ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ᠤᠨ ᠳᠣᠯᠣᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/3/7
    2 ᠳ᠋ᠤᠭᠠᠷ ᠰᠠᠷ᠎ᠠ ᠶᠢᠨ 28 ᠤ ᠡᠳᠦᠷ᠂ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ︵ᠬᠤᠳᠠᠯᠳᠤᠭᠠᠴᠢᠳ ᠤᠨ ᠶᠡᠷᠦᠩᠬᠡᠶ ᠡᠪᠯᠡᠯ︶ ᠤᠨ ᠳᠣᠯᠣᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ᠃ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠢᠶᠠᠩ ᠼᠦᠩ᠂ ᠬᠤᠳᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠠᠷᠢᠨ ᠪᠢᠴᠢᠭ ᠤᠨ ᠳᠠᠷᠤᠭ᠎ᠠ ᠵᠦᠩ ᠭᠦᠸᠧ ᠸᠧᠨ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠱᠦᠨ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠦᠩ ᠴᠢᠩ ᠰᠦᠩ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠴᠢᠨ ᠢᠦᠢ ᠬᠤᠤ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠦᠨ ᠯᠢ ᠸᠧᠨ ᠬᠤᠷᠠᠯ ᠳᠤ ᠣᠷᠣᠯᠴᠠᠪᠠ᠃      ᠵᠢᠶᠠᠩ ᠼᠦᠩ ᠡᠩ ᠲᠡᠷᠢᠭᠦᠨ ᠳᠤ ᠲᠣᠭᠤᠷᠢᠭ ᠤᠨ ᠲᠦᠷᠪᠡᠨ ᠪᠠᠭ ᠢ ᠲᠥᠯᠥᠭᠡᠯᠡᠨ ᠶᠡᠭᠡ ᠬᠤᠷᠠᠯ ᠤᠨ ᠬᠤᠷᠠᠯᠳᠤᠭᠰᠠᠨ ᠳᠤ ᠪᠠᠶᠠᠷ ᠬᠦᠷᠭᠡᠪᠡ︕ ᠶᠡᠭᠡ ᠬᠤᠷᠠᠯ ᠳᠤ ᠤᠷᠤᠯᠴᠠᠭᠰᠠᠨ ᠪᠦᠬᠦ ᠭᠡᠰᠢᠭᠦᠳ ᠤᠨ ᠲᠥᠯᠥᠭᠡᠯᠡᠭᠴᠢᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ︕ ᠲᠡᠷᠡ ᠵᠢᠭᠠᠵᠤ ᠭᠠᠷᠭᠠᠭᠰᠠᠨ ᠨᠢ᠂ ᠲᠠᠪᠤᠨ ᠵᠢᠯ ᠤᠨ ᠲᠤᠷᠰᠢ᠂ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠠᠷᠭ᠎ᠠ ᠤᠬᠠᠭᠠᠨ ᠭᠠᠷᠭᠠᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ᠂ ᠡᠯᠪᠡᠭ ᠦᠷ᠎ᠡ ᠪᠦᠲᠦᠭᠡᠯ ᠣᠯᠵᠠᠢ᠃ ᠥᠷᠭᠡᠨ ᠣᠯᠠᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠮᠦᠰ ᠰᠦᠩᠱᠠᠨ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠬᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠵᠡᠷᠭᠡ ᠲᠠᠯ᠎ᠠ ᠪᠠᠷ ᠴᠢᠬᠤᠯᠠ ᠬᠤᠪᠢ ᠨᠡᠮᠡᠷᠢ ᠦᠵᠡᠭᠦᠯᠪᠡ ᠭᠡᠪᠡ᠃      ᠬᠤᠷᠠᠯ ᠠᠴᠠ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ᠤᠨ ᠳᠣᠯᠣᠳᠤᠭᠠᠷ ᠬᠤᠭᠤᠴᠠᠭᠠᠨ ᠤ  ᠭᠦᠢᠴᠡᠳᠬᠡᠬᠦ ᠵᠥᠪᠯᠡᠯ ᠤᠨ ᠭᠡᠰᠢᠭᠦᠨ᠂ ᠲᠡᠷᠢᠭᠦᠯᠡᠭᠴᠢ᠂ ᠳᠡᠳ᠋ ᠲᠡᠷᠢᠭᠦᠯᠡᠭᠴᠢ᠂ ᠨᠠᠷᠢᠨ ᠪᠢᠴᠢᠭ ᠤᠨ ᠳᠠᠷᠤᠭ᠎ᠠ ᠪᠣᠯᠤᠨ ᠬᠤᠳᠠᠯᠳᠤᠭᠠᠴᠢᠳ ᠤᠨ ᠶᠡᠷᠦᠩᠬᠡᠶ ᠡᠪᠯᠡᠯ ᠤᠨ ᠳᠠᠷᠤᠭ᠎ᠠ᠂ ᠳᠡᠳ᠋ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ ᠶᠢ ᠰᠣᠩᠭᠤᠨ ᠭᠠᠷᠭᠠᠵᠠᠶ︔ ᠭᠤᠸᠠᠨ ᠰᠢᠶᠤᠤ ᠭᠤᠸᠠᠩ ᠳᠣᠯᠣᠳᠤᠭᠠᠷ ᠬᠤᠭᠤᠴᠠᠭᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ᠂ ᠬᠤᠳᠠᠯᠳᠤᠭᠠᠴᠢᠳ ᠤᠨ ᠶᠡᠷᠦᠩᠬᠡᠢ ᠡᠪᠯᠡᠯ ᠤᠨ ᠳᠠᠷᠤᠭ᠎ᠠ ᠪᠠᠷ ᠰᠣᠩᠭᠤᠭᠳᠠᠪᠠ︔ ᠬᠤᠷᠠᠯ ᠠᠴᠠ ︽ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠵᠢᠷᠭᠤᠳᠤᠭᠠᠷ ᠬᠤᠭᠤᠴᠠᠭᠠᠨ ᠤ ᠭᠦᠢᠴᠡᠳᠬᠡᠬᠦ ᠵᠥᠪᠯᠡᠯ ᠤᠨ ᠠᠵᠢᠯ ᠤᠨ ᠮᠡᠳᠡᠭᠦᠯᠦᠯᠲᠡ ᠵᠢᠨ‌‍ᠰᠢᠢᠳᠪᠦᠷᠢ︾ ᠶᠢ ᠪᠠᠲᠤᠯᠠᠪᠠ᠃      ᠭᠤᠸᠠᠨ ᠰᠢᠶᠤᠤ ᠭᠤᠸᠠᠩ ᠰᠦᠩᠱᠠᠨ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ︵ᠬᠤᠳᠠᠯᠳᠤᠭᠠᠴᠢᠳ ᠤᠨ ᠶᠡᠷᠦᠩᠬᠡᠢ ᠡᠪᠯᠡᠯ︶ ᠶᠢᠨ ᠵᠢᠷᠭᠤᠳᠤᠭᠠᠷ ᠬᠤᠭᠤᠴᠠᠭᠠᠨ ᠤ ᠭᠦᠢᠴᠡᠳᠬᠡᠬᠦ ᠵᠥᠪᠯᠡᠯ ᠢ ᠲᠥᠯᠥᠭᠡᠯᠡᠨ ︽ᠡᠷᠴᠢ ᠵᠣᠷᠢᠭ ᠢᠶᠠᠨ ᠬᠥᠪᠴᠢᠯᠡᠨ ᠴᠥᠬᠦᠷᠡᠰᠢ ᠦᠭᠡᠢ ᠴᠢᠷᠮᠠᠶᠢᠵᠤ ᠨᠡᠶᠢᠲᠡ ᠶᠢᠨ ᠥᠮᠴᠢᠯᠡᠯ ᠤᠨ ᠪᠤᠰᠤ ᠬᠦᠴᠦᠨ ᠢ ᠨᠢᠭᠲᠠᠷᠠᠭᠤᠯᠵᠤ ᠰᠦᠩᠱᠠᠨ ᠤ ᠴᠢᠨᠠᠷ ᠰᠠᠶᠢᠲᠠᠢ ᠳᠠᠪᠠᠯᠲᠠ ᠶᠢ ᠠᠬᠢᠭᠤᠯᠤᠶ᠎ᠠ︾ ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠵᠦ᠂ ᠥᠩᠭᠡᠷᠡᠭᠰᠡᠨ ᠲᠠᠪᠤᠨ ᠵᠢᠯ ᠤᠨ ᠠᠵᠢᠯ ᠢᠶᠠᠨ ᠡᠷᠭᠢᠴᠡᠭᠦᠯᠵᠦ᠂ ᠬᠤᠶᠢᠰᠢᠳᠠ ᠶᠢᠨ ᠲᠠᠪᠤᠨ ᠵᠢᠯ ᠤᠨ ᠬᠥᠭᠵᠢᠯᠲᠡ ᠶᠢᠨ ᠬᠠᠷᠠᠯᠲᠠ ᠶᠢ ᠲᠣᠭᠲᠠᠭᠠᠪᠠ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号