3 ᠰᠠᠷ᠎ᠠ ᠶᠢᠨ 2 ᠤᠨ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ | ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠦᠩ ᠴᠢᠩ ᠰᠦᠩ ᠬᠤᠳᠠ ᠶᠢᠨ ᠪᠦᠳᠦᠭᠡᠨ | ᠪᠠᠶᠢᠭᠤᠯᠤᠯᠲᠠ ᠶᠢᠨ ᠬᠦᠷᠢᠶᠡᠨ ᠤ ᠭᠤᠣᠯᠳᠠᠯᠭ᠎ᠠ ᠲᠠᠢ ᠲᠦᠷᠦᠯ ᠵᠦᠢᠯ ᠳᠤ ᠪᠠᠶᠢᠴᠠᠭᠠᠨ ᠰᠤᠳᠤᠯᠤᠯᠲᠠ ᠬᠢᠵᠦ᠂ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠤᠯᠠᠨ ᠲᠦᠮᠡᠨ ᠤ | ᠪᠣᠳᠠᠲᠠᠢ ᠬᠡᠷᠡᠭᠴᠡᠭᠡ ᠠᠴᠠ ᠡᠭᠦᠰᠴᠦ᠂ ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠶᠢ ᠴᠢᠩᠭ᠎ᠠ ᠠᠳᠬᠤᠨ ᠪᠣᠳᠠᠲᠠᠢ ᠠᠳᠬᠤᠵᠤ᠂ ᠠᠷᠠᠳ ᠤᠨ ᠠᠮᠢᠳᠤᠷᠠᠯ ᠤᠨ ᠪᠤᠶᠠᠨ | ᠵᠢᠷᠭᠠᠯ ᠢ ᠲᠠᠰᠤᠷᠠᠯᠳᠠ ᠦᠭᠡᠢ ᠨᠡᠮᠡᠭᠳᠡᠭᠦᠯᠵᠦ᠂ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠳᠦᠷᠰᠦ | ᠪᠠᠶᠢᠳᠠᠯ ᠢᠶᠠᠷ ᠤᠯᠠᠨ ᠲᠦᠮᠡᠨ ᠤ ᠰᠢᠨ᠎ᠡ ᠬᠦᠰᠡᠯ ᠡᠷᠡᠮᠡᠯᠵᠡᠯ ᠳᠤ ᠬᠠᠷᠢᠭᠤᠯᠲᠠ ᠥᠭᠬᠦ ᠬᠡᠷᠡᠭᠲᠡᠢ ᠭᠡᠵᠦ | ᠴᠢᠬᠤᠯᠠᠴᠢᠯᠠᠪᠠ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠫᠧᠩ ᠹᠸᠢ ᠪᠠᠶᠢᠴᠠᠭᠠᠨ | ᠰᠤᠳᠤᠯᠤᠯᠲᠠ ᠳᠤ ᠣᠷᠣᠯᠴᠠᠪᠠ᠃ | ᠵᠦᠩ ᠴᠢᠩ ᠰᠦᠩ ᠨᠡᠷ ᠤᠷᠢᠳ ᠬᠤᠵᠢᠳ ᠰᠦᠩ ᠬᠠᠢ ᠵᠡᠭᠡᠯᠢ ᠶᠢᠨ ᠪᠠᠷᠠᠭᠤᠨ ᠬᠡᠰᠡᠭ᠂ ᠱᠧᠩ ᠠᠨ | ᠵᠠᠮ ᠤᠨ ᠡᠮᠦᠨ᠎ᠡ ᠬᠡᠰᠡᠭ᠂ ᠫᠢᠩ ᠠᠨ ᠵᠠᠮ᠂ ᠭᠠᠵᠠᠷ ᠰᠢᠨᠵᠢᠯᠡᠭᠡᠨ ᠤ ᠰᠠᠭᠤᠭᠠᠯᠢ ᠠᠷᠠᠳ ᠤᠨ ᠲᠣᠭᠤᠷᠢᠭ᠂ ᠰᠢᠶᠠᠩ | ᠶᠠᠩ ᠰᠠᠭᠤᠭᠠᠯᠢ ᠠᠷᠠᠳ ᠤᠨ ᠲᠣᠭᠤᠷᠢᠭ ᠤᠨ ᠬᠤᠶᠠᠳᠤᠭᠠᠷ ᠳᠤᠭᠤᠶᠢᠯᠠᠩ ᠪᠦᠯᠬᠦᠮ᠂ ᠵᠢᠨᠴᠢᠶᠤᠤ ᠵᠠᠬ᠎ᠠ ᠳᠡᠯᠭᠡᠭᠦᠷ᠂ | ᠰᠦᠩᠵᠧᠦ ᠵᠠᠮ᠂ ᠲᠢᠶᠠᠨ ᠢ ᠵᠠᠮ ᠤᠨ ᠪᠣᠷᠣᠭᠠᠨ ᠤ ᠤᠰᠤᠨ ᠤ ᠬᠥᠭᠡᠷᠭᠡ ᠶᠢᠨ ᠦᠷᠲᠡᠭᠡ᠂ ᠹᠦ᠋ ᠰᠢᠩ ᠵᠢᠶᠠ | ᠴᠧᠩ ᠰᠠᠭᠤᠭᠠᠯᠢ ᠠᠷᠠᠳ ᠤᠨ ᠲᠣᠭᠤᠷᠢᠭ᠂ ᠱᠠᠨ ᠰᠢ ᠶᠢᠩ ᠵᠠᠬ᠎ᠠ ᠳᠡᠯᠭᠡᠭᠦᠷ ᠵᠡᠷᠭᠡ ᠭᠠᠵᠠᠷ ᠢᠶᠠᠷ ᠬᠦᠷᠴᠦ᠂ | ᠵᠠᠮ ᠤᠨ ᠪᠦᠲᠦᠭᠡᠨ ᠪᠠᠶᠢᠭᠤᠯᠤᠯᠲᠠ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ | ᠂ ᠠᠷᠠᠳ ᠤᠨ ᠠᠭᠠᠷ ᠤᠨ ᠰᠡᠷᠭᠡᠶᠢᠯᠡᠯᠲᠡ᠂ ᠬᠤᠲᠠ ᠶᠢᠨ ᠶᠠᠪᠤᠳᠠᠯ ᠤᠨ ᠢᠨᠵᠧᠨᠧᠷᠢᠩ ᠵᠡᠷᠭᠡ ᠪᠠᠶᠢᠳᠠᠯ ᠢ ᠲᠤᠬᠠᠢ ᠶᠢᠨ | ᠭᠠᠵᠠᠷ ᠲᠤᠨᠢ ᠣᠶᠢᠯᠠᠭᠠᠵᠤ᠂ ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ | ᠳᠠᠷᠠᠭᠠᠴᠢ ᠶᠢᠨ ᠠᠯᠬᠤᠮ ᠤᠨ ᠠᠵᠢᠯ ᠳᠤ ᠲᠣᠳᠣᠷᠬᠠᠢ ᠱᠠᠭᠠᠷᠳᠠᠯᠭ᠎ᠠ ᠳᠤᠷᠠᠳᠪᠠ᠃ |