ᠰᠦᠩᠱᠠᠨ ᠲᠣᠭᠤᠷᠢᠭ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠢ ᠠᠬᠢᠭᠤᠯᠬᠤ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/3/7
    3 ᠰᠠᠷ᠎ᠠ ᠶᠢᠨ 1 ᠤ ᠦᠳᠡ ᠶᠢᠨ ᠡᠮᠦᠨ᠎ᠡ᠂ ᠰᠦᠩᠱᠠᠨ ᠲᠣᠭᠤᠷᠢᠭ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠢ ᠠᠬᠢᠭᠤᠯᠬᠤ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃      ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶᠠ ᡁᠢ ᠬᠤᠩ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ᠂ ᠰᠠᠯᠠᠭ᠎ᠠ ᠮᠥᠴᠢᠷ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠢ︔ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠤᠰᠤᠨ ᠤ ᠣᠷᠴᠢᠨ ᠲᠣᠭᠤᠷᠢᠨ ᠢ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠢ ᠴᠢᠩᠭ᠎ᠠ ᠠᠳᠬᠤᠵᠤ᠂ ᠴᠡᠭ ᠪᠠ ᠨᠡᠶᠢᠳᠡᠮ ᠢ ᠤᠶᠠᠯᠳᠤᠭᠤᠯᠤᠨ ᠭᠦᠨᠵᠡᠭᠡᠢ ᠵᠢᠭᠰᠠᠭᠠᠨ ᠪᠠᠶᠢᠴᠠᠭᠠᠵᠤ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠬᠤ ᠬᠡᠷᠡᠭᠲᠡᠢ︔ ᠮᠥᠷᠳᠡᠨ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠨᠢᠭᠡᠨᠲᠡ ᠴᠡᠭᠴᠡᠯᠡᠨ ᠰᠠᠶᠢᠵᠢᠷᠠᠭᠤᠯᠤᠭᠰᠠᠨ ᠠᠰᠠᠭᠤᠳᠠᠯ ᠲᠠᠬᠢᠨ ᠢᠯᠡᠷᠡᠬᠦ ᠠᠴᠠ ᠵᠠᠶᠢᠯᠠᠰᠬᠢᠬᠦ ᠬᠡᠷᠡᠭᠲᠡᠢ᠃      ᠬᠤᠷᠠᠯ ᠳᠡᠭᠡᠷ᠎ᠡ᠂ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠳᠡᠭᠡᠳᠦ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠵᠢᠴᠢ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠤᠭᠰᠠᠨ ᠠᠵᠢᠯ ᠤᠨ ᠠᠬᠢᠴᠠ ᠶᠢᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠢ ᠪᠡᠯᠡᠳᠬᠡᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠠ᠃      ᠡᠯ᠎ᠡ ᠰᠢᠶᠠᠩ ᠪᠠᠯᠭᠠᠰᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠠᠵᠢᠯᠯᠠᠭᠠᠨ᠂ ᠬᠤᠭ ᠨᠣᠪᠰᠢ ᠰᠢᠢᠳᠪᠦᠷᠢᠯᠡᠬᠦ᠂ ᠡᠰᠢ ᠰᠦᠷᠡᠯ ᠰᠢᠲᠠᠭᠠᠬᠤ ᠶᠢ ᠴᠠᠭᠠᠵᠠᠯᠠᠬᠤ ᠵᠡᠷᠭᠡ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠠ᠃ ᠲᠣᠭᠤᠷᠢᠭ ᠤᠨ ᠤᠰᠤᠨ ᠠᠰᠢᠭᠯᠠᠯᠲᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠣᠶ ᠰᠢᠭᠤᠶ ᠡᠪᠡᠰᠦ ᠪᠡᠯᠴᠢᠭᠡᠷ ᠵᠡᠷᠭᠡ ᠰᠠᠯᠠᠭ᠎ᠠ ᠮᠥᠴᠢᠷ ᠬᠤᠲᠠ ᠶᠢᠨ ᠱᠠᠲᠤᠨ ᠤ ᠵᠥᠪᠯᠡᠯᠭᠡ ᠥᠭᠴᠦ ᠵᠢᠭᠠᠨ ᠵᠢᠯᠣᠭᠤᠳᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠨᠠᠷᠢᠨ ᠲᠠᠩᠰᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠠᠷᠢᠭᠤ ᠮᠡᠳᠡᠭᠦᠯᠪᠡ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号