᠡᠳ ᠤᠨ ᠠᠩᠬᠠᠨ ᠤ ᠮᠠᠲ᠋ᠧᠷᠢᠶᠠᠯ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠩᠬᠠᠨ ᠤ | ᠲᠡᠮᠳᠡᠭᠯᠡᠯ ᠪᠠ ᠲᠤᠭ᠎ᠠ ᠪᠦᠷᠢᠳᠬᠡᠯ ᠤᠨ ᠳᠠᠩᠰᠠ ᠪᠠᠶᠢᠭᠤᠯᠵᠣ᠂ ᠨᠠᠭᠠᠳᠣ ᠵᠠᠬ᠎ᠠ ᠳᠤ ᠪᠠᠨ 2 ᠵᠢᠯ ᠬᠠᠳᠠᠭᠠᠯᠠᠬᠤ | ᠬᠡᠷᠡᠭᠲᠡᠶ︔ ᠬᠤᠷᠢᠶᠠᠩᠭᠤᠶᠢᠯᠠᠭᠰᠠᠨ ᠴᠢᠨᠠᠷᠲᠠᠶ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠨᠠᠭᠠᠳᠣ ᠵᠠᠬ᠎ᠠ ᠳᠤ ᠪᠠᠨ 10 | ᠵᠢᠯ ᠬᠠᠳᠠᠭᠠᠯᠠᠵᠤ᠂ ᠴᠢᠬᠤᠯᠠ ᠪᠦᠬᠦᠢ ᠬᠤᠷᠢᠶᠠᠩᠭᠤᠶᠢᠯᠠᠭᠰᠠᠨ ᠴᠢᠨᠠᠷᠲᠠᠶ ᠲᠤᠭ᠎ᠠ ᠪᠦᠷᠢᠳᠬᠡᠯ ᠤᠨ ᠮᠠᠲ᠋ᠧᠷᠢᠶᠠᠯ ᠢ | ᠡᠭᠦᠷᠢᠳᠡ ᠬᠠᠳᠠᠭᠠᠯᠠᠬᠤ ᠬᠡᠷᠡᠭᠲᠡᠶ᠃ ᠡᠯᠧᠺᠳ᠋ᠷᠣᠨ ᠳ᠋ᠠᠶᠢᠲ᠋ᠠ ᠶᠢᠨ ᠲᠧᠺᠰᠲ ᠤᠨ ᠮᠠᠲ᠋ᠧᠷᠢᠶᠠᠯ ᠤᠨ ᠪᠡᠯᠡᠳᠬᠡᠯ | ᠰᠢᠰᠲ᠋ᠧᠮ ᠢ ᠪᠠᠶᠢᠭᠤᠯᠬᠤ ᠶᠢᠨ ᠬᠠᠮᠲᠤ᠂ ᠤᠷᠳᠤ ᠬᠤᠭᠤᠴᠠᠭ᠎ᠠ ᠪᠠᠷ ᠬᠠᠳᠠᠭᠠᠯᠠᠬᠤ ᠬᠡᠷᠡᠭᠲᠡᠢ᠃ | ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ | ᠪᠠᠶᠢᠭᠤᠯᠤᠮᠵᠢ ᠨᠢ ᠳ᠋ᠠᠶᠢᠲ᠋ᠠ ᠶᠢᠨ ᠶᠠᠰᠤ ᠴᠢᠨᠠᠷ ᠢ ᠬᠠᠮᠢᠶᠠᠷᠤᠨ ᠡᠵᠡᠮᠳᠡᠬᠦ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠳ᠋ᠠᠶᠢᠲ᠋ᠠ ᠶᠢᠨ ᠶᠠᠰᠣ ᠴᠢᠨᠠᠷ ᠢ ᠬᠢᠨᠠᠨ ᠬᠠᠷᠭᠤᠭᠤᠯᠵᠤ ᠦᠨᠡᠯᠡᠨ ᠵᠢᠱᠢᠬᠦ ᠬᠠᠮᠢᠶᠠᠷᠤᠯᠲᠠ ᠶᠢᠨ | ᠠᠷᠭ᠎ᠠ ᠶᠢ ᠲᠣᠭᠲᠠᠭᠠᠨ᠂ ᠳ᠋ᠠᠶᠢᠲ᠋ᠠ ᠳᠤ ᠦᠨᠡᠯᠡᠨ ᠵᠢᠱᠢᠯᠲᠡ ᠪᠠ ᠵᠠᠳᠠᠯᠤᠯᠲᠠ ᠬᠢᠬᠦ ᠪᠠᠨ ᠴᠢᠩᠭᠠᠳᠬᠠᠵᠤ᠂ ᠲᠤᠭ᠎ᠠ | ᠪᠠᠷᠢᠮᠳᠠ ᠶᠢᠨ ᠬᠤᠭᠤᠷᠣᠨᠳᠣᠬᠢ ᠬᠤᠯᠪᠣᠭᠳᠠᠯᠳᠣ ᠴᠢᠨᠠᠷ᠂ ᠢᠵᠢᠯᠰᠢᠭᠦ ᠴᠢᠨᠠᠷ ᠪᠣᠯᠤᠨ ᠯᠣᠭᠢᠭ ᠴᠢᠨᠠᠷ ᠢ ᠣᠨᠣᠪᠴᠢᠲᠠᠶ | ᠡᠵᠡᠮᠳᠡᠭᠦ ᠬᠡᠷᠡᠭᠲᠡᠶ᠃ ᠲᠤᠭ᠎ᠠ ᠪᠦᠷᠢᠳᠬᠡᠯ ᠤᠨ ᠳᠦᠷᠢᠮ ᠤᠨ ᠲᠣᠭᠲᠠᠭᠠᠯ ᠢ ᠦᠨᠳᠦᠰᠦᠯᠡᠨ᠂ ᠴᠢᠬᠤᠯᠠ ᠪᠦᠭᠦᠢ | ᠲᠤᠭ᠎ᠠ ᠪᠦᠷᠢᠳᠬᠡᠯ ᠤᠨ ᠳ᠋ᠠᠶᠢᠲ᠋ᠠ ᠶᠢᠨ ᠶᠠᠰᠣ ᠴᠢᠨᠠᠷ ᠲᠤ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠯᠲᠡ | ᠬᠢᠵᠦ᠂ ᠴᠢᠬᠤᠯᠠ ᠪᠦᠭᠦᠢ ᠳ᠋ᠠᠶᠢᠲ᠋ᠠ ᠶᠢᠨ ᠬᠠᠨᠳᠤᠰᠢ ᠶᠢᠨ ᠴᠢᠨᠠᠷᠲᠠᠶ ᠠᠯᠳᠠᠭ᠎ᠠ ᠦᠭᠡᠶ᠂ ᠡᠯ᠎ᠡ ᠵᠦᠢᠯ ᠤᠨ | ᠭᠦᠢᠴᠡᠳᠭᠡᠯ ᠲᠤᠭ᠎ᠠ ᠶᠢᠨ ᠢᠵᠢᠯᠰᠢᠭᠦ ᠴᠢᠨᠠᠷ ᠤᠨ ᠵᠣᠬᠢᠰᠲᠠᠶ ᠪᠠᠶᠢᠬᠤ ᠶᠢ ᠦᠨᠡᠨ ᠬᠦ ᠪᠠᠳᠣᠯᠠᠬᠤ ᠬᠡᠷᠩᠳᠠᠢ᠃ | ᠲᠤᠰᠬᠠᠶ ᠮᠡᠷᠭᠡᠵᠢᠯ ᠬᠤᠪᠢᠶᠠᠨ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ︵ | ᠵᠢᠯ ᠪᠦᠷᠢ ᠳᠤ ᠨᠠᠭᠠᠳᠣ ᠵᠠᠬ᠎ᠠ ᠳᠤ ᠪᠠᠨ 2 ᠤᠳᠠᠭ᠎ᠠ ︶ ᠵᠣᠬᠢᠬᠤ ᠲᠣᠭᠠᠨ ᠤ ᠪᠠᠶᠢᠴᠠᠭᠠᠭᠳᠠᠬᠤ ᠡᠲᠡᠭᠡᠳ ᠢ | ᠰᠣᠩᠭᠤᠨ ᠲᠤᠭ᠎ᠠ ᠪᠠᠷᠢᠮᠳᠠ ᠶᠢ ᠨᠢ ᠬᠠᠷᠭᠤᠭᠤᠯᠤᠨ ᠪᠠᠶᠢᠴᠠᠭᠠᠬᠤ ᠪᠤᠶᠤ ᠬᠠᠤᠯᠢ ᠬᠡᠷᠡᠭᠵᠢᠭᠦᠯᠬᠦ ᠶᠢ ᠪᠠᠶᠢᠴᠠᠭᠠᠬᠤ | ᠠᠵᠢᠯ ᠥᠷᠨᠢᠭᠦᠯᠦᠨ᠂ ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠰᠡᠵᠢᠭᠯᠡᠯᠲᠡᠶ ᠠᠵᠢᠯᠯᠠᠭ᠎ᠠ ᠶᠢᠨ | ᠰᠦᠪᠡᠭᠴᠢ ᠶᠢ ᠳᠣᠲᠣᠭᠠᠳᠤ ᠳᠤ ᠪᠠᠨ ᠰᠢᠯᠵᠢᠭᠦᠯᠦᠨ ᠲᠤᠰᠢᠶᠠᠬᠤ ᠲᠣᠭᠲᠠᠴᠠ ᠶᠢ ᠪᠠᠶᠢᠭᠤᠯᠬᠤ ᠬᠡᠷᠩᠳᠠᠢ᠃ | ᠠᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠤᠭ᠎ᠠ | ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ ᠬᠠᠭᠤᠷᠮᠠᠭ ᠢᠶᠠᠷ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ | ᠰᠢᠢᠳᠭᠡᠬᠦ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠲᠤᠭ᠎ᠠ ᠪᠦᠷᠢᠳᠬᠡᠯ ᠢ ᠬᠠᠭᠤᠷᠮᠠᠭᠯᠠᠨ | ᠵᠣᠬᠢᠶᠠᠬᠤ᠂ ᠬᠤᠳᠠᠯ ᠬᠠᠭᠤᠷᠮᠠᠭ ᠢᠶᠠᠷ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠢᠳᠭᠡᠬᠦ ᠲᠠᠯ᠎ᠠ ᠪᠠᠷ ᠬᠢ | ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠬᠦᠨ ᠤ ᠬᠠᠷᠢᠭᠤᠴᠠᠯᠭ᠎ᠠ ᠶᠢ ᠨᠢ ᠲᠤᠲᠤᠷᠬᠠᠢ ᠲᠣᠭᠲᠠᠭᠠᠬᠤ ᠬᠡᠷᠡᠭᠲᠡᠶ︔ | ᠬᠤᠰᠢᠭᠤ ᠰᠢᠶᠠᠨ ᠤ ᠱᠠᠲᠤᠨ ᠤ ᠲᠤᠭ᠎ᠠ ᠪᠦᠷᠢᠳᠬᠡᠯ ᠤᠨ ᠬᠠᠤᠯᠢ ᠬᠡᠷᠩᠵᠢᠭᠦᠯᠭᠦ ᠳᠤ ᠬᠢᠨᠠᠯᠲᠠ ᠲᠠᠯᠪᠢᠬᠤ ᠴᠢᠳᠠᠪᠤᠷᠢ | ᠪᠠ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢ ᠠᠬᠢᠭᠤᠯᠵᠤ᠂ ᠲᠤᠭ᠎ᠠ ᠪᠦᠷᠢᠳᠬᠡᠯ ᠤᠨ ᠬᠠᠤᠯᠢ | ᠬᠡᠷᠩᠵᠢᠭᠦᠯᠣᠯᠳᠡ ᠳᠤ ᠬᠢᠨᠠᠯᠲᠠ ᠲᠠᠯᠪᠢᠬᠤ ᠬᠦᠴᠦᠨ ᠢ ᠲᠡᠭᠦᠯᠳᠡᠷᠵᠢᠭᠦᠯᠭᠦ ᠬᠡᠷᠩᠳᠠᠢ᠃ | ᠬᠤᠰᠢᠭᠤ ᠰᠢᠶᠠᠨ ᠤ ᠱᠠᠲᠤᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠨᠢ ᠲᠤᠭ᠎ᠠ | ᠪᠦᠷᠢᠳᠬᠡᠯ ᠤᠨ ᠬᠠᠤᠯᠢ ᠬᠡᠷᠡᠭᠵᠢᠭᠦᠯᠬᠦ ᠠᠵᠢᠯᠲᠠᠨ ᠢ ᠬᠥᠮᠦᠵᠢᠭᠦᠯᠬᠦ ᠪᠠᠨ ᠴᠢᠩᠭᠠᠷᠠᠭᠤᠯᠵᠤ᠂ ᠲᠤᠭ᠎ᠠ ᠪᠦᠷᠢᠳᠬᠡᠯ ᠤᠨ | ᠠᠵᠢᠯᠲᠠᠨ ᠤ ᠤᠯᠤᠰ ᠤᠨ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠬᠢᠷᠢ ᠬᠡᠮ ᠤᠨ ᠰᠢᠯᠭᠠᠯᠲᠠ ᠳᠤ | ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠤᠨ᠂ ᠬᠠᠤᠯᠢ ᠬᠡᠷᠡᠭᠵᠢᠭᠦᠯᠬᠦ ᠬᠢᠷᠢ ᠬᠡᠮ ᠲᠠᠢ ᠬᠦᠮᠣᠨ ᠨᠠᠭᠠᠳᠣ | ᠵᠠᠬ᠎ᠠ ᠳᠤ ᠪᠠᠨ 2 ᠠᠴᠠ ᠢᠯᠡᠭᠦᠦ ᠪᠠᠶᠢᠬᠤ ᠶᠢ ᠪᠠᠲᠤᠯᠠᠬᠤ ᠬᠡᠷᠡᠭᠲᠡᠶ᠃ ᠲᠤᠭ᠎ᠠ ᠪᠦᠷᠢᠳᠬᠡᠯ ᠤᠨ ᠬᠠᠤᠯᠢ ᠴᠠᠭᠠᠵᠠ | ᠬᠠᠤᠯᠢ ᠲᠣᠭᠲᠠᠭᠠᠯ ᠵᠢᠴᠢ ᠬᠠᠮᠢᠶ᠎ᠠ ᠪᠥᠬᠦᠶ ᠮᠡᠳᠡᠯᠭᠡ ᠶᠢ ᠲᠣᠰ ᠱᠠᠲᠤᠨ ᠤ ᠨᠠᠮ ᠤᠨ ᠰᠤᠷᠭᠠᠭᠤᠯᠢ᠂ ᠵᠠᠰᠠᠭ | ᠵᠠᠬᠢᠷᠭᠠᠨ ᠤ ᠳᠡᠭᠡᠳᠦ ᠰᠤᠷᠭᠠᠭᠤᠯᠢ ᠵᠡᠷᠭᠡ ᠤᠳᠤᠷᠢᠳᠬᠤ ᠺᠠᠳ᠋ᠷ ᠤᠨ ᠬᠥᠮᠦᠵᠢᠯ ᠪᠣᠯᠪᠠᠰᠤᠷᠠᠯ ᠳᠤ ᠵᠠᠪᠠᠯ ᠰᠤᠷᠬᠤ | ᠬᠢᠴᠢᠶᠡᠯ ᠳᠤ ᠣᠷᠣᠭᠤᠯᠬᠤ ᠶᠢ ᠢᠳᠡᠪᠬᠢᠲᠡᠶ ᠠᠬᠢᠭᠤᠯᠬᠤ ᠬᠡᠷᠡᠭᠲᠡᠶ᠃ ᠵᠢᠯ ᠪᠦᠷᠢ ᠤᠳᠤᠷᠢᠳᠬᠤ ᠺᠠᠳ᠋ᠷ᠂ ᠠᠯᠪᠠᠨ | ᠲᠤᠰᠢᠶᠠᠯᠲᠠᠨ ᠪᠠ ᠲᠤᠭ᠎ᠠ ᠪᠦᠷᠢᠳᠭᠡᠯ ᠤᠨ ᠪᠠᠶᠢᠴᠠᠭᠠᠭᠳᠠᠬᠤ ᠡᠲᠡᠭᠡᠳ ᠵᠡᠷᠭᠡ ᠳᠤ ᠬᠠᠤᠯᠢ ᠪᠠᠷ ᠵᠠᠰᠠᠬᠤ ᠤᠬᠠᠭᠤᠯᠭ᠎ᠠ | ᠬᠥᠮᠦᠵᠢᠯ ᠬᠢᠬᠦ ᠠᠵᠢᠯ ᠢ ᠥᠷᠨᠢᠭᠦᠯᠵᠦ᠂ ᠬᠠᠤᠯᠢ ᠶᠣᠰᠣᠭᠠᠷ ᠲᠤᠭ᠎ᠠ ᠪᠦᠷᠢᠳᠬᠡᠯ ᠤᠨ ᠠᠵᠢᠯ ᠢ ᠬᠠᠮᠢᠶᠠᠷᠬᠤ ᠦᠵᠡᠯ | ᠤᠬᠠᠮᠰᠠᠷ ᠢ ᠨᠢ ᠳᠡᠭᠡᠭᠰᠢᠯᠡᠭᠦᠯᠦᠨ᠂ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠤᠭ᠎ᠠ | ᠪᠦᠷᠢᠳᠬᠡᠯ ᠤᠨ ᠲᠦᠷᠢᠮ ᠤᠨ ᠲᠤᠰ ᠵᠠᠰᠠᠭ ᠵᠠᠬᠢᠷᠭᠠᠨ ᠤ ᠣᠷᠣᠨ ᠳᠤ ᠬᠡᠷᠡᠭᠵᠢᠭᠦᠯᠦᠭᠳᠡᠵᠦ ᠪᠠᠶᠢᠭ᠎ᠠ ᠪᠠᠶᠢᠳᠠᠯ ᠢ | ᠬᠢᠨᠠᠨ ᠪᠠᠶᠢᠴᠠᠭᠠᠬᠤ ᠬᠡᠷᠡᠭᠲᠡᠢ᠃ | ᠠᠷᠪᠠᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠲᠤᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ | ᠪᠠᠶᠢᠭᠤᠯᠤᠮᠵᠢ ᠨᠢ ᠲᠤᠭ᠎ᠠ ᠪᠦᠷᠢᠳᠬᠡᠯ ᠤᠨ ᠠᠵᠢᠯ ᠤᠨ ᠰᠠᠭᠤᠷᠢ ᠪᠦᠷᠢᠨ᠂ ᠡᠭᠦᠷᠭᠡ ᠬᠠᠷᠢᠭᠤᠴᠠᠯᠭ᠎ᠠ ᠲᠣᠳᠣᠷᠬᠠᠶ᠂ | ᠲᠤᠭ᠎ᠠ ᠪᠠᠷᠢᠮᠳᠠ ᠨᠢ ᠦᠨᠡᠨ ᠪᠣᠳᠠᠲᠠᠶ ᠪᠥᠭᠡᠳ ᠣᠨᠣᠪᠴᠢᠲᠠᠶ ᠪᠠᠶᠢᠬᠤ ᠶᠢ ᠪᠠᠲᠤᠯᠠᠬᠤ ᠬᠡᠷᠡᠭᠲᠡᠶ᠃ | ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠭᠦᠢᠴᠡᠳ ᠠᠰᠢᠭᠯᠠᠨ᠂ ᠦᠨᠳᠦᠰᠦᠨ ᠨᠢᠭᠡᠴᠢ ᠶᠢᠨ ᠨᠡᠷᠡᠰ ᠤᠨ | ᠵᠢᠭᠰᠠᠭᠠᠯᠲᠠ ᠶᠢᠨ ᠬᠥᠮᠥᠷᠭᠡ ᠶᠢ ᠬᠠᠮᠠᠭᠠᠯᠠᠨ ᠰᠢᠨᠡᠳᠬᠡᠬᠦ ᠠᠵᠢᠯ᠂ ᠢᠯᠠᠩᠭᠤᠶ᠎ᠠ ︽ᠬᠡᠪᠴᠢᠶ᠎ᠡ ᠠᠴᠠ ᠳᠡᠭᠡᠭᠰᠢᠬᠢ | ᠠᠵᠤ ᠦᠢᠯᠡᠳᠪᠦᠷᠢ᠂ ᠬᠢᠷᠢ ᠬᠡᠮ ᠲᠠᠢ ᠪᠠᠷᠢᠯᠭ᠎ᠠ ᠶᠢᠨ ᠦᠢᠯᠡᠰ ᠪᠠ ᠭᠡᠷ ᠪᠠᠶᠢᠰᠢᠩ ᠭᠠᠵᠠᠷ ᠰᠢᠷᠣᠶ ᠶᠢᠨ | ᠬᠦᠷᠦᠩᠭᠡ ᠶᠢ ᠨᠡᠭᠡᠭᠡᠨ ᠠᠰᠢᠭᠯᠠᠵᠤ ᠡᠵᠡᠩᠨᠡᠬᠦ ᠦᠢᠯᠡᠰ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠢᠶᠠᠷ | ᠬᠤᠳᠠᠯᠳᠤᠬᠤ ᠵᠢᠵᠢᠭᠯᠡᠨ ᠬᠤᠳᠠᠯᠳᠤᠬᠤ ᠦᠢᠯᠡᠰ ᠪᠠ ᠬᠤᠨᠤᠭ ᠪᠠᠭᠤᠳᠠᠯ ᠢᠳᠡᠭᠡᠨ ᠤᠮᠳᠠᠭᠠᠨ ᠤ ᠦᠢᠯᠡᠰ᠂ | ᠬᠡᠪᠴᠢᠶ᠎ᠡ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ︾ ᠤᠨ ᠨᠢᠭᠡᠴᠢ ᠶᠢ ᠲᠤᠭ᠎ᠠ ᠪᠦᠷᠢᠳᠭᠡᠯ ᠳᠤ ᠣᠷᠣᠭᠤᠯᠬᠤ | ᠪᠠ ᠬᠥᠮᠥᠷᠭᠡ ᠠᠴᠠ ᠭᠠᠷᠭᠠᠬᠤ ᠠᠵᠢᠯ ᠢ ᠰᠠᠶᠢᠲᠤᠷ ᠬᠢᠵᠦ᠂ ᠴᠠᠭ ᠲᠤᠬᠠᠶ ᠳᠤ ᠨᠢ ᠰᠤᠮᠤ ᠰᠢᠶᠠᠩ ᠪᠠᠯᠭᠠᠰᠤ ︵ | ᠵᠡᠭᠡᠯᠢ ᠭᠤᠳᠤᠮᠵᠢ︶ ᠪᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠳᠡᠮᠵᠢᠭᠤᠯᠣᠨ ᠬᠦᠷᠭᠡᠬᠦ ᠶᠢᠨ | ᠬᠠᠮᠲᠤ ᠪᠣᠳᠠᠲᠠᠶ ᠭᠠᠵᠠᠷ ᠲᠤ ᠨᠢ ᠬᠢᠨᠠᠨ ᠪᠠᠶᠢᠴᠠᠭᠠᠬᠤ ᠬᠡᠷᠡᠭᠲᠡᠶ᠃ | ᠪᠠᠶᠢᠴᠠᠭᠠᠭᠳᠠᠬᠤ ᠡᠲᠡᠭᠡᠳ ᠤᠨ ᠬᠠᠮᠢᠶᠠᠷᠤᠯᠲᠠ ᠪᠠᠨ ᠴᠢᠩᠭᠠᠣᠡᠬᠠᠵᠣ᠂ ᠪᠠᠶᠢᠴᠠᠭᠠᠭᠳᠠᠬᠤ ᠡᠲᠡᠭᠡᠳ ᠤᠨ | ᠲᠤᠭ᠎ᠠ ᠪᠦᠷᠢᠳᠬᠡᠯ ᠤᠨ ᠪᠠᠶᠢᠭᠤᠯᠤᠮᠵᠢ ᠪᠠᠨ ᠪᠠᠶᠢᠭᠤᠯᠤᠨ ᠪᠦᠷᠢᠨᠰᠢᠭᠦᠯᠵᠦ ᠶᠢ ᠬᠢᠨᠠᠨ ᠵᠢᠯᠣᠭᠤᠳᠴᠤ᠂ | ᠪᠠᠶᠢᠴᠠᠭᠠᠭᠳᠠᠬᠤ ᠡᠲᠡᠭᠡᠳ ᠤᠨ ᠲᠤᠭ᠎ᠠ ᠪᠦᠷᠢᠳᠬᠡᠯ ᠤᠨ ᠠᠵᠢᠯᠲᠠᠨ ᠤ ᠬᠤᠪᠢᠷᠠᠯᠲᠠ ᠶᠢᠨ ᠳᠠᠩᠰᠠ ᠪᠠᠶᠢᠭᠤᠯᠤᠨ᠂ | ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠪᠠ ᠲᠤᠭ᠎ᠠ ᠪᠦᠷᠢᠳᠬᠡᠯ ᠤᠨ ᠬᠢᠨᠠᠨ | ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠥᠷᠨᠢᠭᠦᠯᠵᠦ᠂ ᠠᠩᠬᠠᠨ ᠤ ᠲᠡᠮᠳᠡᠭᠯᠡᠯ ᠵᠢᠴᠢ ᠡᠯᠧᠺᠳ᠋ᠷᠣᠨ᠂ | ᠴᠠᠭᠠᠰᠤᠨ ᠤ ᠲᠤᠭ᠎ᠠ ᠪᠦᠷᠢᠳᠬᠡᠯ ᠤᠨ ᠳᠠᠩᠰᠠ ᠪᠠᠨ ᠰᠠᠶᠢᠲᠤᠷ ᠬᠢᠬᠦ ᠶᠢ ᠨᠢ ᠵᠢᠭᠠᠨ ᠵᠢᠯᠣᠭᠤᠣᠡᠬᠤ ᠬᠡᠷᠩᠳᠠᠢ᠃ | ᠠᠷᠪᠠᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠤᠭ᠎ᠠ | ᠪᠦᠷᠢᠳᠬᠡᠯ ᠤᠨ ᠮᠡᠳᠡᠭᠡ ᠵᠠᠩᠬᠢᠴᠢᠯᠠᠯᠳᠠ ᠶᠢᠨ ᠪᠠᠶᠢᠭᠤᠯᠤᠯᠲᠠ ᠶᠢ ᠲᠤᠰ ᠭᠠᠵᠠᠷ ᠣᠷᠣᠨ ᠤ ᠪᠠᠨ ᠵᠠᠰᠠᠭ ᠤᠨ | ᠣᠷᠳᠣᠨ ᠤ ᠮᠡᠳᠡᠭᠡ ᠵᠠᠩᠬᠢᠴᠢᠯᠠᠯᠳᠠ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠪᠤᠶᠤ ᠡᠯᠧᠺᠳ᠋ᠷᠣᠨ ᠵᠠᠰᠠᠭ ᠤᠨ | ᠶᠠᠪᠤᠳᠠᠯ ᠤᠨ ᠪᠦᠳᠣᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠪᠠᠨ ᠣᠷᠣᠭᠤᠯᠵᠤ᠂ ᠭᠠᠴᠠᠭ᠎ᠠ ᠲᠣᠰᠬᠤᠨ ︵ | ᠨᠡᠶᠢᠭᠡᠮ ᠲᠣᠭᠤᠷᠢᠭ︶ ᠢ ᠬᠠᠮᠤᠷᠤᠭᠰᠠᠨ ᠲᠤᠭ᠎ᠠ ᠪᠦᠷᠢᠳᠬᠡᠯ ᠤᠨ ᠰᠦᠯᠵᠢᠶᠡᠨ ᠤ ᠪᠠᠶᠢᠭᠤᠯᠤᠯᠲᠠ ᠶᠢ ᠢᠳᠡᠪᠬᠢᠲᠡᠶ | ᠠᠬᠢᠭᠤᠯᠤᠨ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠲᠠᠭᠯᠠᠨ | ᠮᠡᠳᠡᠭᠦᠯᠬᠦ ᠪᠦᠬᠦ ᠶᠠᠪᠤᠴᠠ ᠶᠢᠨ ᠡᠯᠧᠺᠳ᠋ᠷᠣᠨᠴᠢᠯᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠲᠤᠭ᠎ᠠ | ᠪᠦᠷᠢᠳᠬᠡᠯ ᠤᠨ ᠮᠡᠳᠡᠭᠡ ᠵᠠᠩᠭᠢᠴᠢᠯᠠᠬᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃ | ᠬᠤᠰᠢᠭᠤ ᠰᠢᠶᠠᠨ ᠤ ᠱᠠᠲᠤᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠨᠢ | ᠲᠤᠰᠬᠠᠶ ᠲᠣᠰᠢᠶᠠᠯᠳᠣ ᠪᠠ ᠲᠤᠰᠢᠶᠠᠯ ᠬᠠᠪᠰᠣᠷᠭᠠᠭᠰᠠᠨ ᠲᠤᠭ᠎ᠠ ᠪᠦᠷᠢᠳᠬᠡᠯ ᠤᠨ ᠮᠡᠳᠡᠭᠡ ᠵᠠᠩᠬᠢᠴᠢᠯᠠᠯᠳᠠ ᠶᠢᠨ | ᠪᠠᠶᠢᠭᠤᠯᠤᠯᠲᠠ ᠶᠢᠨ ᠠᠵᠢᠯᠯᠠᠭᠤᠯᠵᠤ ᠬᠠᠮᠠᠭᠠᠯᠠᠬᠤ ᠠᠵᠢᠯᠲᠠᠨ ᠢᠶᠠᠨ ᠲᠣᠭᠲᠠᠭᠠᠵᠤ᠂ ᠲᠤᠭ᠎ᠠ ᠪᠦᠷᠢᠳᠬᠡᠯ ᠤᠨ | ᠳᠥᠷᠪᠡᠨ ᠱᠠᠲᠤᠨ ᠤ ᠲᠤᠰᠬᠠᠶ ᠰᠦᠯᠵᠢᠶ᠎ᠡ ᠶᠢᠨ ᠲᠣᠭᠲᠠᠭᠤᠨ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠬᠤ | ᠬᠡᠷᠡᠭᠲᠡᠶ︔ ᠰᠦᠯᠵᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠲᠣᠳᠣᠭᠠᠳᠣ ᠶᠢᠨ ᠪᠠ | ᠭᠠᠳᠠᠨᠠᠬᠢ ᠰᠦᠯᠵᠢᠶᠡᠨ ᠤ ᠹᠢᠽᠢᠺ ᠤᠨ ᠲᠤᠰᠠᠭᠠᠷᠯᠠᠯ ᠢ ᠴᠢᠩᠭ᠎ᠠ ᠬᠡᠷᠡᠭᠵᠢᠭᠦᠯᠦᠨ᠂ ᠨᠢᠭᠡ ᠺᠣᠮᠫᠢᠦ᠋ᠲ᠋ᠧᠷ ᠢᠶᠠᠨ | ᠢᠨᠲ᠋ᠧᠷ ᠰᠦᠯᠵᠢᠶ᠎ᠡ ᠪᠠ ᠲᠤᠭ᠎ᠠ ᠪᠦᠷᠢᠳᠬᠡᠯ ᠤᠨ ᠲᠤᠰᠬᠠᠶ ᠰᠦᠯᠵᠢᠶᠠᠨ ᠳᠤ ᠰᠣᠯᠪᠢᠴᠠᠭᠤᠯᠤᠨ ᠬᠡᠷᠡᠭᠯᠡᠬᠦ ᠶᠢ | ᠴᠢᠩᠭ᠎ᠠ ᠴᠠᠭᠠᠵᠠᠯᠠᠬᠤ ᠬᠡᠷᠡᠭᠲᠡᠶ᠃ | ᠭᠤᠷᠪᠠᠳᠤᠭᠠᠷ ᠪᠦᠯᠦᠭ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠠᠵᠢᠯ ᠤᠨ ᠵᠢᠷᠤᠮᠵᠢᠯ ᠪᠠ | ᠱᠠᠭᠠᠷᠳᠠᠯᠭ᠎ᠠ | ᠠᠷᠪᠠᠨ ᠭᠤᠷᠪᠠᠳᠤᠭᠠᠷ ᠵᠦᠢᠯ ᠵᠢᠷᠣᠮᠵᠢᠭᠤᠨ ᠨᠢᠭᠡᠳᠣᠯᠳᠠᠢ᠂ ᠠᠵᠢᠯ ᠤᠨ ᠬᠤᠪᠢᠶᠠᠷᠢᠯᠠᠯ ᠨᠢ ᠵᠦᠢ ᠵᠣᠬᠢᠰᠲᠠᠶ᠂ | ᠬᠠᠮᠲᠤᠷᠠᠨ ᠠᠵᠢᠯᠯᠠᠵᠤ ᠬᠠᠮᠲᠤ ᠪᠠᠷ ᠬᠦᠷᠲᠡᠬᠦ ᠵᠠᠷᠴᠢᠮ ᠢ ᠪᠠᠷᠢᠮᠲᠠᠯᠠᠵᠤ᠂ ᠰᠠᠯᠠᠭ᠎ᠠ ᠮᠥᠴᠢᠷ ᠤᠨ ᠲᠤᠭ᠎ᠠ | ᠪᠦᠷᠢᠳᠬᠡᠯ ᠤᠨ ᠠᠵᠢᠯ ᠳᠤ ︽ᠵᠢᠷᠭᠤᠭ᠎ᠠ ᠶᠢ ᠵᠢᠷᠤᠮᠵᠢᠭᠤᠯᠵᠤ ᠲᠠᠪᠤ ᠶᠢ ᠴᠢᠩᠭᠠᠷᠠᠭᠤᠯᠬᠤ︾ ︵ᠰᠠᠯᠠᠭ᠎ᠠ | ᠮᠥᠴᠢᠷ ᠤᠨ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢ ᠵᠢᠷᠤᠮᠵᠢᠭᠤᠯᠬᠤ᠂ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢᠨ ᠵᠢᠷᠤᠭ ᠲᠥᠯᠥᠪᠯᠡᠭᠡ ᠶᠢ ᠵᠢᠷᠤᠮᠵᠢᠭᠤᠯᠬᠤ᠂ ᠪᠠᠶᠢᠴᠠᠭᠠᠯᠲᠠ ᠶᠢᠨ ᠲᠥᠷᠥᠯ ᠵᠦᠢᠯ ᠢ ᠬᠢᠨᠠᠨ | ᠵᠥᠪᠰᠢᠶᠡᠷᠡᠬᠦ ᠪᠠᠨ ᠵᠢᠷᠤᠮᠵᠢᠭᠤᠯᠬᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠵᠢᠯᠯᠠᠭ᠎ᠠ ᠶᠢ ᠵᠢᠷᠤᠮᠵᠢᠭᠤᠯᠬᠤ᠂ | ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠵᠢᠷᠤᠮᠵᠢᠭᠤᠯᠬᠤ᠂ ᠳ᠋ᠠᠶᠢᠲ᠋ᠠ ᠶᠢᠨ ᠨᠡᠶᠢᠲᠡᠯᠡᠬᠦ | ᠠᠭᠤᠯᠭ᠎ᠠ ᠶᠢ ᠵᠢᠷᠤᠮᠵᠢᠭᠤᠯᠬᠤ᠂ ᠰᠠᠯᠠᠭ᠎ᠠ ᠮᠥᠴᠢᠷ ᠤᠨ ᠳ᠋ᠠᠶᠢᠲ᠋ᠠ ᠶᠢ ᠬᠠᠮᠲᠤ ᠪᠠᠷ ᠬᠦᠷᠲᠡᠬᠦ ᠶᠢ ᠴᠢᠩᠭᠠᠷᠠᠭᠤᠯᠬᠤ᠂ | ᠨᠡᠷᠡᠰ ᠤᠨ ᠵᠢᠭᠰᠠᠭᠠᠯᠲᠠ ᠶᠢᠨ ᠮᠡᠳᠡᠭᠡ ᠵᠠᠩᠭᠢ ᠶᠢᠨ ᠬᠠᠮᠠᠭᠠᠯᠠᠯᠲᠠ ᠶᠢ ᠴᠢᠩᠭᠠᠷᠠᠭᠤᠯᠬᠤ᠂ ᠲᠤᠭ᠎ᠠ ᠪᠦᠷᠢᠳᠬᠡᠯ ᠤᠨ | ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠷᠠᠭᠤᠯᠬᠤ᠂ ᠶᠠᠰᠤ ᠴᠢᠨᠠᠷ ᠢ ᠦᠨᠡᠯᠡᠨ ᠵᠢᠱᠢᠵᠦ ᠰᠢᠯᠭᠠᠨ ᠠᠪᠬᠤ ᠶᠢ | ᠴᠢᠩᠭᠠᠷᠠᠭᠤᠯᠬᠤ᠂ ᠮᠡᠳᠡᠭᠡ ᠵᠠᠩᠭᠢ ᠶᠢᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠷᠠᠭᠤᠯᠬᠤ︶ ᠪᠠᠷ ᠬᠠᠷᠠᠯᠲᠠ ᠪᠠᠨ | ᠪᠣᠯᠭᠠᠵᠤ᠂ ᠳᠦᠷᠢᠮ ᠲᠣᠭᠲᠠᠭᠠᠯ ᠨᠢ ᠪᠦᠷᠢᠨ ᠲᠡᠭᠦᠯᠳᠡᠷ᠂ ᠠᠷᠭ᠎ᠠ ᠪᠠᠷᠢᠯ ᠨᠢ ᠰᠢᠨᠵᠢᠯᠡᠬᠦ ᠤᠬᠠᠭᠠᠨᠴᠢ᠂ ᠦᠢᠯᠡ | ᠠᠵᠢᠯᠯᠠᠭ᠎ᠠ ᠨᠢ ᠴᠢᠩᠭ᠎ᠠ ᠨᠢᠮᠪᠠᠶ᠂ ᠶᠠᠪᠤᠴᠠ ᠶᠢ ᠨᠢ ᠡᠵᠡᠮᠳᠡᠵᠦ ᠲᠠᠶᠢᠯᠭᠦ᠂ ᠮᠡᠳᠡᠭᠡ ᠵᠠᠩᠬᠢᠴᠢᠯᠠᠯᠲᠠ ᠶᠢᠨ ᠬᠡᠮᠵᠢᠶ᠎ᠡ ᠪᠠᠷ | ᠨᠡᠯᠢᠶᠡᠳ ᠥᠨᠳᠥᠷ ᠪᠠᠶᠢᠬᠤ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠣᠭᠲᠠᠯᠴᠠᠭ᠎ᠠ ᠶᠢ | ᠪᠠᠶᠢᠭᠤᠯᠤᠨ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠮᠡᠳᠡᠭᠡ ᠵᠠᠩᠭᠢ ᠶᠢᠨ | ᠲᠤᠯᠭᠠᠭᠤᠷᠢᠯᠠᠯ ᠬᠠᠩᠭᠠᠬᠤ ᠬᠡᠷᠩᠳᠠᠢ᠃ | ᠠᠷᠪᠠᠨ ᠳᠥᠷᠪᠡᠳᠦᠭᠡᠷ ᠵᠦᠢᠯ ᠰᠠᠯᠠᠭ᠎ᠠ ᠮᠥᠴᠢᠷ ᠤᠳ ᠨᠢ ᠲᠤᠭ᠎ᠠ ᠪᠦᠷᠢᠳᠬᠡᠯ ᠤᠨ ᠠᠵᠢᠯ ᠤᠨ ᠡᠭᠦᠷᠭᠡ | ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠲᠤᠭ᠎ᠠ ᠪᠦᠷᠢᠳᠬᠡᠯ ᠤᠨ ᠠᠵᠢᠯ ᠢ ᠡᠭᠦᠷᠭᠡᠯᠡᠬᠦ ᠪᠠᠶᠢᠭᠤᠯᠤᠮᠵᠢ ᠪᠠ | ᠠᠵᠢᠯᠲᠠᠨ ᠢᠶᠠᠨ ᠲᠤᠳᠤᠷᠬᠠᠢ ᠲᠣᠭᠲᠠᠭᠠᠵᠤ᠂ ᠲᠤᠭ᠎ᠠ ᠪᠦᠷᠢᠳᠬᠡᠯ ᠤᠨ ᠡᠯ᠎ᠡ ᠭᠤᠭᠴᠤᠭᠠᠨ ᠤ ᠠᠵᠢᠯ ᠢ | ᠵᠢᠷᠤᠮᠵᠢᠭᠤᠯᠵᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠣᠨ | ᠦᠷᠨᠢᠭᠦᠯᠵᠣ᠂ ᠲᠤᠭ᠎ᠠ ᠪᠦᠷᠢᠳᠬᠡᠯ ᠤᠨ ᠲᠤᠭ᠎ᠠ ᠪᠠᠷᠢᠮᠳᠠ ᠶᠢᠨ ᠦᠨᠡᠨ ᠪᠣᠳᠠᠲᠤ ᠴᠢᠨᠠᠷ ᠢ ᠦᠨᠡᠨ ᠬᠦ ᠳᠡᠭᠡᠭᠰᠢᠯᠡᠭᠦᠯᠬᠦ | ᠬᠡᠷᠡᠭᠲᠡᠶ︔ ᠲᠤᠭ᠎ᠠ ᠪᠦᠷᠢᠳᠬᠡᠯ ᠤᠨ ᠬᠠᠷᠢᠭᠤᠴᠠᠯᠭᠠᠲᠠᠨ ᠪᠠ ᠨᠢᠭᠡᠴᠢ ᠳᠠᠬᠢ ᠲᠤᠭ᠎ᠠ ᠪᠦᠷᠢᠳᠬᠡᠯ ᠤᠨ ᠠᠵᠢᠯ ᠢ | ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭᠠᠲᠠᠨ ᠢᠶᠠᠨ ᠲᠣᠳᠣᠷᠬᠠᠶᠢᠯᠠᠵᠤ᠂ ᠲᠤᠭ᠎ᠠ ᠪᠦᠷᠢᠳᠬᠡᠯ ᠤᠨ ᠠᠵᠢᠯᠲᠠᠨ ᠢ | ᠪᠦᠷᠢᠨ ᠴᠢᠩᠭ᠎ᠠ ᠲᠣᠬᠢᠷᠠᠭᠤᠯᠬᠤ ᠶᠢᠨ ᠬᠠᠮᠲᠤ ᠬᠠᠷᠢᠴᠠᠩᠭᠤᠶ ᠲᠣᠭᠲᠠᠭᠤᠨ ᠪᠠᠶᠢᠯᠭᠠᠬᠤ ᠶᠢ ᠪᠠᠳᠣᠯᠠᠵᠣ᠂ | ᠲᠤᠬᠠᠶᠢᠯᠠᠭᠰᠠᠨ ᠠᠵᠢᠯ ᠤᠨ ᠲᠠᠯ᠎ᠠ ᠪᠠᠷ ᠠᠳᠠᠯᠢ ᠱᠠᠲᠤᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ | ᠪᠠᠶᠢᠭᠤᠯᠤᠮᠵᠢ ᠶᠢᠨ ᠵᠢᠭᠠᠨ ᠵᠢᠯᠣᠭᠤᠳᠣᠯᠭ᠎ᠠ ᠶᠢ ᠬᠦᠯᠢᠶᠡᠵᠦ᠂ ᠠᠳᠠᠯᠢ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠳᠤ ᠲᠤᠰ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ | ᠠᠵᠢᠯᠲᠠᠨ ᠳᠤ ᠲᠣᠬᠢᠷᠠᠭᠤᠯᠤᠯᠲᠠ ᠬᠢᠭᠰᠡᠨ ᠬᠤᠪᠢᠷᠠᠯᠲᠠ ᠪᠠᠶᠢᠳᠠᠯ ᠢᠶᠠᠨ ᠴᠠᠭ ᠲᠤᠬᠠᠶ ᠳᠤ ᠨᠢ ᠮᠡᠳᠡᠭᠳᠡᠬᠦ ᠬᠡᠷᠡᠭᠲᠡᠶ᠃ | | ᠠᠷᠪᠠᠨ ᠲᠠᠪᠤᠳᠤᠭᠠᠷ ᠵᠦᠢᠯ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠠᠵᠢᠯ ᠨᠢ ᠠᠵᠢᠯ ᠤᠨ ᠡᠭᠦᠷᠭᠡ᠂ | ᠲᠣᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠂ ᠶᠠᠰᠤ ᠴᠢᠨᠠᠷ ᠤᠨ ᠱᠠᠭᠠᠷᠳᠠᠯᠭ᠎ᠠ ᠪᠠ ᠠᠬᠢᠴᠠ ᠶᠢᠨ | ᠲᠣᠬᠢᠷᠠᠭᠤᠯᠤᠯᠲᠠ ᠪᠠᠷ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠤᠨ ᠵᠢᠷᠤᠭ ᠲᠥᠯᠥᠪᠯᠡᠭᠡ | ᠪᠣᠯᠤᠨ ᠨᠤᠲᠠᠯᠠᠯᠲᠠ ᠶᠢ ᠬᠢᠨᠠᠮᠠᠭᠠᠶ ᠥᠷᠨᠢᠭᠦᠯᠵᠦ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠬᠡᠪᠴᠢᠶ᠎ᠡ ᠶᠢ | ᠣᠨᠣᠪᠴᠢᠲᠠᠶ ᠲᠣᠭᠲᠠᠭᠠᠨ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠭᠤᠯᠭ᠎ᠠ ᠶᠢ ᠵᠦᠶ ᠵᠣᠬᠢᠰᠲᠠᠶ ᠵᠢᠷᠤᠭᠯᠠᠨ | ᠲᠥᠯᠥᠪᠯᠡᠵᠦ᠂ ᠲᠤᠭ᠎ᠠ ᠪᠦᠷᠢᠳᠬᠡᠯ ᠤᠨ ᠪᠠᠷᠢᠮᠵᠢᠶ᠎ᠠ ᠪᠠ ᠲᠤᠭ᠎ᠠ ᠪᠦᠷᠢᠳᠬᠡᠯ ᠤᠨ ᠵᠠᠷᠴᠢᠮ ᠢ ᠴᠢᠩᠭ᠎ᠠ ᠬᠡᠷᠡᠭᠵᠢᠭᠦᠯᠵᠦ | ᠂ ᠭᠦᠢᠴᠡᠳᠭᠡᠯ ᠲᠤᠭ᠎ᠠ ᠶᠢᠨ ᠨᠡᠷᠡᠶᠢᠳᠦᠯ ᠤᠨ ᠵᠢᠷᠤᠮᠵᠢᠭᠤᠨ ᠪᠥᠭᠡᠳ ᠨᠢᠭᠡᠳᠦᠯᠲᠡᠶ ᠪᠠᠶᠢᠬᠤ᠂ ᠲᠠᠶᠢᠯᠪᠤᠷᠢ ᠨᠢ | ᠳᠥᠭᠦᠮ ᠣᠶᠢᠯᠠᠭᠠᠮᠵᠢᠲᠠᠶ᠂ ᠪᠣᠳᠣᠬᠤ ᠠᠷᠭ᠎ᠠ ᠨᠢ ᠰᠢᠨᠵᠢᠯᠡᠬᠦ ᠤᠬᠠᠭᠠᠨᠴᠢ᠂ ᠪᠠᠶᠢᠴᠠᠭᠠᠯᠲᠠ ᠶᠢᠨ ᠬᠦᠰᠦᠨᠦᠭᠲᠦ ᠶᠢᠨ | ᠬᠡᠯᠪᠡᠷᠢ ᠶᠢᠨ ᠪᠦᠲᠦᠴᠡ ᠨᠢ ᠵᠦᠶ ᠵᠣᠬᠢᠰᠲᠠᠶ᠂ ᠲᠠᠭᠯᠠᠵᠣ ᠮᠡᠳᠡᠭᠦᠯᠬᠦ ᠳᠤ ᠳᠥᠭᠦᠮ ᠪᠠᠶᠢᠬᠤ ᠶᠢ ᠪᠠᠲᠤᠯᠠᠬᠤ ᠬᠡᠷᠡᠭᠲᠡᠶ | ︔ ᠰᠠᠯᠠᠭ᠎ᠠ ᠮᠥᠴᠢᠷ ᠤᠨ ᠬᠠᠮᠢᠶᠠᠷᠤᠯᠲᠠ ᠶᠢ ᠡᠩ ᠲᠡᠷᠢᠭᠦᠨ ᠳᠤ ᠬᠡᠷᠡᠭᠯᠡᠵᠦ ᠪᠦᠷᠢᠯᠳᠣᠭ᠍ᠰᠡᠨ ᠵᠠᠰᠠᠭ ᠵᠠᠬᠢᠷᠭᠠᠨ ᠤ | ᠲᠡᠮᠳᠡᠭᠯᠡᠯ ᠵᠢᠴᠢ ᠡᠯ᠎ᠡ ᠲᠥᠷᠥᠯ ᠤᠨ ᠲᠣᠮᠣ ᠳ᠋ᠠᠶᠢᠲ᠋ᠠ ᠵᠡᠷᠭᠡ ᠪᠤᠰᠤᠳ ᠳ᠋ᠠᠶᠢᠲ᠋ᠠ ᠶᠢᠨ ᠢᠷᠡᠯᠲᠡ ᠳᠤ᠂ ᠥᠯᠢᠭᠡᠷ | ᠠᠪᠴᠤ ᠪᠠᠶᠢᠴᠠᠭᠠᠯᠲᠠ ᠬᠢᠬᠦ᠂ ᠭᠤᠤᠯᠳᠠᠯᠭ᠎ᠠ ᠲᠠᠢ ᠪᠠᠶᠢᠴᠠᠭᠠᠯᠲᠠ ᠬᠢᠬᠦ᠂ ᠨᠡᠶᠢᠲᠡᠯᠢᠭ ᠪᠠᠶᠢᠴᠠᠭᠠᠯᠲᠠ ᠬᠢᠬᠦ ᠨᠢ | ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠪᠡᠯ᠂ ᠪᠥᠬᠦ ᠲᠠᠯ᠎ᠠ ᠶᠢᠨ ᠪᠠᠶᠢᠴᠠᠭᠠᠯᠲᠠ ᠶᠢ ᠥᠷᠨᠢᠭᠦᠯᠬᠦ ᠥᠬᠡᠶ︔ | ᠳ᠋ᠠᠶᠢᠲ᠋ᠠ ᠶᠢ ᠦᠨᠡᠯᠡᠨ ᠵᠢᠱᠢᠬᠦ ᠠᠷᠭ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠳ᠋ᠠᠶᠢᠲ᠋ᠠ ᠶᠢ ᠴᠤᠭᠯᠠᠭᠤᠯᠤᠨ | ᠰᠢᠢᠳᠪᠦᠷᠢᠯᠡᠬᠦ ᠲᠠᠪᠴᠠᠩ ᠤᠨ ᠵᠢᠷᠤᠭ ᠲᠥᠯᠥᠪᠯᠡᠭᠡ ᠨᠢ ᠤᠯᠤᠰ ᠤᠨ ᠮᠡᠳᠡᠭᠡ ᠵᠠᠩᠭᠢ ᠶᠢᠨ ᠠᠮᠤᠷ ᠲᠦᠪᠰᠢᠨ ᠤ | ᠪᠠᠷᠢᠮᠵᠢᠶ᠎ᠠ ᠳᠤ ᠨᠡᠶᠢᠴᠡᠬᠦ ᠬᠡᠷᠡᠭᠲᠡᠶ᠃ | ᠠᠷᠪᠠᠨ ᠵᠢᠷᠭᠤᠳᠤᠭᠠᠷ ᠵᠦᠢᠯ ᠰᠠᠯᠠᠭ᠎ᠠ ᠮᠥᠴᠢᠷ ᠤᠨ ᠦᠪᠠᠰᠣᠪᠡᠨ ᠲᠣᠭᠲᠠᠭᠠᠭᠰᠠᠨ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢᠨ ᠲᠥᠷᠥᠯ ᠵᠦᠢᠯ ᠨᠢ ᠰᠢᠯᠢᠳᠡᠭᠵᠢᠭᠦᠯᠦᠨ ᠴᠤᠮᠬᠠᠳᠬᠠᠵᠤ ᠥᠨᠳᠥᠷ ᠪᠦᠲᠦᠮᠵᠢᠲᠡᠶ ᠪᠠᠶᠢᠬᠤ | ᠵᠠᠷᠴᠢᠮ ᠢ ᠬᠠᠷᠠᠭᠤᠯᠬᠤ ᠶᠢᠨ ᠬᠠᠮᠲᠤ᠂ ᠠᠳᠠᠯᠢ ᠱᠠᠲᠤᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ | ᠪᠠᠶᠢᠭᠤᠯᠤᠮᠵᠢ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠶ᠃ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ | ᠪᠠᠶᠢᠴᠠᠭᠠᠯᠲᠠ ᠨᠢ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠲᠤᠭ᠎ᠠ ᠪᠦᠷᠢᠳᠬᠡᠯ ᠬᠢᠭᠡᠳ ᠰᠠᠯᠠᠭ᠎ᠠ ᠮᠥᠴᠢᠷ ᠤᠨ | ᠲᠤᠭ᠎ᠠ ᠪᠦᠷᠢᠳᠬᠡᠯ ᠤᠨ ᠠᠵᠢᠯ ᠤᠨ ᠬᠤᠪᠢᠶᠠᠷᠢᠯᠠᠯ ᠤᠨ ᠵᠠᠷᠴᠢᠮ ᠳᠤ ᠨᠡᠶᠢᠴᠡᠬᠦ ᠮᠥᠷᠲᠡᠭᠡᠨ ᠲᠤᠰ ᠰᠠᠯᠠᠭ᠎ᠠ | ᠮᠥᠴᠢᠷ ᠤᠨ ᠡᠭᠦᠷᠭᠡ ᠴᠢᠳᠠᠪᠤᠷᠢ ᠪᠤᠶᠤ ᠲᠤᠬᠠᠶᠢᠯᠠᠭᠰᠠᠨ ᠠᠵᠢᠯ ᠯᠤᠭ᠎ᠠ ᠨᠢᠭᠡᠳᠦᠯᠲᠡᠶ ᠪᠠᠶᠢᠵᠤ᠂ ᠭᠤᠣᠯ | ᠠᠭᠤᠯᠭ᠎ᠠ ᠨᠢ ᠤᠯᠤᠰ᠂ ᠪᠤᠰᠤᠳ ᠰᠠᠯᠠᠭ᠎ᠠ ᠮᠥᠴᠢᠷ ᠪᠤᠶᠤ ᠨᠢᠭᠡᠨᠲᠡ ᠵᠥᠪᠰᠢᠶᠡᠷᠡᠭᠰᠡᠨ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢᠨ ᠲᠥᠷᠥᠯ ᠵᠦᠢᠯ ᠤᠨ ᠠᠭᠤᠯᠭ᠎ᠠ ᠯᠤᠭ᠎ᠠ ᠳᠠᠪᠬᠤᠷᠳᠠᠵᠤ ᠪᠣᠯᠬᠤ ᠦᠭᠡᠶ᠃ | ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠢ ᠲᠣᠭᠲᠠᠭᠠᠬᠤ ᠳᠤ ᠲᠤᠰ ᠲᠥᠷᠥᠯ ᠵᠦᠢᠯ ᠤᠨ | ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠷᠭ᠎ᠠ ᠶᠢ ᠵᠡᠷᠭᠡ ᠳᠤ ᠨᠢ ᠲᠣᠭᠲᠠᠭᠠᠵᠤ᠂ ᠤᠯᠤᠰ ᠤᠨ ᠲᠤᠭ᠎ᠠ | ᠪᠦᠷᠢᠳᠬᠡᠯ ᠤᠨ ᠪᠠᠷᠢᠮᠵᠢᠶ᠎ᠠ ᠶᠢ ᠬᠡᠷᠡᠭᠯᠡᠬᠦ ᠬᠡᠷᠡᠭᠲᠡᠶ︔ ᠤᠯᠤᠰ ᠤᠨ ᠲᠤᠭ᠎ᠠ ᠪᠦᠷᠢᠳᠬᠡᠯ ᠤᠨ ᠪᠠᠷᠢᠮᠵᠢᠶ᠎ᠠ ᠪᠠᠶᠢᠬᠤ | ᠦᠭᠡᠢ ᠪᠣᠯ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠪᠠᠷᠢᠮᠵᠢᠶ᠎ᠠ ᠶᠢ | ᠬᠡᠷᠡᠭᠯᠡᠵᠦ ᠪᠣᠯᠤᠨ᠎ᠠ᠃ ᠲᠤᠭ᠎ᠠ ᠪᠦᠷᠢᠳᠬᠡᠯ ᠤᠨ ᠪᠠᠷᠢᠮᠵᠢᠶ᠎ᠠ᠂ ᠲᠤᠭ᠎ᠠ ᠪᠦᠷᠢᠳᠬᠡᠯ ᠤᠨ ᠲᠦᠷᠦᠯᠵᠢᠯ ᠳᠤ | ᠲᠣᠬᠢᠷᠠᠭᠤᠯᠤᠯᠲᠠ ᠬᠢᠬᠦ ᠴᠢᠬᠤᠯᠠ ᠲᠠᠢ ᠪᠣᠯ᠂ ᠬᠠᠮᠢᠶ᠎ᠠ ᠪᠦᠬᠦᠢ ᠳᠦᠷᠢᠮ ᠲᠣᠭᠲᠠᠭᠠᠯ ᠢ ᠦᠨᠳᠦᠰᠦᠯᠡᠨ | ᠲᠣᠬᠢᠷᠠᠭᠤᠯᠤᠯᠲᠠ ᠬᠢᠬᠦ ᠶᠢᠨ ᠬᠠᠮᠲᠤ᠂ ᠲᠠᠶᠢᠯᠪᠣᠷᠢᠯᠠᠨ ᠲᠣᠳᠣᠷᠬᠠᠢᠯᠠᠬᠤ ᠬᠡᠷᠡᠭᠲᠡᠶ᠃ | ᠬᠢᠨᠠᠨ ᠵᠥᠪᠰᠢᠶᠡᠷᠡᠭᠦᠯᠬᠦ ᠭᠠᠷᠳᠠᠮ ᠢᠶᠠᠨ ᠭᠦᠢᠴᠡᠳᠬᠡᠭᠰᠡᠨ ᠦᠭᠡᠢ ᠪᠤᠶᠤ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢᠨ ᠳᠦᠷᠢᠮ ᠤᠨ ᠠᠭᠤᠯᠭ᠎ᠠ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢᠨ ᠲᠥᠷᠥᠯ ᠵᠦᠢᠯ ᠢ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠣᠯᠵᠤ | ᠮᠡᠳᠡᠪᠡᠯ ᠳᠠᠷᠦ᠋ᠢᠬᠠᠨ ᠵᠠᠷᠯᠢᠭᠳᠠᠨ ᠵᠣᠭᠰᠣᠭᠠᠬᠤ ᠶᠢᠨ ᠬᠠᠮᠲᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠵᠢᠴᠢ ᠬᠡᠷᠡᠭᠵᠢᠭᠦᠯᠬᠦ ᠳᠦᠷᠢᠮ ᠤᠨ ᠬᠤᠯᠪᠣᠭᠳᠠᠯ ᠪᠦᠬᠦᠢ | ᠲᠣᠭᠲᠠᠭᠠᠯ ᠢ ᠦᠨᠳᠦᠰᠦᠯᠡᠨ ᠰᠢᠢᠳᠪᠦᠷᠢᠯᠡᠬᠦ ᠬᠡᠷᠡᠭᠲᠡᠶ᠃ | ᠠᠷᠪᠠᠨ ᠳᠣᠯᠣᠳᠤᠭᠠᠷ ᠵᠦᠢᠯ ᠰᠠᠯᠠᠭ᠎ᠠ ᠮᠥᠴᠢᠷ ᠨᠢ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠬᠠᠤᠯᠢ | ᠶᠣᠰᠣᠭᠠᠷ ᠵᠣᠬᠢᠶᠠᠨ ᠪᠠᠶᠢᠭᠤᠯᠤᠨ ᠥᠷᠨᠢᠭᠦᠯᠵᠦ᠂ ᠲᠤᠭ᠎ᠠ ᠪᠠᠷᠢᠮᠳᠠ ᠴᠤᠭᠯᠠᠭᠤᠯᠬᠤ᠂ ᠲᠤᠭ᠎ᠠ ᠪᠠᠷᠢᠮᠳᠠ | ᠰᠢᠢᠳᠪᠦᠷᠢᠯᠡᠬᠦ᠂ ᠶᠠᠰᠣ ᠴᠢᠨᠠᠷ ᠢ ᠡᠵᠡᠮᠳᠡᠬᠦ ᠪᠠ ᠮᠡᠳᠡᠭᠡ ᠵᠠᠩᠭᠢ ᠨᠡᠶᠢᠲᠡᠯᠡᠬᠦ ᠵᠡᠷᠭᠡ ᠠᠵᠢᠯ ᠤᠨ ᠴᠤᠪᠤᠷᠠᠯ ᠢ ᠴᠢᠩᠭ᠎ᠠ | ᠵᠢᠷᠤᠮᠵᠢᠭᠤᠯᠤᠨ᠂ ᠪᠦᠷᠢᠣᠡᠭᠡᠨ ᠪᠠᠶᠢᠴᠠᠭᠠᠭᠳᠠᠬᠤ ᠡᠲᠡᠭᠡᠳ ᠢ ᠲᠣᠭᠲᠠᠭᠠᠵᠤ᠂ ᠲᠤᠭ᠎ᠠ ᠪᠠᠷᠢᠮᠳᠠ ᠴᠤᠭᠯᠠᠭᠤᠯᠵᠤ | ᠰᠢᠢᠳᠪᠦᠷᠢᠯᠡᠬᠦ ᠲᠠᠪᠴᠠᠩ ᠤᠨ ᠰᠢᠯᠭᠠᠨ ᠬᠤᠷᠢᠶᠠᠵᠤ ᠠᠪᠬᠤ ᠪᠠᠶᠢᠷᠢᠯᠠᠭᠤᠯᠤᠯᠲᠠ ᠶᠢ ᠪᠡᠶᠡᠯᠡᠭᠦᠯᠦᠨ᠂ | ᠪᠠᠶᠢᠴᠠᠭᠠᠭᠳᠠᠬᠤ ᠡᠲᠡᠭᠡᠳ ᠢ ᠵᠢᠭᠠᠨ ᠵᠢᠯᠣᠭᠤᠳᠴᠤ ᠪᠠᠶᠢᠭᠠᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠶᠢ ᠦᠨᠳᠦᠰᠦᠯᠡᠨ ᠪᠠᠶᠢᠴᠠᠭᠠᠯᠲᠠ ᠶᠢᠨ ᠲᠤᠭ᠎ᠠ ᠪᠠᠷᠢᠮᠲᠠ ᠪᠠᠨ | ᠪᠡᠶ᠎ᠡ ᠪᠠᠨ ᠳᠠᠭᠠᠭᠠᠨ ᠵᠥᠪ ᠢᠶᠠᠷ ᠲᠠᠭᠯᠠᠨ ᠮᠡᠳᠡᠭᠦᠯᠵᠦ᠂ ᠠᠩᠬᠠᠨ ᠤ ᠲᠤᠭ᠎ᠠ ᠪᠠᠷᠢᠮᠲᠠ ᠶᠢ ᠴᠠᠭ ᠲᠤᠬᠠᠶ ᠳᠤ ᠨᠢ | ᠭᠥᠯᠢᠶᠡᠨ ᠠᠪᠬᠤ ᠪᠠ ᠬᠢᠨᠠᠨ ᠪᠠᠶᠢᠴᠠᠭᠠᠵᠤ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠠᠷᠭᠤᠭᠤᠯᠤᠨ ᠪᠠᠶᠢᠴᠠᠭᠠᠬᠤ ᠶᠢ | ᠥᠷᠨᠢᠭᠦᠯᠦᠨ᠎ᠡ᠃ ᠳᠡᠭᠡᠷ᠎ᠡ ᠨᠢᠭᠡ ᠱᠠᠲᠤᠨ ᠤ ᠰᠠᠯᠠᠭ᠎ᠠ ᠮᠥᠴᠢᠷ ᠨᠢ ᠳᠤᠤᠷ᠎ᠠ ᠨᠢᠭᠡ ᠱᠠᠲᠤᠨ ᠤ ᠲᠤᠭ᠎ᠠ ᠪᠠᠷᠢᠮᠲᠠ ᠳᠤ | ᠦᠨᠡᠯᠡᠨ ᠵᠢᠱᠢᠯᠲᠡ ᠬᠢᠬᠦ ᠶᠢᠨ ᠬᠠᠮᠲᠤ᠂ ᠦᠨᠡᠯᠡᠨ ᠵᠢᠱᠢᠭᠰᠡᠨ ᠦᠷ᠎ᠡ ᠳ᠋ᠦᠩ ᠢᠶᠠᠨ ᠴᠠᠭ ᠲᠤᠬᠠᠶ ᠳᠤ ᠨᠢ ᠬᠠᠷᠢᠭᠤ | ᠲᠤᠰᠬᠠᠬᠤ ᠬᠡᠷᠡᠭᠲᠡᠶ᠃ | ᠠᠷᠪᠠᠨ ᠨᠠᠢᠮᠠᠳᠤᠭᠠᠷ ᠵᠦᠢᠯ ᠰᠠᠯᠠᠭ᠎ᠠ ᠮᠥᠴᠢᠷ ᠨᠢ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠪᠠ | ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠪᠣᠯᠪᠠᠰᠤᠷᠠᠯ ᠢ ᠲᠣᠭᠲᠠᠮᠠᠯ | ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠶ ᠮᠥᠷᠲᠡᠭᠡᠨ ᠵᠢᠯ ᠪᠦᠷᠢ ᠨᠠᠭᠠᠳᠣ ᠵᠠᠬ᠎ᠠ ᠳᠤ ᠪᠠᠨ | 1 ᠤᠳᠠᠭ᠎ᠠ ᠪᠣᠯᠪᠠᠰᠤᠷᠠᠯ ᠬᠢᠬᠦ ᠶᠢᠨ ᠬᠠᠮᠲᠤ᠂ ᠬᠡᠪᠰᠢᠵᠢᠭᠦᠯᠦᠭᠰᠡᠨ ᠲᠣᠭᠲᠠᠴᠠ ᠶᠢ ᠪᠣᠶ ᠪᠣᠯᠭᠠᠬᠤ ᠬᠡᠷᠡᠭᠲᠡᠶ᠃ | ᠪᠣᠯᠪᠠᠰᠤᠷᠠᠯ ᠨᠢ ᠪᠦᠬᠦ ᠲᠠᠯ᠎ᠠ ᠶᠢᠨ ᠪᠦᠭᠡᠳ ᠰᠢᠰᠲ᠋ᠧᠮ ᠲᠠᠢ ᠪᠠᠶᠢᠵᠣ᠂ ᠬᠠᠨᠳᠤᠯᠭᠠᠲᠤ ᠴᠢᠨᠠᠷ ᠪᠠ ᠠᠵᠢᠯᠯᠠᠭᠠᠨᠲᠤ | ᠴᠢᠨᠠᠷ ᠢ ᠳᠣᠪᠤᠶᠢᠯᠭᠠᠨ᠂ ᠲᠤᠭ᠎ᠠ ᠪᠦᠷᠢᠳᠭᠡᠯ ᠤᠨ ᠠᠵᠢᠯᠲᠠᠨ ᠤ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ | ᠲᠣᠭᠲᠠᠭᠠᠯ ᠪᠣᠯᠤᠨ ᠳᠦᠷᠢᠮ ᠲᠣᠭᠲᠠᠭᠠᠯ ᠢ ᠣᠨᠣᠪᠴᠢᠲᠠᠶ ᠣᠶᠢᠯᠠᠭᠠᠬᠤ ᠶᠢ ᠠᠬᠢᠭᠤᠯᠵᠤ᠂ ᠲᠤᠭ᠎ᠠ ᠪᠦᠷᠢᠳᠬᠡᠯ ᠤᠨ | ᠲᠤᠭ᠎ᠠ ᠪᠠᠷᠢᠮᠳᠠ ᠶᠢᠨ ᠦᠨᠡᠨ ᠪᠣᠳᠠᠲᠤ ᠴᠢᠨᠠᠷ ᠢ ᠪᠠᠳᠣᠯᠠᠬᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠦᠨᠡᠨ ᠬᠦ | ᠡᠭᠦᠷᠭᠡᠯᠡᠨ᠂ ᠲᠤᠭ᠎ᠠ ᠪᠦᠷᠢᠳᠬᠡᠯ ᠤᠨ ᠠᠵᠢᠯ ᠢ ᠰᠠᠶᠢᠲᠤᠷ ᠬᠢᠬᠦ ᠶᠢᠨ ᠴᠢᠳᠠᠪᠤᠷᠢ ᠪᠠ ᠬᠢᠷᠢ ᠲᠦᠪᠰᠢᠨ ᠢ ᠨᠢ | ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃ | ᠠᠷᠪᠠ ᠶᠢᠰᠦᠳᠦᠭᠡᠷ ᠵᠦᠢᠯ ᠰᠠᠯᠠᠭ᠎ᠠ ᠮᠥᠴᠢᠷ ᠨᠢ ᠳ᠋ᠠᠶᠢᠲ᠋ᠠ ᠨᠡᠶᠢᠲᠡᠯᠡᠬᠦ ᠬᠤᠯᠪᠣᠭᠳᠠᠯ ᠪᠦᠬᠦᠢ ᠲᠣᠭᠲᠠᠭᠠᠯ ᠢ | ᠬᠠᠤᠯᠢ ᠶᠣᠰᠣᠭᠠᠷ ᠴᠢᠩᠭ᠎ᠠ ᠬᠡᠷᠡᠭᠵᠢᠭᠦᠯᠵᠦ᠂ ᠲᠤᠰ ᠰᠠᠯᠠᠭ᠎ᠠ ᠮᠥᠴᠢᠷ ᠤᠨ ᠢᠶᠠᠨ ᠲᠤᠭ᠎ᠠ ᠪᠦᠷᠢᠳᠬᠡᠯ ᠤᠨ | ᠳ᠋ᠠᠶᠢᠲ᠋ᠠ ᠶᠢ ᠨᠡᠶᠢᠲᠡᠯᠡᠬᠦ ᠶᠢᠨ ᠬᠠᠮᠲᠤ ᠪᠠᠰᠠ ᠳ᠋ᠠᠶᠢᠲ᠋ᠠ ᠶᠢᠨ ᠢᠷᠡᠯᠲᠡ᠂ ᠪᠦᠷᠢᠣᠡᠭᠡᠭᠰᠡᠨ ᠠᠷᠭ᠎ᠠ᠂ ᠪᠦᠷᠢᠣᠡᠭᠡᠭᠰᠡᠨ | ᠲᠦᠷᠦᠯᠵᠢᠯ᠂ ᠪᠦᠷᠢᠣᠡᠭᠡᠭᠰᠡᠨ ᠪᠠᠷᠢᠮᠵᠢᠶ᠎ᠠ᠂ ᠭᠦᠢᠴᠡᠳᠭᠡᠯ ᠲᠤᠭ᠎ᠠ ᠶᠢᠨ ᠤᠬᠠᠭᠳᠠᠬᠤᠨ ᠵᠡᠷᠭᠡ ᠶᠢ ᠨᠡᠶᠢᠲᠡᠯᠡᠵᠦ᠂ | ᠨᠡᠶᠢᠭᠡᠮ ᠤᠨ ᠡᠯ᠎ᠡ ᠡᠲᠡᠭᠡᠳ ᠤᠨ ᠬᠢᠨ ᠤ ᠲᠤᠭ᠎ᠠ ᠪᠦᠷᠢᠳᠬᠡᠯ ᠤᠨ ᠳ᠋ᠠᠶᠢᠲ᠋ᠠ ᠶᠢ ᠵᠥᠪ ᠢᠶᠠᠷ ᠣᠶᠢᠯᠠᠭᠠᠨ ᠬᠡᠷᠡᠭᠯᠡᠬᠦ ᠶᠢ | ᠪᠠᠲᠤᠯᠠᠬᠤ ᠬᠡᠷᠡᠭᠲᠡᠶ᠃ | ᠬᠤᠷᠢᠳᠤᠭᠠᠷ ᠵᠦᠢᠯ ᠰᠠᠯᠠᠭ᠎ᠠ ᠮᠥᠴᠢᠷ ᠨᠢ ᠠᠳᠠᠯᠢ ᠱᠠᠲᠤᠨ ᠤ ᠵᠠᠰᠠᠭ ᠤᠨ ᠣᠷᠳᠣᠨ ᠤ ᠲᠤᠭ᠎ᠠ | ᠪᠦᠷᠢᠳᠬᠡᠯ ᠤᠨ ᠪᠠᠶᠢᠭᠤᠯᠤᠮᠵᠢ ᠶᠢᠨ ᠲᠣᠭᠲᠠᠭᠠᠭᠰᠠᠨ ︽ᠰᠠᠯᠠᠭ᠎ᠠ ᠮᠥᠴᠢᠷ ᠤᠨ ᠶᠡᠷᠦᠩᠬᠡᠶᠢᠯᠡᠭᠰᠡᠨ ᠲᠤᠭ᠎ᠠ | ᠪᠦᠷᠢᠳᠬᠡᠯ ᠤᠨ ᠮᠡᠳᠡᠭᠦᠯᠣᠯᠳᠡ ᠶᠢᠨ ᠬᠦᠰᠦᠨᠦᠭᠲᠦ ᠶᠢᠨ ᠳᠦᠷᠢᠮ︾ ᠢ ᠴᠢᠩᠭ᠎ᠠ ᠬᠡᠷᠡᠭᠵᠢᠭᠦᠯᠬᠦ ᠶᠢᠨ ᠬᠠᠮᠲᠤ᠂ | ᠬᠤᠯᠪᠣᠭᠳᠠᠯ ᠪᠦᠬᠦᠢ ᠲᠤᠭ᠎ᠠ ᠪᠦᠷᠢᠳᠬᠡᠯ ᠤᠨ ᠮᠡᠳᠡᠭᠦᠯᠣᠯᠳᠡ ᠶᠢᠨ ᠬᠦᠰᠦᠨᠦᠭᠲᠦ ᠪᠠ ᠲᠤᠭ᠎ᠠ ᠪᠦᠷᠢᠳᠬᠡᠯ ᠤᠨ | ᠮᠠᠲ᠋ᠧᠷᠢᠶᠠᠯ ᠢ ᠱᠠᠭᠠᠷᠳᠠᠯᠭ᠎ᠠ ᠶᠣᠰᠣᠭᠠᠷ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠵᠦ᠂ ᠰᠠᠯᠠᠭ᠎ᠠ ᠮᠥᠴᠢᠷ ᠤᠨ | ᠲᠤᠭ᠎ᠠ ᠪᠦᠷᠢᠳᠬᠡᠯ ᠤᠨ ᠳ᠋ᠠᠶᠢᠲ᠋ᠠ ᠶᠢᠨ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠵᠦ ᠵᠢᠷᠤᠮᠵᠢᠭᠤᠯᠬᠤ ᠬᠡᠷᠡᠭᠲᠡᠶ︔ | ᠲᠤᠰ ᠱᠠᠲᠤᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠯᠤᠭ᠎ᠠ ᠳ᠋ᠠᠶᠢᠲ᠋ᠠ ᠶᠢᠨ ᠮᠡᠳᠡᠭᠡ | ᠵᠠᠩᠭᠢ ᠶᠢ ᠵᠣᠯᠭᠠᠭᠤᠯᠬᠤ ᠪᠠᠨ ᠴᠢᠩᠭᠠᠳᠬᠠᠵᠤ᠂ ᠬᠤᠶᠠᠷ ᠲᠠᠯ᠎ᠠ ᠶᠢᠨ ᠪᠤᠶᠤ ᠣᠯᠠᠨ ᠲᠠᠯ᠎ᠠ ᠶᠢᠨ ᠵᠥᠪᠯᠡᠯᠴᠡᠭᠡᠷ ᠤᠨ | ᠬᠡᠯᠪᠡᠷᠢ ᠪᠠᠷ ᠳᠠᠮᠵᠢᠭᠤᠯᠤᠨ᠂ ᠳ᠋ᠠᠶᠢᠲ᠋ᠠ ᠶᠢ ᠬᠠᠮᠲᠤ ᠳᠤ ᠪᠠᠨ ᠬᠦᠷᠲᠡᠬᠦ ᠠᠭᠤᠯᠭ᠎ᠠ᠂ ᠠᠷᠭ᠎ᠠ ᠮᠠᠶ᠋ᠢᠭ᠂ ᠴᠠᠭ ᠤᠨ | ᠬᠢᠵᠠᠭᠠᠷ᠂ ᠵᠠᠮ ᠮᠦᠷ ᠵᠢᠴᠢ ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ ᠶᠢ ᠬᠠᠤᠯᠢ ᠶᠣᠰᠣᠭᠠᠷ ᠲᠣᠳᠣᠷᠬᠠᠶᠢᠯᠠᠵᠤ᠂ | ᠰᠠᠯᠠᠭ᠎ᠠ ᠮᠦᠴᠢᠷ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠨᠡᠷᠡᠰ ᠤᠨ ᠬᠥᠮᠥᠷᠭᠡ ᠶᠢᠨ ᠮᠡᠳᠡᠭᠡ ᠵᠠᠩᠭᠢ ᠵᠢᠴᠢ | ᠳ᠋ᠠᠶᠢᠲ᠋ᠠ ᠶᠢᠨ ᠲᠠᠯ᠎ᠠ ᠳᠠᠬᠢ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ | ᠬᠡᠷᠡᠭᠲᠡᠶ᠃ | ᠬᠤᠷᠢᠨ ᠨᠢᠭᠡᠳᠦᠭᠡᠷ ᠵᠦᠢᠯ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠨᠢ ᠴᠠᠭ | ᠲᠤᠬᠠᠶ ᠳᠤ ᠨᠢ ᠰᠠᠯᠠᠭ᠎ᠠ ᠮᠥᠴᠢᠷ ᠢ ᠬᠠᠮᠵᠢᠨ ᠦᠨᠳᠦᠰᠦᠨ ᠨᠢᠭᠡᠴᠢ ᠶᠢᠨ ᠨᠡᠷᠡᠰ ᠤᠨ ᠵᠢᠭᠰᠠᠭᠠᠯᠲᠠ ᠶᠢᠨ ᠬᠥᠮᠥᠷᠭᠡ᠂ | ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ ᠣᠷᠣᠯᠠᠬᠤ ᠨᠣᠮᠧᠷ ᠤᠨ ᠬᠥᠮᠥᠷᠭᠡ ᠵᠡᠷᠭᠡ ᠲᠤᠭ᠎ᠠ ᠪᠦᠷᠢᠳᠬᠡᠯ ᠤᠨ | ᠰᠠᠭᠤᠷᠢ ᠮᠡᠳᠡᠭᠡ ᠵᠠᠩᠭᠢ ᠶᠢᠨ ᠬᠥᠮᠥᠷᠭᠡ ᠶᠢ ᠰᠢᠨᠡᠳᠬᠡᠨ ᠬᠠᠮᠠᠭᠠᠯᠠᠵᠤ᠂ ᠰᠠᠯᠠᠭ᠎ᠠ ᠮᠥᠴᠢᠷ ᠤᠨ ᠲᠤᠭ᠎ᠠ | ᠪᠦᠷᠢᠳᠬᠡᠯ ᠤᠨ ᠠᠵᠢᠯ ᠤᠨ ᠰᠠᠭᠤᠷᠢ ᠶᠢ ᠪᠠᠬᠢᠵᠢᠭᠦᠯᠭᠦ ᠬᠡᠷᠡᠭᠲᠡᠶ᠃ | ᠰᠠᠯᠠᠭ᠎ᠠ ᠮᠥᠴᠢᠷ ᠤᠳ ᠨᠢᠭᠡᠴᠢ ᠶᠢᠨ ᠰᠠᠭᠤᠷᠢ ᠮᠡᠳᠡᠭᠡ ᠵᠠᠩᠭᠢ ᠪᠠᠨ ᠨᠠᠷᠢᠯᠢᠭᠵᠢᠭᠤᠯᠣᠨ ᠥᠷᠭᠡᠳᠬᠡᠵᠦ᠂ | ᠵᠠᠪᠡᠯ ᠱᠠᠭᠠᠷᠳᠠᠭᠳᠠᠬᠤ ᠠᠵᠢᠯᠲᠠᠨ᠂ ᠵᠠᠷᠤᠳᠠᠯ᠂ ᠲᠥᠬᠦᠭᠡᠷᠦᠮᠵᠢ᠂ ᠰᠦᠯᠵᠢᠶ᠎ᠡ ᠪᠠ ᠪᠣᠯᠪᠠᠰᠤᠷᠠᠯ ᠵᠡᠷᠭᠡ ᠠᠵᠢᠯ ᠤᠨ | ᠨᠥᠬᠦᠴᠡᠯ ᠢ ᠪᠠᠲᠤᠯᠠᠵᠤ᠂ ᠲᠤᠭ᠎ᠠ ᠪᠠᠷᠢᠮᠳᠠ ᠶᠢᠨ ᠡᠬᠢ ᠢᠷᠡᠯᠲᠡ ᠶᠢᠨ ᠶᠠᠰᠤ ᠴᠢᠨᠠᠷ ᠤᠨ ᠰᠠᠭᠤᠷᠢ ᠶᠢ ᠪᠠᠬᠢᠵᠢᠭᠦᠯᠭᠦ | ᠬᠡᠷᠡᠭᠲᠡᠶ᠃ | ᠬᠤᠷᠢᠨ ᠬᠤᠶᠠᠳᠤᠭᠠᠷ ᠵᠦᠢᠯ ᠰᠠᠯᠠᠭ᠎ᠠ ᠮᠥᠴᠢᠷ ᠤᠳ ᠲᠤᠭ᠎ᠠ ᠪᠦᠷᠢᠳᠬᠡᠯ ᠳᠤ ᠬᠤᠳᠠᠯ ᠬᠠᠭᠤᠷᠮᠠᠭ | ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠢᠳᠭᠡᠬᠦ ᠲᠠᠯ᠎ᠠ ᠳᠠᠬᠢ ᠭᠤᠤᠯ ᠴᠣᠭᠴᠠ ᠶᠢᠨ ᠬᠠᠷᠢᠭᠤᠴᠠᠯᠭ᠎ᠠ ᠪᠠᠨ | ᠬᠢᠨᠠᠮᠠᠭᠠᠶ ᠭᠦᠢᠴᠡᠳᠭᠡᠨ᠂ ᠲᠤᠭ᠎ᠠ ᠪᠦᠷᠢᠳᠬᠡᠯ ᠳᠤ ᠬᠤᠳᠠᠯ ᠬᠠᠭᠤᠷᠮᠠᠭ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ | ᠰᠢᠢᠳᠭᠡᠬᠦ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠲᠤᠭ᠎ᠠ ᠪᠦᠷᠢᠳᠬᠡᠯ ᠤᠨ ᠬᠠᠤᠯᠢ | ᠴᠠᠭᠠᠵᠠ ᠬᠠᠤᠯᠢ ᠲᠣᠭᠲᠠᠭᠠᠯ ᠪᠠ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠦᠨ᠂ | ᠲᠤᠰ ᠰᠢᠰᠲ᠋ᠧᠮ ᠤᠨ ᠪᠠᠶᠢᠩᠭᠤ ᠶᠢᠨ ᠴᠢᠨᠠᠷᠲᠠᠶ ᠲᠤᠭ᠎ᠠ ᠪᠦᠷᠢᠳᠬᠡᠯ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ | ᠬᠥᠮᠦᠵᠢᠯ ᠢᠶᠠᠨ ᠴᠢᠩᠭᠠᠳᠬᠠᠵᠤ᠂ ᠲᠤᠭ᠎ᠠ ᠪᠦᠷᠢᠳᠬᠡᠯ ᠳᠤ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ | ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ | ᠬᠠᠤᠯᠢ ᠶᠣᠰᠣᠭᠠᠷ ᠨᠡᠬᠡᠮᠵᠢᠯᠡᠬᠦ ᠬᠡᠷᠡᠭᠲᠡᠶ᠃ | ᠬᠤᠷᠢᠨ ᠭᠤᠷᠪᠠᠳᠤᠭᠠᠷ ᠵᠦᠢᠯ ᠰᠠᠯᠠᠭ᠎ᠠ ᠮᠥᠴᠢᠷ ᠨᠢ ᠲᠤᠭ᠎ᠠ ᠪᠦᠷᠢᠳᠬᠡᠯ ᠤᠨ ᠳ᠋ᠠᠶᠢᠲ᠋ᠠ ᠶᠢᠨ ᠶᠠᠰᠤ ᠴᠢᠨᠠᠷ ᠢ | ᠦᠨᠡᠯᠡᠨ ᠵᠢᠱᠢᠬᠦ ᠳᠦᠷᠢᠮ ᠢ ᠪᠠᠶᠢᠭᠤᠯᠵᠤ᠂ ᠳ᠋ᠠᠶᠢᠲ᠋ᠠ ᠶᠢᠨ ᠶᠠᠰᠤ ᠴᠢᠨᠠᠷ ᠢ ᠦᠨᠡᠯᠡᠨ ᠵᠢᠱᠢᠬᠦ ᠪᠠᠨ ᠲᠤᠭ᠎ᠠ ᠪᠠᠷᠢᠮᠳᠠ | ᠮᠡᠳᠡᠭᠦᠯᠭᠦ ᠪᠠ ᠨᠡᠶᠢᠲᠡᠯᠡᠬᠦ ᠠᠴᠠ ᠡᠮᠦᠨᠡᠬᠢ ᠵᠠᠪᠠᠯ ᠥᠩᠭᠡᠷᠡᠭᠡᠬᠦ ᠳᠡᠰ ᠳᠠᠷᠠᠭᠠᠯᠠᠯ ᠪᠣᠯᠭᠠᠨ᠂ ᠦᠨᠡᠯᠡᠨ ᠵᠢᠱᠢᠬᠦ | ᠠᠵᠢᠯ ᠨᠢ ᠵᠢᠷᠣᠮᠵᠢᠭᠤᠯᠣᠨ ᠨᠢᠭᠡᠳᠣᠯᠳᠠᠢ ᠪᠠᠶᠢᠬᠤ ᠬᠡᠷᠡᠭᠲᠡᠶ᠃ ᠬᠠᠤᠯᠢ ᠶᠣᠰᠣᠭᠠᠷ ᠪᠠᠶᠢᠴᠠᠭᠠᠭᠠᠳ ᠣᠯᠤᠭᠰᠠᠨ | ᠭᠤᠣᠯ ᠪᠣᠯᠬᠤ ᠲᠤᠭ᠎ᠠ ᠪᠦᠷᠢᠳᠬᠡᠯ ᠤᠨ ᠭᠦᠢᠴᠡᠳᠭᠡᠯ ᠲᠣᠭᠠᠨ ᠤ ᠳ᠋ᠠᠶᠢᠲ᠋ᠠ ᠳᠤ ᠰᠢᠨᠵᠢᠯᠡᠬᠦ ᠤᠬᠠᠭᠠᠨᠴᠢ ᠪᠠᠷ | ᠪᠦᠷᠢᠳᠭᠡᠬᠦ ᠠᠷᠭ᠎ᠠ ᠪᠠ ᠪᠦᠲᠦᠮᠵᠢᠲᠡᠶ ᠵᠣᠬᠢᠶᠠᠨ ᠪᠠᠶᠢᠭᠤᠯᠬᠤ ᠠᠷᠭ᠎ᠠ ᠮᠠᠶ᠋ᠢᠭ ᠢᠶᠠᠷ ᠶᠠᠰᠤ ᠴᠢᠨᠠᠷ ᠢ ᠨᠢ ᠦᠨᠡᠯᠡᠨ | ᠵᠢᠱᠢᠵᠦ᠂ ᠲᠤᠭ᠎ᠠ ᠪᠠᠷᠢᠮᠳᠠ ᠶᠢᠨ ᠬᠤᠭᠤᠷᠣᠨᠳᠣᠬᠢ ᠬᠤᠯᠪᠣᠭᠳᠠᠯᠳᠣ ᠴᠢᠨᠠᠷ᠂ ᠢᠵᠢᠯᠰᠢᠭᠦ ᠴᠢᠨᠠᠷ ᠪᠠ ᠯᠣᠭᠢᠭ | ᠴᠢᠨᠠᠷ ᠢ ᠣᠨᠣᠪᠴᠢᠲᠠᠶ ᠡᠵᠡᠮᠰᠢᠬᠦ ᠬᠡᠷᠡᠭᠲᠡᠶ᠃ | ᠬᠤᠷᠢᠨ ᠳᠥᠷᠪᠡᠳᠦᠭᠡᠷ ᠵᠦᠢᠯ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠮᠡᠳᠡᠭᠡ ᠵᠠᠩᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠤᠭ᠎ᠠ ᠪᠦᠷᠢᠳᠬᠡᠯ ᠤᠨ ᠠᠵᠢᠯ ᠤᠨ ᠪᠦᠬᠦ ᠶᠠᠪᠤᠴᠠ ᠶᠢ | ᠡᠯᠧᠺᠳ᠋ᠷᠤᠨᠴᠢᠯᠠᠬᠤ ᠪᠠ ᠰᠦᠯᠵᠢᠶᠡᠵᠢᠭᠦᠯᠬᠦ ᠶᠢ ᠪᠡᠶᠡᠯᠡᠭᠦᠯᠦᠨ᠂ ᠲᠤᠭ᠎ᠠ ᠪᠦᠷᠢᠳᠬᠡᠯ ᠤᠨ ᠦᠢᠯᠡᠣᠡᠪᠣᠷᠢᠯᠡᠭᠦ ᠬᠦᠴᠣᠨ | ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ | ᠮᠡᠷᠭᠡᠵᠢᠯ ᠤᠨ ᠠᠷᠭ᠎ᠠ ᠬᠡᠮᠵᠢᠶ᠎ᠡ ᠪᠠ ᠠᠵᠢᠯᠯᠠᠭᠤᠯᠤᠨ ᠬᠠᠮᠠᠭᠠᠯᠠᠬᠤ ᠠᠵᠢᠯ ᠢ ᠴᠢᠩᠭᠠᠳᠬᠠᠵᠤ᠂ ᠰᠦᠯᠵᠢᠶ᠎ᠡ ᠪᠠ | ᠳ᠋ᠠᠶᠢᠲ᠋ᠠ ᠶᠢᠨ ᠠᠮᠤᠷ ᠲᠦᠪᠰᠢᠨ ᠢ ᠦᠨᠡᠨ ᠬᠦ ᠪᠠᠳᠣᠯᠠᠬᠤ ᠬᠡᠷᠩᠳᠠᠢ᠃ | ᠳᠥᠷᠪᠡᠳᠦᠭᠡᠷ ᠪᠦᠯᠦᠭ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠤᠨ | ᠠᠵᠢᠯ ᠤᠨ ᠵᠢᠷᠤᠮᠵᠢᠯ ᠪᠠ ᠱᠠᠭᠠᠷᠳᠠᠯᠭ᠎ᠠ | ᠬᠤᠷᠢᠨ ᠲᠠᠪᠤᠳᠤᠭᠠᠷ ᠵᠦᠢᠯ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠤᠨ | ᠠᠵᠢᠯ ᠨᠢ ︽ᠭᠤᠷᠪᠠ ᠶᠢ ᠵᠢᠷᠤᠮᠵᠢᠭᠤᠯᠵᠤ ᠬᠤᠶᠠᠷ ᠢ ᠳᠡᠭᠡᠭᠰᠢᠯᠡᠭᠦᠯᠬᠦ︾ ︵ᠲᠤᠭ᠎ᠠ ᠪᠦᠷᠢᠳᠬᠡᠯ ᠤᠨ | ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠬᠤ᠂ ᠲᠤᠭ᠎ᠠ ᠪᠦᠷᠢᠳᠬᠡᠯ ᠤᠨ ᠡᠭᠦᠷᠭᠡ ᠴᠢᠳᠠᠪᠤᠷᠢ ᠲᠣᠰᠢᠶᠠᠯ | ᠬᠠᠷᠢᠭᠤᠴᠠᠯᠭ᠎ᠠ ᠶᠢ ᠵᠢᠷᠤᠮᠵᠢᠭᠤᠯᠬᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠴᠤᠪᠤᠷᠠᠯ ᠢ ᠵᠢᠷᠤᠮᠵᠢᠭᠤᠯᠬᠤ᠂ | ᠬᠠᠤᠯᠢ ᠶᠣᠰᠣᠭᠠᠷ ᠲᠤᠭ᠎ᠠ ᠪᠦᠷᠢᠳᠬᠡᠯ ᠬᠢᠬᠦ ᠴᠢᠳᠠᠪᠤᠷᠢ ᠪᠠᠨ ᠳᠡᠭᠡᠭᠰᠢᠯᠡᠭᠦᠯᠬᠦ᠂ ᠲᠤᠭ᠎ᠠ ᠪᠦᠷᠢᠳᠬᠡᠯ ᠤᠨ ᠠᠵᠢᠯ ᠤᠨ | ᠰᠢᠯᠭᠠᠨ ᠬᠢᠨᠠᠬᠤ ᠬᠦᠴᠦᠯᠡᠴᠡ ᠪᠠᠨ ᠳᠡᠭᠡᠭᠰᠢᠯᠡᠭᠦᠯᠬᠦ︶ ᠪᠠᠷ ᠬᠠᠷᠠᠯᠲᠠ ᠪᠠᠨ ᠪᠣᠯᠭᠠᠵᠤ᠂ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠤᠨ ᠠᠵᠢᠯ ᠤᠨ ᠬᠢᠷᠢ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠬᠦ ᠬᠡᠷᠡᠭᠲᠡᠶ᠃ | ᠬᠤᠷᠢᠨ ᠵᠢᠷᠭᠤᠳᠤᠭᠠᠷ ᠵᠦᠢᠯ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ ᠨᠢ ᠲᠤᠭ᠎ᠠ ᠪᠦᠷᠢᠳᠬᠡᠯ ᠤᠨ ᠠᠵᠢᠯ ᠤᠨ ᠪᠠᠶᠢᠭᠤᠯᠤᠮᠵᠢ ᠶᠢ ᠲᠣᠳᠣᠷᠬᠠᠶ ᠵᠣᠬᠢᠶᠠᠨ ᠪᠠᠶᠢᠭᠤᠯᠤᠨ | ᠵᠣᠬᠢᠴᠠᠭᠤᠯᠵᠤ᠂ ᠲᠤᠭ᠎ᠠ ᠪᠦᠷᠢᠳᠬᠡᠯ ᠤᠨ ᠠᠵᠢᠯ ᠤᠨ ᠬᠠᠷᠢᠭᠤᠴᠠᠯᠭᠠᠲᠠᠨ ᠢ ᠵᠢᠭᠠᠨ ᠲᠣᠭᠲᠠᠭᠠᠬᠤ ᠬᠡᠷᠡᠭᠲᠡᠶ᠃ | ᠬᠦᠷᠢᠶᠡᠯᠡᠩ ᠲᠣᠭᠤᠷᠢᠭ ᠲᠠᠬᠢ ᠲᠤᠭ᠎ᠠ ᠪᠦᠷᠢᠳᠬᠡᠯ ᠤᠨ ᠠᠵᠢᠯ ᠤᠨ ᠡᠭᠦᠷᠭᠡ ᠶᠢᠨ ᠬᠡᠮᠵᠢᠶ᠎ᠡ ᠪᠠᠨ ᠦᠨᠳᠦᠰᠦᠯᠡᠨ᠂ | ᠲᠤᠰᠬᠠᠶ ᠲᠣᠰᠢᠶᠠᠯᠳᠣ ᠪᠠ ᠲᠤᠰᠢᠶᠠᠯ ᠬᠠᠪᠰᠤᠷᠭᠠᠭᠰᠠᠨ ᠲᠤᠭ᠎ᠠ ᠪᠦᠷᠢᠳᠬᠡᠯ ᠤᠨ ᠠᠵᠢᠯᠲᠠᠨ ᠢᠶᠠᠨ ᠵᠦᠢ ᠵᠣᠬᠢᠰᠲᠠᠶ | ᠲᠣᠬᠢᠷᠠᠭᠤᠯᠬᠤ ᠶᠢᠨ ᠬᠠᠮᠲᠤ ᠬᠠᠷᠢᠴᠠᠩᠭᠤᠶ ᠲᠣᠭᠲᠠᠭᠤᠨ ᠪᠠᠶᠢᠬᠤ ᠶᠢ ᠪᠠᠲᠤᠯᠠᠵᠤ᠂ ᠲᠤᠭ᠎ᠠ ᠪᠦᠷᠢᠳᠬᠡᠯ ᠤᠨ | ᠠᠵᠢᠯᠲᠠᠨ ᠳᠤ ᠬᠤᠪᠢᠷᠠᠯᠲᠠ ᠭᠠᠷᠪᠠᠯ ᠠᠳᠠᠯᠢ ᠱᠠᠲᠤᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ | ᠪᠠᠶᠢᠭᠤᠯᠤᠮᠵᠢ ᠶᠢᠨ ᠵᠥᠪᠰᠢᠶᠡᠷᠡᠯ ᠢ ᠣᠯᠬᠤ ᠶᠢᠨ ᠬᠠᠮᠲᠤ ᠠᠵᠢᠯ ᠢᠶᠠᠨ ᠰᠠᠶᠢᠲᠤᠷ ᠲᠤᠰᠢᠶᠠᠬᠤ ᠪᠠ ᠬᠦᠯᠢᠶᠡᠨ ᠠᠪᠬᠤ | ᠬᠡᠷᠡᠭᠲᠡᠶ᠃ ᠲᠤᠭ᠎ᠠ ᠪᠦᠷᠢᠳᠬᠡᠯ ᠤᠨ ᠠᠵᠢᠯ ᠢ ᠬᠡᠪ ᠤᠨ ᠶᠣᠰᠣᠭᠠᠷ ᠥᠷᠨᠢᠭᠦᠯᠬᠦ ᠦᠨᠳᠦᠰᠦᠨ ᠨᠥᠬᠦᠴᠡᠯ ᠢ ᠨᠢ | ᠪᠦᠷᠢᠯᠳᠦᠭᠦᠯᠬᠦ ᠶᠢ ᠪᠠᠲᠤᠯᠠᠵᠤ᠂ ᠪᠠᠶᠢᠭᠤᠯᠤᠮᠵᠢ᠂ ᠠᠵᠢᠯᠲᠠᠨ᠂ ᠵᠠᠷᠤᠳᠠᠯ᠂ ᠲᠥᠬᠦᠭᠡᠷᠦᠮᠵᠢ᠂ ᠲᠤᠤᠷ ᠰᠦᠯᠵᠢᠶ᠎ᠡ ᠪᠠ | ᠠᠵᠢᠯᠯᠠᠬᠤ ᠭᠠᠵᠠᠷ ᠲᠠᠯᠠᠪᠠᠢ ᠵᠡᠷᠭᠡ ᠵᠢᠷᠭᠤᠭᠠᠨ ᠲᠠᠯ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ | ᠬᠤᠷᠢᠨ ᠳᠣᠯᠣᠳᠤᠭᠠᠷ ᠵᠦᠢᠯ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠭ᠎ᠠ | ᠪᠦᠷᠢᠳᠬᠡᠯ ᠤᠨ ᠲᠤᠬᠠᠶᠢᠯᠠᠭᠰᠠᠨ ᠠᠵᠢᠯ ᠨᠢ ᠠᠳᠠᠯᠢ ᠱᠠᠲᠤᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ | ᠪᠠᠶᠢᠭᠤᠯᠤᠮᠵᠢ ᠶᠢᠨ ᠵᠢᠯᠣᠭᠤᠳᠣᠯᠭ᠎ᠠ ᠶᠢ ᠬᠦᠯᠢᠶᠡᠵᠦ᠂ ᠡᠯ᠎ᠡ ᠵᠦᠢᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ | ᠡᠭᠦᠷᠭᠡ ᠶᠢ ᠪᠡᠶᠡᠯᠡᠭᠦᠯᠬᠦ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠤᠯᠤᠰ ᠤᠨ ᠪᠠᠶᠢᠳᠠᠯ ᠤᠯᠤᠰ ᠤᠨ | ᠬᠦᠴᠦᠨ ᠤ ᠲᠠᠯ᠎ᠠ ᠳᠠᠬᠢ ᠴᠢᠬᠤᠯᠠ ᠶᠡᠭᠡ ᠨᠡᠶᠢᠳᠡᠮ ᠪᠠᠶᠢᠴᠠᠭᠠᠯᠲᠠ ᠵᠢᠴᠢ ᠲᠤᠰᠬᠠᠶ ᠵᠦᠢᠯ ᠤᠨ ᠪᠠᠶᠢᠴᠠᠭᠠᠯᠲᠠ ᠳᠤ | ᠢᠳᠡᠪᠬᠢᠲᠡᠶ ᠣᠷᠣᠯᠴᠠᠬᠤ ᠬᠡᠷᠡᠭᠲᠡᠶ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ ᠨᠢ ᠲᠤᠭ᠎ᠠ ᠪᠦᠷᠢᠳᠬᠡᠯ ᠤᠨ ᠠᠵᠢᠯ ᠤᠨ ᠲᠥᠯᠥᠪᠯᠡᠭᠡ᠂ ᠮᠡᠳᠡᠭᠦᠯᠣᠯᠳᠡ ᠶᠢᠨ ᠬᠦᠰᠦᠨᠦᠭᠲᠦ ᠶᠢᠨ ᠳᠦᠷᠢᠮ ᠢ | ᠬᠡᠷᠡᠭᠵᠢᠭᠦᠯᠵᠦ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠬᠤ | ᠬᠡᠷᠡᠭᠲᠡᠶ᠃ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠲᠤᠭ᠎ᠠ | ᠪᠦᠷᠢᠳᠬᠡᠯ ᠤᠨ ᠠᠵᠢᠯ ᠢ ᠡᠭᠦᠷᠭᠡᠯᠡᠵᠦ ᠪᠦᠭᠦᠢ ᠪᠠᠶᠢᠭᠤᠯᠤᠮᠵᠢ ᠨᠢ ᠬᠦᠷᠢᠶᠡᠯᠡᠩ ᠲᠣᠭᠤᠷᠢᠭ ᠤᠨ ᠦᠨᠳᠦᠰᠦᠨ | ᠨᠢᠭᠡᠴᠢ ᠶᠢᠨ ᠨᠡᠷ᠎ᠡ ᠶᠢᠨ ᠵᠢᠭᠰᠠᠭᠠᠯᠲᠠ ᠶᠢᠨ ᠬᠥᠮᠥᠷᠭᠡ ᠶᠢ ᠰᠢᠨᠡᠳᠬᠡᠨ ᠬᠠᠮᠠᠭᠠᠯᠠᠬᠤ ᠠᠵᠢᠯ ᠢ ᠴᠠᠭ ᠲᠤᠬᠠᠶ ᠳᠤ ᠨᠢ | ᠰᠠᠶᠢᠲᠤᠷ ᠬᠢᠵᠦ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯᠲᠠᠨ ᠤ ᠮᠡᠳᠡᠭᠡ ᠵᠠᠩᠭᠢ ᠶᠢᠨ ᠬᠥᠮᠥᠷᠭᠡ ᠶᠢ | ᠪᠠᠶᠢᠭᠤᠯᠤᠨ ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠲᠠᠬᠢ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ | ᠠᠵᠢᠯᠲᠠᠨ ᠤ ᠦᠨᠳᠦᠰᠦᠨ ᠮᠡᠳᠡᠭᠡ ᠵᠠᠩᠭᠢ ᠶᠢ ᠤᠯᠠᠷᠢᠯ ᠢᠶᠠᠷ ᠬᠥᠳᠡᠯᠦᠩᠭᠦᠶ ᠰᠢᠨᠡᠳᠬᠡᠬᠦ ᠬᠡᠷᠡᠭᠲᠡᠶ᠃ ᠬᠦᠷᠢᠶᠡᠯᠡᠩ | ᠲᠣᠭᠤᠷᠢᠭ ᠤᠨ ᠲᠤᠭ᠎ᠠ ᠪᠦᠷᠢᠳᠬᠡᠯ ᠤᠨ ᠮᠡᠳᠡᠭᠡ ᠵᠠᠩᠭᠢᠴᠢᠯᠠᠬᠤ ᠪᠦᠳᠣᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠲᠤᠭ᠎ᠠ ᠪᠦᠷᠢᠳᠬᠡᠯ ᠤᠨ ᠠᠵᠢᠯ ᠤᠨ ᠪᠦᠬᠦ ᠶᠠᠪᠤᠴᠠ ᠶᠢ ᠡᠯᠧᠺᠳ᠋ᠷᠣᠨᠴᠢᠯᠠᠬᠤ᠂ ᠰᠦᠯᠵᠢᠶᠡᠵᠢᠭᠦᠯᠬᠦ ᠶᠢ | ᠪᠡᠶᠡᠯᠡᠭᠦᠯᠬᠦ ᠬᠡᠷᠡᠭᠲᠡᠶ᠃ ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠤᠨ ᠠᠵᠢᠯᠲᠠᠨ ᠵᠠᠰᠠᠭ ᠤᠨ ᠣᠷᠳᠣᠨ ᠤ | ᠲᠤᠭ᠎ᠠ ᠪᠦᠷᠢᠳᠬᠡᠯ ᠤᠨ ᠪᠠᠶᠢᠭᠤᠯᠤᠮᠵᠢ ᠠᠴᠠ ᠵᠣᠬᠢᠶᠠᠨ ᠪᠠᠶᠢᠭᠤᠯᠤᠭᠰᠠᠨ ᠪᠣᠯᠪᠠᠰᠤᠷᠠᠯ ᠳᠤ ᠢᠳᠡᠪᠬᠢᠲᠡᠶ ᠣᠷᠣᠯᠴᠠᠵᠤ | ᠂ ᠬᠦᠷᠢᠶᠡᠯᠡᠩ ᠲᠣᠭᠤᠷᠢᠭ ᠲᠠᠬᠢ ᠠᠵᠤ ᠠᠬᠤᠶᠢᠯᠠᠯ ᠢ ᠵᠢᠯᠣᠭᠤᠳᠤᠨ ᠰᠢᠮᠳᠠᠭᠤᠯᠵᠤ ᠪᠠᠶᠢᠭᠠᠳ ᠲᠤᠭ᠎ᠠ | ᠪᠦᠷᠢᠳᠬᠡᠯ ᠤᠨ ᠠᠩᠬᠠᠨ ᠤ ᠲᠡᠮᠳᠡᠭᠯᠡᠯ ᠪᠠ ᠴᠠᠭᠠᠰᠤᠨ ᠤ ᠪᠤᠶᠤ ᠡᠯᠧᠺᠳ᠋ᠷᠣᠨ ᠲᠤᠭ᠎ᠠ ᠪᠦᠷᠢᠳᠬᠡᠯ ᠤᠨ ᠡᠬᠡ | ᠳᠠᠩᠰᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ | ᠬᠤᠷᠢᠨ ᠨᠠᠶ᠋ᠮᠠᠳᠤᠭᠠᠷ ᠵᠦᠢᠯ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ ᠤᠨ ᠲᠤᠭ᠎ᠠ ᠪᠦᠷᠢᠳᠬᠡᠯ ᠤᠨ ᠠᠵᠢᠯ ᠢ ᠳᠠᠭᠠᠭᠠᠨ ᠡᠭᠦᠷᠭᠡᠯᠡᠵᠣ ᠪᠦᠭᠦᠢ ᠪᠠᠶᠢᠭᠤᠯᠤᠮᠵᠢ ᠨᠢ ᠬᠦᠷᠢᠶᠡᠯᠡᠩ | ᠲᠣᠭᠤᠷᠢᠭ ᠲᠠᠬᠢ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ ᠢ ᠬᠢᠨᠠᠮᠠᠭᠠᠶ | ᠬᠡᠷᠡᠭᠵᠢᠭᠦᠯᠬᠦ ᠳᠤ ᠬᠢᠨᠠᠯᠲᠠ ᠲᠠᠯᠪᠢᠵᠤ᠂ ᠮᠡᠳᠡᠭᠦᠯᠭᠦ ᠳᠤ ᠣᠳᠠᠭᠠᠰᠢᠷᠠᠭᠰᠠᠨ ᠪᠠᠶᠢᠴᠠᠭᠠᠯᠲᠠ ᠶᠢᠨ ᠨᠢᠭᠡᠴᠢ ᠶᠢ | ᠮᠡᠳᠡᠭᠦᠯᠬᠦ ᠪᠠᠷ ᠱᠠᠭᠠᠷᠳᠠᠬᠤ ᠬᠡᠷᠩᠳᠠᠢ︔ ᠣᠯᠠᠡᠳᠡ ᠣᠳᠠᠭᠠᠰᠢᠷᠠᠭᠤᠯᠣᠨ ᠮᠡᠳᠡᠭᠦᠯᠭᠦ᠂ ᠮᠡᠳᠡᠭᠦᠯᠬᠦ ᠶᠢ ᠲᠡᠪᠴᠢᠭᠰᠡᠨ | ᠵᠢᠴᠢ ᠦᠨᠡᠨ ᠪᠣᠳᠠᠲᠠᠶ ᠪᠢᠰᠢ ᠪᠤᠶᠤ ᠪᠦᠷᠢᠨ ᠭᠦᠢᠴᠡᠳ ᠪᠤᠰᠤ ᠮᠠᠲ᠋ᠧᠷᠢᠶᠠᠯ ᠬᠠᠩᠭᠠᠭᠰᠠᠨ ᠪᠠᠶᠢᠴᠠᠭᠠᠯᠲᠠ ᠶᠢᠨ | ᠨᠢᠭᠡᠴᠢ ᠳᠤ ᠰᠢᠭᠦᠮᠵᠢᠯᠡᠯ ᠦᠭᠴᠦ᠂ ᠬᠦᠮᠣᠵᠢᠯ ᠬᠦᠷᠳᠡᠭᠡᠭᠦ ᠶᠢᠨ ᠬᠠᠮᠲᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ | ᠰᠠᠶᠢᠵᠢᠷᠠᠭᠤᠯᠬᠤ ᠬᠡᠷᠩᠳᠡᠢ︔ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ᠂ ᠠᠳᠠᠯᠢ ᠱᠠᠲᠤᠨ ᠤ ᠵᠠᠰᠠᠭ ᠤᠨ | ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠳᠤ ᠮᠡᠳᠡᠭᠦᠯᠦᠨ ᠬᠠᠤᠯᠢ ᠶᠣᠰᠣᠭᠠᠷ ᠬᠡᠷᠡᠭ ᠢᠶᠠᠷ ᠪᠠᠶᠢᠴᠠᠭᠠᠨ | ᠰᠢᠢᠳᠪᠦᠷᠢᠯᠡᠬᠦ ᠬᠡᠷᠡᠭᠲᠡᠶ᠃ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠳᠤᠷᠠᠳᠤᠨ | ᠭᠠᠷᠭᠠᠭᠰᠠᠨ ᠪᠠᠶᠢᠴᠠᠭᠠᠨ ᠯᠠᠪᠯᠠᠬᠤ ᠵᠦᠢᠯᠡᠰ ᠢ ᠲᠣᠭᠲᠠᠭᠰᠠᠨ ᠬᠤᠭᠤᠴᠠᠭᠠᠨ ᠳᠤ ᠬᠠᠷᠭᠤᠭᠤᠯᠤᠨ ᠪᠠᠶᠢᠴᠠᠭᠠᠵᠤ᠂ | ᠬᠠᠷᠢᠭᠤ ᠥᠭᠬᠦ ᠬᠡᠷᠡᠭᠲᠡᠶ᠃ | ᠬᠤᠷᠢ ᠶᠢᠰᠦᠳᠦᠭᠡᠷ ᠵᠦᠢᠯ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ ᠤᠨ ᠲᠤᠭ᠎ᠠ ᠪᠦᠷᠢᠳᠬᠡᠯ ᠤᠨ ᠠᠵᠢᠯ ᠢ ᠳᠠᠭᠠᠭᠠᠨ ᠡᠭᠦᠷᠭᠡᠯᠡᠵᠣ ᠪᠠᠶᠢᠭ᠎ᠠ ᠪᠠᠶᠢᠭᠤᠯᠤᠮᠵᠢ ᠨᠢ ᠲᠤᠭ᠎ᠠ | ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠳᠦᠷᠢᠮ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ | ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ ᠬᠠᠭᠤᠷᠮᠠᠭ ᠢᠶᠠᠷ ᠵᠣᠬᠢᠶᠠᠬᠤ ᠶᠢ ᠰᠡᠷᠭᠡᠶᠢᠯᠡᠨ ᠵᠠᠯᠬᠠᠭᠠᠬᠤ | ᠬᠠᠷᠢᠭᠤᠴᠠᠯᠭ᠎ᠠ ᠶᠢᠨ ᠳᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠶᠠᠮᠠᠷᠪᠠ ᠠᠷᠭ᠎ᠠ ᠬᠡᠯᠪᠡᠷᠢ ᠪᠠᠷ ᠬᠦᠷᠢᠶᠡᠯᠡᠩ | ᠲᠣᠭᠤᠷᠢᠭ ᠲᠠᠬᠢ ᠠᠵᠤ ᠠᠬᠤᠶᠢᠯᠠᠯ ᠢ ᠦᠨᠡᠨ ᠪᠣᠳᠠᠲᠠᠶ ᠪᠢᠰᠢ ᠲᠤᠭ᠎ᠠ ᠪᠦᠷᠢᠳᠬᠡᠯ ᠤᠨ ᠲᠤᠭ᠎ᠠ ᠪᠠᠷᠢᠮᠳᠠ | ᠬᠠᠩᠭᠠᠬᠤ ᠪᠠᠷ ᠱᠠᠭᠠᠷᠳᠠᠵᠤ ᠪᠣᠯᠬᠤ ᠦᠭᠡᠶ᠂ ᠲᠤᠭ᠎ᠠ ᠪᠦᠷᠢᠳᠬᠡᠯ ᠤᠨ ᠲᠤᠭ᠎ᠠ ᠪᠠᠷᠢᠮᠳᠠ ᠶᠢ ᠲᠣᠭᠲᠠᠭᠠᠯ ᠠᠴᠠ | ᠵᠥᠷᠢᠴᠡᠨ ᠣᠷᠣᠯᠠᠨ ᠲᠠᠭᠯᠠᠵᠤ ᠣᠷᠣᠯᠠᠨ ᠮᠡᠳᠡᠭᠦᠯᠵᠦ ᠪᠣᠯᠬᠤ ᠦᠭᠡᠶ᠃ ᠬᠦᠷᠢᠶᠡᠯᠡᠩ ᠲᠣᠭᠤᠷᠢᠭ ᠲᠠᠬᠢ ᠲᠤᠭ᠎ᠠ | ᠪᠦᠷᠢᠳᠬᠡᠯ ᠤᠨ ᠬᠠᠤᠯᠢ ᠪᠠᠷ ᠵᠠᠰᠠᠬᠤ ᠲᠠᠯ᠎ᠠ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠲᠤᠭ᠎ᠠ ᠪᠦᠷᠢᠳᠬᠡᠯ ᠤᠨ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠴᠠᠭ ᠲᠤᠬᠠᠶ ᠳᠤ ᠨᠢ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ | ᠪᠠᠶᠢᠭᠤᠯᠤᠮᠵᠢ ᠳᠤ ᠮᠡᠳᠡᠭᠦᠯᠵᠦ᠂ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠲᠤᠭ᠎ᠠ | ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠪᠠᠶᠢᠴᠠᠭᠠᠬᠤ ᠪᠠ ᠲᠤᠭ᠎ᠠ ᠪᠦᠷᠢᠳᠬᠡᠯ ᠤᠨ | ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠥᠷᠨᠢᠭᠦᠯᠬᠦ ᠳᠤ | ᠬᠠᠮᠵᠢᠬᠤ ᠬᠡᠷᠡᠭᠲᠡᠶ᠃ | ᠭᠤᠴᠢᠳᠤᠭᠠᠷ ᠵᠦᠢᠯ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ᠲᠤᠭ᠎ᠠ ᠪᠦᠷᠢᠳᠬᠡᠯ ᠤᠨ ᠠᠵᠢᠯ ᠢ ᠬᠦᠷᠢᠶᠡᠯᠡᠩ ᠲᠣᠭᠤᠷᠢᠭ ᠤᠨ ᠠᠵᠢᠯ ᠤᠨ ᠰᠢᠯᠭᠠᠨ ᠬᠢᠨᠠᠬᠤ | ᠠᠭᠤᠯᠭ᠎ᠠ ᠳᠤ ᠣᠷᠣᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠤᠨ | ᠠᠵᠢᠯ ᠥᠷᠨᠢᠭᠦᠯᠦᠭᠰᠡᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠬᠦ ᠪᠠ ᠰᠢᠯᠭᠠᠨ ᠬᠢᠨᠠᠬᠤ | ᠬᠡᠷᠡᠭᠲᠡᠶ᠃ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠣᠭᠲᠠᠭᠠᠯ ᠳᠦᠷᠢᠮ ᠢ | ᠬᠡᠷᠡᠭᠵᠢᠭᠦᠯᠦᠭᠰᠡᠨ᠂ ᠲᠤᠭ᠎ᠠ ᠪᠦᠷᠢᠳᠬᠡᠯ ᠤᠨ ᠠᠷᠭ᠎ᠠ ᠪᠠᠷᠢᠯ ᠢ ᠲᠡᠭᠦᠯᠳᠡᠷᠵᠢᠭᠦᠯᠦᠭᠰᠡᠨ᠂ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢᠨ ᠡᠭᠦᠷᠭᠡ ᠪᠠᠨ ᠪᠡᠶᠡᠯᠡᠭᠦᠯᠦᠭᠰᠡᠨ ᠵᠡᠷᠭᠡ ᠲᠠᠯ᠎ᠠ ᠪᠠᠷ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ | ᠨᠢᠭᠡᠴᠢ ᠪᠠ ᠬᠤᠪᠢ ᠬᠥᠮᠦᠨ ᠢ ᠨᠡᠪᠲᠡᠷᠡᠭᠦᠯᠦᠨ ᠮᠡᠳᠡᠭᠡᠯᠡᠵᠦ ᠰᠠᠶᠢᠰᠢᠶᠠᠬᠤ ᠬᠡᠷᠡᠭᠲᠡᠶ᠃ ᠬᠦᠷᠢᠶᠡᠯᠡᠩ ᠲᠣᠭᠤᠷᠢᠭ ᠤᠨ | ᠲᠤᠭ᠎ᠠ ᠪᠦᠷᠢᠳᠬᠡᠯ ᠤᠨ ᠠᠵᠢᠯ ᠤᠨ ᠳᠤᠮᠳᠠ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ | ᠲᠣᠭᠲᠠᠭᠠᠯ ᠳᠦᠷᠢᠮ ᠠᠴᠠ ᠵᠥᠷᠢᠴᠡᠭᠰᠡᠨ ᠵᠡᠷᠭᠡ ᠠᠰᠠᠭᠤᠳᠠᠯ ᠭᠠᠷᠭᠠᠭᠰᠠᠨ ᠨᠢᠭᠡᠴᠢ ᠪᠠ ᠬᠤᠪᠢ ᠬᠥᠮᠦᠨ ᠢ ᠬᠠᠤᠯᠢ | ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠶ᠃ | ᠲᠠᠪᠤᠳᠤᠭᠠᠷ ᠪᠦᠯᠦᠭ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯ ᠤᠨ ᠵᠢᠷᠤᠮᠵᠢᠯ ᠪᠠ | ᠱᠠᠭᠠᠷᠳᠠᠯᠭ᠎ᠠ | ᠭᠤᠴᠢᠨ ᠨᠢᠭᠡᠳᠦᠭᠡᠷ ᠵᠦᠢᠯ ᠠᠵᠤ ᠠᠬᠤᠶᠢᠯᠠᠯ ᠤᠳ ︽ᠭᠤᠷᠪᠠ ᠶᠢ ᠵᠢᠷᠤᠮᠵᠢᠭᠤᠯᠵᠤ ᠳᠥᠷᠪᠡ ᠶᠢ | ᠴᠢᠩᠭᠠᠷᠠᠭᠤᠯᠬᠤ︾ ︵ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢ ᠵᠢᠷᠤᠮᠵᠢᠭᠤᠯᠬᠤ᠂ ᠠᠵᠤ | ᠠᠬᠤᠶᠢᠯᠠᠯ ᠤᠨ ᠲᠤᠭ᠎ᠠ ᠪᠦᠷᠢᠳᠬᠡᠯ ᠤᠨ ᠦᠢᠯᠡ ᠠᠵᠢᠯᠯᠠᠭ᠎ᠠ ᠶᠢ ᠵᠢᠷᠤᠮᠵᠢᠭᠤᠯᠬᠤ᠂ ᠠᠵᠤ ᠠᠬᠤᠶᠢᠯᠠᠯ ᠤᠨ ᠲᠤᠭ᠎ᠠ | ᠪᠦᠷᠢᠳᠬᠡᠯ ᠤᠨ ᠠᠵᠢᠯᠲᠠᠨ ᠤ ᠪᠣᠯᠪᠠᠰᠤᠷᠠᠯ ᠢ ᠵᠢᠷᠤᠮᠵᠢᠭᠤᠯᠬᠤ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ | ᠳ᠋ᠠᠶᠢᠲ᠋ᠠ ᠶᠢᠨ ᠶᠠᠰᠤ ᠴᠢᠨᠠᠷ ᠤᠨ ᠬᠠᠷᠢᠭᠤᠴᠠᠯᠭ᠎ᠠ ᠶᠢᠨ ᠳᠦᠷᠢᠮ ᠢ ᠴᠢᠩᠭᠠᠷᠠᠭᠤᠯᠬᠤ᠂ ᠠᠵᠤ ᠠᠬᠤᠶᠢᠯᠠᠯ ᠤᠨ ᠲᠤᠭ᠎ᠠ | ᠪᠦᠷᠢᠳᠬᠡᠯ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠷᠠᠭᠤᠯᠬᠤ᠂ ᠠᠵᠤ ᠠᠬᠤᠶᠢᠯᠠᠯ ᠤᠨ ᠲᠤᠭ᠎ᠠ | ᠪᠦᠷᠢᠳᠬᠡᠯ ᠤᠨ ᠶᠡᠷᠦᠩᠬᠡᠶᠢᠯᠡᠭᠰᠡᠨ ᠪᠠᠲᠤᠯᠠᠭ᠎ᠠ ᠶᠢ ᠴᠢᠩᠭᠠᠷᠠᠭᠤᠯᠬᠤ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ | ᠱᠠᠩᠨᠠᠵᠤ ᠲᠣᠷᠭᠠᠬᠤ ᠳᠦᠷᠢᠮ ᠢ ᠴᠢᠩᠭᠠᠷᠠᠭᠤᠯᠬᠤ︶ ᠪᠠᠷ ᠬᠠᠷᠠᠯᠲᠠ ᠪᠠᠨ ᠪᠣᠯᠭᠠᠵᠤ᠂ ᠲᠤᠭ᠎ᠠ ᠪᠦᠷᠢᠳᠬᠡᠯ ᠤᠨ | ᠮᠡᠳᠡᠭᠦᠯᠣᠯᠳᠡ ᠶᠢᠨ ᠬᠦᠰᠦᠨᠦᠭᠲᠦ ᠶᠢᠨ ᠣᠨᠣᠪᠴᠢᠲᠤ ᠴᠢᠨᠠᠷ ᠪᠠ ᠴᠠᠭ ᠬᠤᠭᠤᠴᠠᠭᠠᠲᠤ ᠴᠢᠨᠠᠷ ᠢ ᠪᠠᠲᠤᠯᠠᠬᠤ ᠬᠡᠷᠡᠭᠲᠡᠶ | ᠃ | ᠭᠤᠴᠢᠨ ᠬᠤᠶᠠᠳᠤᠭᠠᠷ ᠵᠦᠢᠯ ︽ᠬᠡᠪᠴᠢᠶ᠎ᠠ ᠠᠴᠠ ᠳᠡᠭᠡᠭᠰᠢᠬᠢ ᠠᠵᠤ ᠦᠢᠯᠡᠳᠪᠦᠷᠢ ᠠᠵᠤ ᠠᠬᠤᠶᠢᠯᠠᠯ᠂ | ᠬᠢᠷᠢ ᠬᠡᠮ ᠤᠨ ᠲᠠᠰ ᠤᠨ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂ ᠬᠢᠵᠠᠭᠠᠷᠯᠠᠭᠰᠠᠨ ᠲᠤᠭ᠎ᠠ ᠠᠴᠠ | ᠳᠡᠭᠡᠭᠰᠢᠬᠢ ᠪᠥᠭᠡᠮ ᠢᠶᠠᠷ ᠬᠤᠳᠠᠯᠳᠤᠬᠤ ᠵᠢᠵᠢᠭᠯᠡᠨ ᠬᠤᠳᠠᠯᠳᠤᠬᠤ ᠪᠠ ᠬᠤᠨᠤᠭ ᠪᠠᠭᠤᠳᠠᠯ ᠬᠤᠭᠤᠯᠠ ᠢᠳᠡᠭᠡᠨ ᠤ | ᠠᠵᠤ ᠠᠬᠤᠶᠢᠯᠠᠯ᠂ ᠤᠯᠤᠰ ᠤᠨ ᠭᠤᠤᠯᠳᠠᠯᠭ᠎ᠠ ᠲᠠᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ︾ ᠵᠢᠴᠢ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠨᠢᠭᠡᠴᠢ ᠨᠢ ᠲᠤᠭ᠎ᠠ ᠪᠦᠷᠢᠳᠬᠡᠯ ᠤᠨ | ᠪᠠᠶᠢᠭᠤᠯᠤᠮᠵᠢ ᠪᠠᠶᠢᠭᠤᠯᠬᠤ ᠪᠤᠶᠤ ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠬᠤ ᠰᠠᠯᠠᠭ᠎ᠠ ᠮᠥᠴᠢᠷ ᠢᠶᠠᠨ | ᠲᠣᠳᠣᠷᠬᠠᠶᠢᠯᠠᠬᠤ ᠶᠢᠨ ᠬᠠᠮᠲᠤ᠂ ᠲᠤᠭ᠎ᠠ ᠪᠦᠷᠢᠳᠬᠡᠯ ᠤᠨ ᠬᠠᠷᠢᠭᠤᠴᠠᠯᠭᠠᠲᠠᠨ ᠢᠶᠠᠨ ᠵᠢᠭᠠᠨ ᠲᠣᠭᠲᠠᠭᠠᠵᠤ᠂ ᠲᠤᠰᠬᠠᠶ | ᠲᠣᠰᠢᠶᠠᠯᠳᠣ ᠪᠠ ᠲᠤᠰᠢᠶᠠᠯ ᠬᠠᠪᠰᠤᠷᠭᠠᠭᠰᠠᠨ ᠲᠤᠭ᠎ᠠ ᠪᠦᠷᠢᠳᠬᠡᠯ ᠤᠨ ᠠᠵᠢᠯᠲᠠᠨ ᠲᠣᠬᠢᠷᠠᠭᠤᠯᠬᠤ ᠬᠡᠷᠡᠭᠲᠡᠶ᠃ | ᠪᠤᠰᠤᠳ ᠬᠡᠪᠴᠢᠶᠡᠨ ᠤ ᠠᠵᠤ ᠠᠬᠤᠶᠢᠯᠠᠯ ᠨᠢ ᠦᠢᠯᠡᠳᠪᠦᠷᠢᠯᠡᠯ ᠡᠵᠡᠩᠨᠡᠯᠲᠡ ᠶᠢᠨ ᠬᠡᠪᠴᠢᠶ᠎ᠡ ᠪᠠᠨ ᠦᠨᠳᠦᠰᠦᠯᠡᠨ | ᠲᠤᠰᠢᠶᠠᠯ ᠬᠠᠪᠰᠤᠷᠭᠠᠭᠰᠠᠨ ᠲᠤᠭ᠎ᠠ ᠪᠦᠷᠢᠳᠬᠡᠯ ᠤᠨ ᠠᠵᠢᠯᠲᠠᠨ ᠲᠣᠬᠢᠷᠠᠭᠤᠯᠬᠤ ᠶᠢᠨ ᠬᠠᠮᠲᠤ᠂ ᠲᠤᠭ᠎ᠠ | ᠪᠦᠷᠢᠳᠬᠡᠯ ᠤᠨ ᠬᠠᠷᠢᠭᠤᠴᠠᠯᠭᠠᠲᠠᠨ ᠢ ᠵᠢᠭᠠᠨ ᠲᠣᠭᠲᠠᠭᠠᠬᠤ ᠬᠡᠷᠡᠭᠲᠡᠶ᠃ ᠠᠵᠤ ᠠᠬᠤᠶᠢᠯᠠᠯ ᠤᠨ ᠲᠤᠭ᠎ᠠ | ᠪᠦᠷᠢᠳᠬᠡᠯ ᠤᠨ ᠬᠠᠷᠢᠭᠤᠴᠠᠯᠭᠠᠲᠠᠨ ᠪᠠ ᠲᠤᠭ᠎ᠠ ᠪᠦᠷᠢᠳᠬᠡᠯ ᠤᠨ ᠠᠵᠢᠯᠲᠠᠨ ᠴᠠᠭ ᠲᠤᠬᠠᠶ ᠳᠤ ᠨᠢ ᠠᠵᠤ | ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯᠲᠠᠨ ᠤ ᠡᠯᠧᠺᠳ᠋ᠷᠣᠨ ᠮᠡᠳᠡᠭᠡ ᠵᠠᠩᠭᠢ ᠶᠢᠨ ᠬᠥᠮᠥᠷᠭᠡ ᠳᠤ ᠳᠠᠩᠰᠠᠯᠠᠨ | ᠲᠡᠮᠲᠡᠭᠯᠡᠬᠦ ᠬᠡᠷᠡᠭᠲᠡᠶ᠃ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠪᠠᠶᠢᠭᠤᠯᠤᠮᠵᠢ ᠳᠤ ᠲᠣᠬᠢᠷᠠᠭᠤᠯᠤᠯᠲᠠ | ᠬᠢᠭᠰᠡᠨ ᠪᠤᠶᠤ ᠲᠤᠭ᠎ᠠ ᠪᠦᠷᠢᠳᠬᠡᠯ ᠤᠨ ᠠᠵᠢᠯᠲᠠᠨ ᠬᠤᠪᠢᠷᠠᠯᠲᠠ ᠭᠠᠷᠪᠡᠯ᠂ ᠰᠠᠨᠠᠭᠠᠴᠢᠯᠠᠭ᠎ᠠ ᠠᠴᠠ ᠪᠠᠨ ᠲᠤᠬᠠᠶ ᠶᠢᠨ | ᠭᠠᠵᠠᠷ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ︵ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ︶ ᠳᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ᠂ ᠲᠣᠭᠲᠠᠭᠠᠯ ᠶᠣᠰᠣᠭᠠᠷ ᠠᠵᠢᠯ ᠲᠤᠰᠢᠶᠠᠬᠤ ᠪᠠ | ᠬᠦᠯᠢᠶᠡᠨ ᠠᠪᠬᠤ ᠭᠠᠷᠳᠠᠮ ᠢ ᠭᠦᠢᠴᠡᠳᠬᠡᠬᠦ ᠬᠡᠷᠡᠭᠲᠡᠶ᠃ | ᠭᠤᠴᠢᠨ ᠭᠤᠷᠪᠠᠳᠤᠭᠠᠷ ᠵᠦᠢᠯ ᠠᠵᠤ ᠠᠬᠤᠶᠢᠯᠠᠯ ᠨᠢ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ | ᠮᠡᠳᠡᠭᠦᠯᠣᠯᠳᠡ ᠶᠢᠨ ᠬᠦᠰᠦᠨᠦᠭᠲᠦ ᠶᠢᠨ ᠳᠦᠷᠢᠮ ᠪᠠ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠨ ᠲᠤᠭ᠎ᠠ ᠪᠦᠷᠢᠳᠬᠡᠯ ᠤᠨ ᠮᠡᠳᠡᠭᠦᠯᠣᠯᠳᠡ ᠶᠢᠨ ᠬᠦᠰᠦᠨᠦᠭᠲᠦ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ | ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ᠂ | ᠠᠵᠢᠯ ᠤᠨ ᠲᠣᠬᠢᠷᠠᠭᠤᠯᠤᠯᠲᠠ ᠶᠢ ᠬᠦᠯᠢᠶᠡᠵᠣ᠂ ᠲᠤᠭ᠎ᠠ ᠪᠦᠷᠢᠳᠬᠡᠯ ᠤᠨ ᠲᠤᠭ᠎ᠠ ᠪᠠᠷᠢᠮᠳᠠ ᠶᠢ ᠪᠡᠶ᠎ᠡ ᠪᠠᠨ ᠳᠠᠭᠠᠭᠠᠵᠤ | ᠣᠨᠣᠪᠴᠢᠲᠠᠶ ᠲᠠᠭᠯᠠᠨ ᠮᠡᠳᠡᠭᠦᠯᠬᠦ ᠬᠡᠷᠡᠭᠲᠡᠶ᠃ ︽ᠤᠷᠢᠳᠠᠪᠠᠷ ᠡᠬᠡ ᠳᠠᠩᠰᠠ ᠪᠠᠶᠢᠭᠤᠯᠵᠤ ᠳᠠᠷᠠᠭ᠎ᠠ ᠨᠢ | ᠮᠡᠳᠡᠭᠦᠯᠣᠯᠳᠡ ᠶᠢᠨ ᠬᠦᠰᠦᠨᠦᠭᠲᠦ ᠲᠠᠢ ᠪᠠᠶᠢᠬᠤ︾ ᠵᠠᠷᠴᠢᠮ ᠶᠣᠰᠣᠭᠠᠷ᠂ ᠦᠨᠡᠨ ᠪᠤᠳᠠᠳᠤ ᠠᠩᠬᠠᠨ ᠤ ᠭᠡᠷᠡᠴᠢ | ᠪᠠᠷᠢᠮᠲᠠ ᠪᠠᠷ ᠦᠨᠳᠦᠰᠦᠯᠡᠯ ᠪᠣᠯᠭᠠᠵᠤ᠂ ᠨᠢᠭᠡᠳᠦᠯᠲᠡᠶ ᠵᠢᠷᠤᠮᠵᠢᠭᠰᠠᠨ ᠲᠤᠭ᠎ᠠ ᠪᠦᠷᠢᠳᠬᠡᠯ ᠤᠨ ᠡᠯᠧᠺᠳ᠋ᠷᠣᠨ ᠡᠬᠡ | ᠳᠠᠩᠰᠠ ᠪᠠ ᠴᠠᠭᠠᠰᠤᠨ ᠡᠬᠡ ᠳᠠᠩᠰᠠ ᠪᠠᠶᠢᠭᠤᠯᠵᠤ᠂ ᠬᠠᠭᠤᠷᠮᠠᠭᠯᠠᠨ ᠵᠣᠬᠢᠶᠠᠬᠤ ᠪᠠ ᠥᠭᠡᠷᠡᠲᠡᠭᠦᠯᠵᠦ ᠪᠣᠯᠬᠤ ᠦᠭᠡᠶ | ᠃ ᠲᠤᠭ᠎ᠠ ᠪᠦᠷᠢᠳᠬᠡᠯ ᠤᠨ ᠮᠠᠲ᠋ᠧᠷᠢᠶᠠᠯ ᠤᠨ ᠬᠢᠨᠠᠨ ᠬᠠᠷᠭᠤᠭᠤᠯᠬᠤ᠂ ᠭᠠᠷ ᠤᠨ ᠦᠰᠦᠭ ᠵᠢᠷᠤᠬᠤ᠂ ᠲᠤᠰᠢᠶᠠᠬᠤ ᠪᠠ | ᠬᠦᠯᠢᠶᠡᠨ ᠠᠪᠬᠤ᠂ ᠳᠠᠩᠰᠠ ᠡᠪᠬᠡᠮᠡᠯ ᠳᠤ ᠣᠷᠣᠭᠤᠯᠬᠤ ᠵᠡᠷᠭᠡ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ | ᠪᠦᠷᠢᠨᠰᠢᠭᠦᠯᠵᠦ᠂ ᠠᠩᠬᠠᠨ ᠤ ᠮᠠᠲ᠋ᠧᠷᠢᠶᠠᠯ ᠵᠢᠴᠢ ᠡᠬᠡ ᠳᠠᠩᠰᠠ ᠶᠢ ᠬᠠᠳᠠᠭᠠᠯᠠᠬᠤ ᠬᠤᠭᠤᠴᠠᠭ᠎ᠠ ᠬᠢᠵᠠᠭᠠᠷ ᠢ 2 | ᠵᠢᠯ ᠠᠴᠠ ᠲᠤᠲᠠᠭᠤ ᠪᠠᠶᠢᠯᠭᠠᠵᠣ ᠪᠣᠯᠬᠤ ᠦᠭᠡᠢ᠂ ᠬᠤᠷᠢᠶᠠᠩᠭᠤᠶᠢᠯᠠᠭᠰᠠᠨ ᠴᠢᠨᠠᠷᠲᠠᠶ ᠲᠤᠭ᠎ᠠ ᠪᠦᠷᠢᠳᠬᠡᠯ ᠤᠨ | ᠮᠠᠲ᠋ᠧᠷᠢᠶᠠᠯ ᠤᠨ ᠬᠠᠳᠠᠭᠠᠯᠠᠬᠤ ᠬᠤᠭᠤᠴᠠᠭ᠎ᠠ ᠬᠢᠵᠠᠭᠠᠷ ᠢ 10 ᠵᠢᠯ ᠠᠴᠠ ᠲᠤᠳᠠᠭᠤ ᠪᠠᠶᠢᠯᠭᠠᠵᠤ ᠪᠣᠯᠬᠤ ᠦᠭᠡᠢ᠂ | ᠬᠦᠨᠳᠣ ᠴᠢᠬᠤᠯᠠ ᠬᠤᠷᠢᠶᠠᠩᠭᠤᠶᠢᠯᠠᠭᠰᠠᠨ ᠴᠢᠨᠠᠷᠲᠠᠶ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠡᠭᠦᠷᠢᠳᠡ ᠬᠠᠳᠠᠭᠠᠯᠠᠬᠤ | ᠬᠡᠷᠡᠭᠲᠡᠶ᠃ ᠬᠠᠳᠠᠭᠠᠯᠠᠬᠤ ᠬᠤᠭᠤᠴᠠᠭᠠᠨ ᠳᠤ ᠬᠦᠷᠦᠭᠡᠳᠦᠢ ᠲᠤᠭ᠎ᠠ ᠪᠦᠷᠢᠳᠬᠡᠯ ᠤᠨ ᠠᠩᠬᠠᠨ ᠤ ᠲᠡᠮᠳᠡᠭᠯᠡᠯ ᠪᠠ | ᠲᠤᠭ᠎ᠠ ᠪᠦᠷᠢᠳᠬᠡᠯ ᠤᠨ ᠡᠬᠡ ᠳᠠᠩᠰᠠ ᠶᠢ ᠤᠰᠠᠳᠬᠠᠵᠤ ᠪᠣᠯᠬᠤ ᠦᠭᠡᠶ᠃ | ᠭᠤᠴᠢᠨ ᠳᠥᠷᠪᠡᠳᠦᠭᠡᠷ ᠵᠦᠢᠯ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯᠲᠠᠨ ᠨᠢ ᠠᠵᠢᠯ ᠤᠨ | ᠪᠠᠶᠢᠷᠢᠨ ᠳᠤ ᠭᠠᠷᠬᠤ ᠠᠴᠠ ᠡᠮᠦᠨ᠎ᠡ ᠡᠷᠬᠡᠪᠰᠢ ᠬᠤᠰᠢᠭᠤ ᠰᠢᠶᠠᠨ ᠤ ᠱᠠᠲᠤᠨ ᠤ ᠵᠠᠰᠠᠭ ᠤᠨ ᠣᠷᠳᠣᠨ ᠤ ᠲᠤᠭ᠎ᠠ | ᠪᠦᠷᠢᠳᠬᠡᠯ ᠤᠨ ᠪᠠᠶᠢᠭᠤᠯᠤᠮᠵᠢ ᠶᠢᠨ ᠪᠣᠯᠪᠠᠰᠤᠷᠠᠯ ᠢ ᠬᠦᠷᠲᠡᠬᠦ ᠬᠡᠷᠡᠭᠲᠡᠶ᠃ ᠲᠤᠭ᠎ᠠ ᠪᠦᠷᠢᠳᠬᠡᠯ ᠤᠨ ᠠᠵᠢᠯᠲᠠᠨ ᠨᠢ | ᠲᠤᠭ᠎ᠠ ᠪᠦᠷᠢᠳᠬᠡᠯ ᠤᠨ ᠡᠭᠦᠷᠭᠡ ᠶᠢ ᠭᠦᠢᠴᠡᠳᠬᠡᠬᠦ ᠳᠤ ᠬᠡᠷᠡᠭᠰᠡᠬᠦ ᠲᠤᠰᠬᠠᠶ ᠮᠡᠷᠭᠡᠵᠢᠯ ᠤᠨ ᠮᠡᠳᠡᠯᠭᠡ ᠪᠠᠶᠢᠬᠤ | ᠬᠡᠷᠩᠳᠠᠢ ᠮᠦᠷᠲᠡᠭᠡᠨ ᠰᠦᠯᠵᠢᠶ᠎ᠡ ᠪᠠᠷ ᠰᠢᠭᠤᠳ ᠮᠡᠳᠡᠭᠦᠯᠬᠦ ᠲᠠᠪᠴᠠᠩ ᠢ ᠪᠣᠯᠪᠠᠰᠤᠷᠠᠩᠭᠤᠶ ᠬᠡᠷᠩᠯᠡᠵᠣ ᠲᠤᠭ᠎ᠠ | ᠪᠦᠷᠢᠳᠬᠡᠯ ᠤᠨ ᠲᠤᠭ᠎ᠠ ᠪᠠᠷᠢᠮᠳᠠ ᠶᠢ ᠮᠡᠳᠡᠭᠦᠯᠵᠣ ᠴᠢᠳᠠᠬᠤ ᠬᠡᠷᠡᠭᠲᠡᠶ᠃ ᠲᠤᠭ᠎ᠠ ᠪᠦᠷᠢᠳᠬᠡᠯ ᠤᠨ ᠠᠵᠢᠯᠲᠠᠨ | ᠡᠷᠬᠡᠪᠰᠢ ᠡᠯ᠎ᠡ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠤᠭᠰᠠᠨ | ᠲᠤᠬᠠᠶᠢᠯᠠᠭᠰᠠᠨ ᠠᠵᠢᠯ ᠤᠨ ᠪᠣᠯᠪᠠᠰᠤᠷᠠᠯ ︵ᠵᠢᠯ ᠪᠦᠷᠢ ᠨᠠᠭᠠᠳᠣ ᠵᠠᠬ᠎ᠠ ᠳᠤ ᠪᠠᠨ 1 ᠤᠳᠠᠭ᠎ᠠ︶ ᠳᠤ | ᠣᠷᠣᠯᠴᠠᠬᠤ ᠶᠢᠨ ᠬᠠᠮᠲᠤ᠂ ᠪᠣᠳᠠᠲᠤ ᠪᠠᠶᠢᠳᠠᠯ ᠢᠶᠠᠨ ᠦᠨᠳᠦᠰᠦᠯᠡᠨ ᠠᠵᠤ ᠠᠬᠤᠶᠢᠯᠠᠯ ᠤᠨ ᠳᠣᠲᠣᠭᠠᠳᠤ ᠶᠢᠨ | ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠠᠵᠢᠯᠲᠠᠨ ᠳᠤ ᠦᠷᠭᠡᠳᠭᠡᠭᠰᠡᠨ ᠪᠣᠯᠪᠠᠰᠤᠷᠠᠯ ᠬᠢᠭᠦ ᠬᠡᠷᠡᠭᠲᠡᠶ᠃ | ᠭᠤᠴᠢᠨ ᠲᠠᠪᠤᠳᠤᠭᠠᠷ ᠵᠦᠢᠯ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠪᠣᠯ ᠠᠵᠤ ᠠᠬᠤᠶᠢᠯᠠᠯ ᠤᠨ | ᠲᠤᠭ᠎ᠠ ᠪᠦᠷᠢᠳᠬᠡᠯ ᠤᠨ ᠬᠠᠤᠯᠢ ᠪᠠᠷ ᠲᠣᠭᠲᠠᠭᠠᠭᠰᠠᠨ ᠡᠭᠦᠷᠭᠡ ᠶᠢ ᠭᠦᠢᠴᠡᠳᠬᠡᠬᠦ ᠨᠢᠭᠡᠳᠦᠭᠡᠷ ᠬᠠᠷᠢᠭᠤᠴᠠᠯᠭᠠᠲᠠᠨ | ᠪᠣᠯᠤᠨ᠎ᠠ᠂ ᠲᠤᠰ ᠠᠵᠤ ᠠᠬᠤᠶᠢᠯᠠᠯ ᠤᠨ ᠮᠡᠳᠡᠭᠦᠯᠣᠭ᠍ᠰᠡᠨ ᠲᠤᠭ᠎ᠠ ᠪᠦᠷᠢᠳᠬᠡᠯ ᠤᠨ ᠳ᠋ᠠᠶᠢᠲ᠋ᠠ ᠶᠢᠨ ᠶᠠᠰᠤ ᠴᠢᠨᠠᠷ ᠤᠨ | ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠵᠦ᠂ ᠲᠤᠰ ᠨᠢᠭᠡᠴᠢ ᠶᠢᠨ ᠢᠶᠠᠨ ᠲᠤᠭ᠎ᠠ ᠪᠦᠷᠢᠳᠬᠡᠯ ᠤᠨ ᠠᠵᠢᠯᠲᠠᠨ ᠢ | ᠰᠢᠮᠳᠠᠭᠤᠯᠵᠤ ᠪᠠᠶᠢᠭᠠᠳ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠬᠠᠤᠯᠢ ᠲᠣᠭᠲᠠᠭᠠᠯ ᠶᠣᠰᠣᠭᠠᠷ᠂ ᠦᠨᠡᠨ ᠪᠣᠳᠠᠲᠠᠶ᠂ | ᠣᠨᠣᠪᠴᠢᠲᠠᠶ᠂ ᠪᠦᠷᠢᠨ ᠪᠦᠲᠦᠨ᠂ ᠴᠠᠭ ᠲᠤᠬᠠᠶ ᠳᠤ ᠨᠢ ᠬᠠᠩᠭᠠᠬᠤ ᠪᠠ ᠮᠡᠳᠡᠭᠦᠯᠬᠦ ᠬᠡᠷᠡᠭᠲᠡᠶ︔ ᠲᠤᠰ ᠠᠵᠤ | ᠠᠬᠤᠶᠢᠯᠠᠯ ᠢᠶᠠᠨ ᠵᠣᠬᠢᠶᠠᠨ ᠪᠠᠶᠢᠭᠤᠯᠤᠨ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯᠲᠠᠨ ᠤ ᠠᠵᠢᠯ ᠤᠨ | ᠪᠠᠶᠢᠷᠢ ᠶᠢᠨ ᠬᠠᠷᠢᠭᠤᠴᠠᠯᠭ᠎ᠠ᠂ ᠲᠤᠭ᠎ᠠ ᠪᠦᠷᠢᠳᠬᠡᠯ ᠤᠨ ᠮᠡᠳᠡᠭᠦᠯᠣᠯᠳᠡ ᠶᠢᠨ ᠬᠦᠰᠦᠨᠦᠭᠲᠦ ᠶᠢ ᠮᠡᠳᠡᠭᠦᠯᠬᠦ᠂ ᠲᠤᠭ᠎ᠠ | ᠪᠦᠷᠢᠳᠬᠡᠯ ᠤᠨ ᠮᠠᠲ᠋ᠧᠷᠢᠶᠠᠯ ᠤᠨ ᠬᠠᠮᠢᠶᠠᠷᠤᠯᠲᠠ᠂ ᠲᠤᠭ᠎ᠠ ᠪᠦᠷᠢᠳᠬᠡᠯ ᠤᠨ ᠠᠵᠢᠯ ᠢ ᠲᠤᠰᠢᠶᠠᠬᠤ ᠪᠠ ᠬᠦᠯᠢᠶᠡᠨ | ᠠᠪᠬᠤ ᠵᠡᠷᠭᠡ ᠡᠯ᠎ᠡ ᠵᠦᠢᠯ ᠤᠨ ᠳᠦᠷᠢᠮ ᠲᠣᠭᠲᠠᠭᠠᠯ ᠢ ᠲᠣᠭᠳᠠᠭᠠᠵᠣ ᠨᠠᠶᠢᠳᠠᠪᠤᠷᠢᠵᠢᠭᠤᠯᠬᠤ ᠶᠢᠨ ᠬᠠᠮᠲᠤ᠂ | ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠶ᠃ ᠠᠵᠤ ᠠᠬᠤᠶᠢᠯᠠᠯ ᠤᠨ ᠬᠠᠷᠢᠭᠤᠴᠠᠯᠭᠠᠲᠠᠨ | ᠥᠪᠡᠰᠦᠪᠡᠨ ᠲᠤᠭ᠎ᠠ ᠪᠦᠷᠢᠳᠬᠡᠯ ᠤᠨ ᠮᠠᠲ᠋ᠧᠷᠢᠶᠠᠯ ᠳᠤ ᠵᠠᠰᠠᠪᠤᠷᠢ ᠣᠷᠣᠭᠤᠯᠵᠤ᠂ ᠬᠤᠳᠠᠯ ᠬᠠᠭᠤᠷᠮᠠᠭ ᠲᠤᠭ᠎ᠠ | ᠪᠠᠷᠢᠮᠲᠠ ᠵᠣᠬᠢᠶᠠᠭᠰᠠᠨ ᠪᠤᠶᠤ ᠲᠤᠭ᠎ᠠ ᠪᠦᠷᠢᠳᠬᠡᠯ ᠤᠨ ᠠᠵᠢᠯᠲᠠᠨ ᠢ ᠠᠯᠪᠠᠲᠠᠨ ᠵᠠᠷᠯᠢᠭᠳᠠᠬᠤ ᠪᠠ ᠰᠠᠨᠠᠭᠤᠯᠵᠤ | ᠪᠠᠶᠢᠭᠠᠳ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠦᠭᠡᠷᠡᠳᠣᠭᠦᠯᠭᠦ᠂ ᠬᠤᠳᠠᠯ ᠬᠠᠭᠤᠷᠮᠠᠭ ᠲᠤᠭ᠎ᠠ ᠪᠠᠷᠢᠮᠲᠠ | ᠵᠣᠬᠢᠶᠠᠬᠤ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯᠲᠠᠨ ᠨᠢ ᠲᠤᠭ᠎ᠠ ᠪᠦᠷᠢᠳᠬᠡᠯ ᠤᠨ ᠮᠠᠲ᠋ᠧᠷᠢᠶᠠᠯ ᠢ | ᠥᠭᠡᠷᠡᠲᠦᠭᠦᠯᠬᠦ᠂ ᠬᠤᠳᠠᠯ ᠬᠠᠭᠤᠷᠮᠠᠭ ᠲᠤᠭ᠎ᠠ ᠪᠠᠷᠢᠮᠲᠠ ᠵᠣᠬᠢᠶᠠᠬᠤ ᠳᠤ ᠣᠷᠣᠯᠴᠠᠭᠰᠠᠨ ᠪᠠᠶᠢᠪᠠᠯ᠂ ᠬᠠᠤᠯᠢ | ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ | ᠭᠤᠴᠢᠨ ᠵᠢᠷᠭᠤᠳᠤᠭᠠᠷ ᠵᠦᠢᠯ ᠠᠵᠤ ᠠᠬᠤᠶᠢᠯᠠᠯ ᠨᠢ ᠬᠠᠤᠯᠢ ᠶᠣᠰᠣᠭᠠᠷ ᠲᠤᠭ᠎ᠠ ᠪᠦᠷᠢᠳᠬᠡᠯ ᠤᠨ ᠠᠵᠢᠯ | ᠬᠢᠬᠦ ᠦᠵᠡᠯ ᠤᠬᠠᠮᠰᠠᠷ ᠢᠶᠠᠨ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ | ᠪᠠᠶᠢᠭᠤᠯᠤᠮᠵᠢ ᠶᠢᠨ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠪᠠᠶᠢᠴᠠᠭᠠᠬᠤ ᠪᠠ | ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠠᠵᠢᠯ ᠥᠷᠨᠢᠭᠦᠯᠬᠦ ᠳᠤ ᠢᠳᠡᠪᠬᠢᠲᠡᠶ ᠬᠠᠮᠵᠢᠵᠤ᠂ ᠵᠠᠰᠠᠭ ᠤᠨ | ᠣᠷᠳᠣᠨ ᠤ ᠲᠤᠭ᠎ᠠ ᠪᠦᠷᠢᠳᠬᠡᠯ ᠤᠨ ᠠᠵᠢᠯᠲᠠᠨ ᠤ ᠬᠠᠤᠯᠢ ᠶᠣᠰᠣᠭᠠᠷ ᠡᠷᠬᠡ ᠲᠤᠰᠢᠶᠠᠯ ᠢᠶᠠᠨ ᠭᠦᠢᠴᠡᠳᠭᠡᠬᠦ ᠳᠤ | ᠭᠠᠷ ᠳᠦᠷᠦᠨ ᠬᠠᠷᠰᠢᠯᠠᠵᠤ ᠪᠣᠯᠬᠤ ᠦᠭᠡᠶ᠃ ᠠᠵᠤ ᠠᠬᠤᠶᠢᠯᠠᠯ ᠨᠢ ᠦᠨᠡᠨ ᠪᠣᠳᠠᠲᠠᠶ ᠪᠢᠰᠢ᠂ ᠪᠦᠷᠢᠨ ᠭᠦᠢᠴᠡᠳ | ᠪᠣᠰᠣ ᠲᠤᠭ᠎ᠠ ᠪᠦᠷᠢᠳᠬᠡᠯ ᠤᠨ ᠲᠤᠭ᠎ᠠ ᠪᠠᠷᠢᠮᠳᠠ ᠪᠠ ᠮᠠᠲ᠋ᠧᠷᠢᠶᠠᠯ ᠬᠠᠩᠭᠠᠭᠰᠠᠨ ᠪᠠᠶᠢᠪᠠᠯ᠂ ᠬᠤᠯᠪᠣᠭᠳᠠᠯ ᠪᠥᠬᠦᠶ | ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠢᠲᠡᠭᠡᠮᠵᠢᠲᠡᠶ ᠠᠵᠤ ᠠᠬᠤᠶᠢᠯᠠᠯ ᠢᠶᠠᠷ ᠮᠠᠭᠠᠳᠯᠠᠨ | ᠲᠣᠭᠲᠠᠭᠠᠭᠳᠠᠭᠰᠠᠨ ᠬᠢᠷᠢ ᠬᠡᠮ ᠢ ᠨᠢ ᠬᠦᠴᠦᠨ ᠥᠬᠡᠶ ᠪᠣᠯᠭᠠᠵᠤ᠂ ᠲᠤᠭ᠎ᠠ ᠪᠦᠷᠢᠳᠬᠡᠯ ᠤᠨ ᠲᠠᠯ᠎ᠠ ᠪᠠᠷ ᠬᠦᠨᠳᠦ | ᠨᠣᠴᠢᠲᠠᠶ ᠢᠲᠡᠭᠡᠯ ᠠᠯᠳᠠᠭᠰᠠᠨ ᠦᠢᠯᠡ ᠠᠵᠢᠯᠯᠠᠭ᠎ᠠ ᠪᠣᠯᠣᠭᠰᠠᠨ ᠪᠠᠶᠢᠪᠡᠯ᠂ ᠬᠠᠤᠯᠢ ᠶᠣᠰᠣᠭᠠᠷ ᠨᠡᠶᠢᠲᠡ ᠳᠤ | ᠵᠠᠷᠯᠠᠬᠤ ᠶᠢᠨ ᠬᠠᠮᠲᠤ ᠬᠤᠯᠪᠣᠭᠠᠯᠠᠨ ᠵᠠᠯᠬᠠᠭᠠᠨ ᠴᠡᠭᠡᠷᠯᠡᠭᠦᠯᠵᠦ᠂ ᠵᠣᠬᠢᠬᠤ ᠬᠠᠤᠯᠢ ᠴᠠᠭᠠᠵᠠ ᠶᠢᠨ ᠬᠠᠷᠢᠭᠤᠴᠠᠯᠭ᠎ᠠ | ᠡᠭᠦᠷᠭᠡᠯᠡᠭᠦᠯᠭᠦ ᠬᠡᠷᠩᠳᠠᠢ᠃ | ᠭᠤᠴᠢᠨ ᠳᠣᠯᠣᠳᠤᠭᠠᠷ ᠵᠦᠢᠯ ᠠᠵᠤ ᠠᠬᠤᠶᠢᠯᠠᠯ ᠨᠢ ᠲᠤᠭ᠎ᠠ ᠪᠦᠷᠢᠳᠬᠡᠯ ᠤᠨ ᠠᠵᠢᠯ ᠤᠨ ᠲᠣᠭᠲᠠᠴᠠ ᠪᠠᠨ | ᠪᠠᠶᠢᠭᠤᠯᠤᠨ ᠪᠦᠷᠢᠨᠰᠢᠭᠦᠯᠵᠦ᠂ ᠲᠤᠭ᠎ᠠ ᠪᠦᠷᠢᠳᠬᠡᠯ ᠤᠨ ᠠᠵᠢᠯ ᠢ ᠬᠡᠪ ᠤᠨ ᠶᠣᠰᠣᠭᠠᠷ ᠥᠷᠨᠢᠭᠦᠯᠬᠦ ᠳᠤ ᠬᠡᠷᠡᠭᠰᠡᠬᠦ | ᠵᠠᠷᠤᠳᠠᠯ᠂ ᠭᠠᠵᠠᠷ ᠲᠠᠯᠠᠪᠤᠷ᠂ ᠲᠥᠬᠦᠭᠡᠷᠦᠮᠵᠢ᠂ ᠲᠤᠤᠷ ᠰᠦᠯᠵᠢᠶ᠎ᠡ ᠵᠡᠷᠭᠡ ᠶᠢ ᠪᠠᠲᠤᠯᠠᠵᠤ᠂ ᠲᠤᠭ᠎ᠠ ᠪᠦᠷᠢᠳᠬᠡᠯ ᠤᠨ | ᠠᠵᠢᠯᠲᠠᠳ ᠤᠨ ᠲᠤᠭ᠎ᠠ ᠪᠦᠷᠢᠳᠬᠡᠯ ᠤᠨ ᠠᠵᠢᠯ ᠤᠨ ᠬᠤᠷᠠᠯᠳᠤᠭᠠᠨ ᠳᠤ ᠣᠷᠣᠯᠴᠠᠬᠤ᠂ ᠲᠤᠭ᠎ᠠ ᠪᠦᠷᠢᠳᠬᠡᠯ ᠤᠨ | ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠦᠷᠲᠡᠬᠦ ᠶᠢ ᠢᠳᠡᠪᠬᠢᠲᠡᠶ ᠳᠠᠮᠵᠢᠵᠤ᠂ ᠲᠤᠭ᠎ᠠ ᠪᠦᠷᠢᠳᠬᠡᠯ ᠤᠨ | ᠠᠵᠢᠯᠳᠡᠣᠨ ᠤᠨ ᠬᠡᠪ ᠴᠢᠨᠠᠷ ᠢᠶᠠᠨ ᠳᠡᠭᠡᠭᠰᠢᠯᠡᠭᠦᠯᠬᠦ ᠳᠤ ᠨᠥᠬᠦᠴᠡᠯ ᠪᠦᠷᠢᠯᠳᠣᠭᠦᠯᠵᠣ ᠦᠭᠭᠦ ᠬᠡᠷᠡᠭᠲᠡᠶ᠃ ᠨᠥᠬᠦᠴᠡᠯ | ᠪᠦᠷᠢᠳᠣᠭ᠍ᠰᠡᠨ ᠠᠵᠤ ᠠᠬᠤᠶᠢᠯᠠᠯ ᠤᠳ ᠨᠢ ᠳᠣᠲᠣᠭᠠᠳᠤ ᠶᠢᠨ ᠲᠤᠭ᠎ᠠ ᠪᠦᠷᠢᠳᠬᠡᠯ ᠤᠨ ᠲᠣᠣᠷ ᠰᠦᠯᠵᠢᠶᠡᠨ ᠤ | ᠠᠦ᠋ᠲ᠋ᠤᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠶ᠃ | ᠭᠤᠴᠢᠨ ᠨᠠᠢᠮᠠᠳᠤᠭᠠᠷ ᠵᠦᠢᠯ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠱᠠᠩᠨᠠᠵᠣ ᠲᠣᠷᠭᠠᠬᠤ | ᠳᠦᠷᠢᠮ ᠢ ᠴᠢᠩᠭᠠᠷᠠᠭᠤᠯᠬᠤ ᠬᠡᠷᠡᠭᠲᠡᠶ᠃ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯ ᠤᠨ ᠵᠢᠷᠤᠮᠵᠢᠭᠰᠠᠨ | ᠪᠠᠶᠢᠭᠤᠯᠤᠯᠲᠠ ᠨᠢ ᠬᠤᠶᠠᠷ ᠵᠢᠯ ᠳᠠᠷᠠᠭᠠᠯᠠᠨ ᠬᠢᠷᠢ ᠲᠡᠩᠴᠡᠭᠰᠡᠨ ᠠᠵᠤ ᠠᠬᠤᠶᠢᠯᠠᠯ ᠢ ᠨᠡᠪᠲᠡᠷᠡᠭᠦᠯᠦᠨ ᠮᠡᠳᠡᠭᠡᠯᠡᠵᠦ | ᠰᠠᠶᠢᠰᠢᠶᠠᠬᠤ ᠬᠡᠷᠡᠭᠲᠡᠶ᠃ ᠳᠣᠣᠷᠠᠬᠢ ᠢᠯᠡᠷᠡᠯ ᠠᠴᠠ ᠨᠢᠭᠡ ᠨᠢ ᠪᠠᠶᠢᠬᠤ ᠠᠵᠤ ᠠᠬᠤᠶᠢᠯᠠᠯ ᠤᠨ ᠲᠤᠭ᠎ᠠ | ᠪᠦᠷᠢᠳᠬᠡᠯ ᠤᠨ ᠠᠵᠢᠯᠲᠠᠨ ᠢ ᠬᠥᠬᠢᠭᠦᠯᠦᠨ ᠰᠠᠢᠰᠢᠶᠠᠬᠤ ᠪᠠ ᠱᠠᠩᠨᠠᠬᠤ ᠬᠡᠷᠡᠭᠲᠡᠶ᠄ | ︵ᠨᠢᠭᠡ︶ ᠲᠣᠭᠳᠠᠭᠰᠠ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠡᠭᠦᠷᠭᠡ ᠶᠢ ᠪᠡᠶᠡᠯᠡᠭᠦᠯᠵᠦ᠂ ᠲᠤᠭ᠎ᠠ | ᠪᠦᠷᠢᠳᠬᠡᠯ ᠤᠨ ᠮᠠᠲ᠋ᠧᠷᠢᠶᠠᠯ ᠤᠨ ᠣᠨᠣᠪᠴᠢᠲᠤ ᠴᠢᠨᠠᠷ᠂ ᠴᠠᠭ ᠲᠤᠬᠠᠶᠢᠲᠤ ᠴᠢᠨᠠᠷ ᠢ ᠪᠠᠳᠣᠯᠠᠬᠤ ᠲᠠᠯ᠎ᠠ ᠶᠢᠨ | ᠠᠵᠢᠯ ᠤᠨ ᠦᠷ᠎ᠡ ᠪᠦᠳᠣᠮᠵᠢ ᠮᠡᠳᠡᠭᠳᠡᠮ᠎ᠡ ᠪᠠᠶᠢᠬᠤ︔ | ︵ᠬᠤᠶᠠᠷ︶ ᠦᠨᠡᠨ ᠠᠴᠠ ᠵᠥᠪ ᠢ ᠡᠷᠢᠵᠣ᠂ ᠬᠠᠤᠯᠢ ᠶᠣᠰᠣᠭᠠᠷ ᠲᠤᠭ᠎ᠠ ᠪᠦᠷᠢᠣᠡᠭᠡᠯ ᠬᠢᠭᠦ ᠶᠢ ᠪᠠᠷᠢᠮᠳᠠᠯᠠᠨ᠂ | ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠤᠭ᠎ᠠ ᠪᠦᠷᠢᠳᠬᠡᠯ ᠤᠨ ᠳᠦᠷᠢᠮ ᠠᠴᠠ | ᠵᠥᠷᠢᠴᠡᠭᠰᠡᠨ ᠦᠢᠯᠡ ᠠᠵᠢᠯᠯᠠᠭ᠎ᠠ ᠲᠠᠢ ᠲᠡᠮᠡᠴᠡᠯ ᠬᠢᠵᠣ ᠢᠯᠡᠷᠡᠯ ᠲᠣᠪᠤᠶᠢᠮ᠎ᠠ ᠪᠠᠶᠢᠬᠤ︔ | ︵ᠭᠤᠷᠪᠠ︶ ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ | ᠮᠡᠳᠡᠭᠦᠯᠦᠭᠰᠡᠨ ᠲᠠᠯ᠎ᠠ ᠪᠠᠷ ᠭᠠᠪᠢᠶ᠎ᠠ ᠲᠠᠢ ᠪᠠᠶᠢᠬᠤ᠃ | ᠵᠢᠷᠭᠤᠳᠤᠭᠠᠷ ᠪᠦᠯᠦᠭ ᠳᠠᠭᠠᠯᠳᠤᠭᠤᠯᠤᠯ ᠲᠦᠷᠢᠮ | ᠭᠤᠴᠢ ᠶᠢᠰᠦᠳᠦᠭᠡᠷ ᠵᠦᠢᠯ ᠲᠤᠰ ᠠᠷᠭ᠎ᠠ ᠶᠢ ᠳᠠᠷᠣᠮᠠᠯᠯᠠᠨ ᠶᠠᠪᠣᠭᠤᠯᠣᠭᠰᠠᠨ ᠡᠳᠦᠷ ᠠᠴᠠ ᠡᠬᠢᠯᠡᠵᠣ | ᠬᠡᠷᠡᠭᠵᠢᠭᠦᠯᠦᠨ᠎ᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ | 2021 ᠣᠨ ᠤ 7 ᠳ᠋ᠤᠭᠠᠷ ᠰᠠᠷ᠎ᠠ ᠶᠢᠨ 20 ᠤ ᠡᠳᠦᠷ ᠲᠠᠷᠤᠮᠠᠯᠯᠠᠨ ᠲᠠᠷᠬᠠᠭᠠᠪᠠ | |