ᠵᠦᠩ ᠴᠢᠩ ᠰᠦᠩ 2022 ᠣᠨ ᠤ ᠰᠦᠩᠱᠠᠨ ᠲᠣᠭᠤᠷᠢᠭ ᠤᠨ ᠵᠠᠰᠠᠭ ᠤᠨ ᠣᠷᠳᠣᠨ ᠤ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/3/7
    3 ᠰᠠᠷ᠎ᠠ ᠶᠢᠨ 2 ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠦᠩ ᠴᠢᠩ ᠰᠦᠩ 2022 ᠣᠨ ᠤ ᠲᠣᠭᠤᠷᠢᠭ ᠤᠨ ᠵᠠᠰᠠᠭ ᠤᠨ ᠣᠷᠳᠣᠨ ᠤ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ᠂ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ ᠨᠠᠷᠢᠨ ᠲᠦᠷᠢᠮ︾ ᠢ ᠤᠯᠠᠮᠵᠢᠯᠠᠨ ᠰᠤᠷᠤᠯᠴᠠᠪᠠ︔ ᠪᠥᠬᠦ ᠲᠣᠭᠤᠷᠢᠭ ᠤᠨ ︽ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ︾᠂ ︽ᠤᠯᠠᠭᠠᠨᠬᠠᠳᠠ ᠬᠤᠲᠠ ᠶᠢᠨ ᠬᠤᠳᠠᠯᠳᠤᠭᠠᠴᠢᠨ ᠤᠷᠢᠬᠤ ᠠᠵᠤ ᠦᠢᠯᠡᠰ ᠤᠨ ᠬᠡᠯᠬᠢᠶ᠎ᠡ ︾᠂ ︽ᠤᠯᠠᠭᠠᠨᠬᠠᠳᠠ ᠬᠤᠲᠠ ᠶᠢᠨ ᠭᠤᠤᠯᠳᠠᠯᠭ᠎ᠠ ᠲᠠᠢ ᠬᠦᠷᠢᠶᠡᠨ ᠤ ᠬᠤᠳᠠᠯᠳᠤᠭᠠᠴᠢᠨ ᠤᠷᠢᠬᠤ ᠲᠤᠰᠬᠠᠶ ᠠᠩᠭᠢ︾᠂ ︽ᠤᠯᠠᠭᠠᠨᠬᠠᠳᠠ ᠬᠤᠲᠠ ᠶᠢᠨ ᠲᠤᠰᠬᠠᠶ ᠠᠬᠢᠭᠤᠯᠬᠤ ᠳᠤᠭᠤᠶᠢᠯᠠᠩ︾ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠪᠥᠬᠦ ᠲᠣᠭᠤᠷᠢᠭ ᠤᠨ ᠭᠤᠤᠯᠳᠠᠯᠭ᠎ᠠ ᠲᠠᠢ ᠲᠥᠷᠥᠯ  ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠭᠰᠡᠨ ᠪᠠᠶᠢᠳᠠᠯ᠂ ᠪᠥᠬᠦ ᠲᠣᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠦᠢᠯᠡᠰ ᠢ ᠡᠮᠬᠢᠯᠡᠬᠦ ᠴᠤᠪᠤᠷᠠᠯ ᠢ ᠰᠢᠯᠢᠳᠡᠭᠵᠢᠭᠦᠯᠬᠦ ᠠᠵᠢᠯ ᠤᠨ ᠬᠤᠯᠪᠣᠭᠳᠠᠯ ᠪᠥᠬᠦᠶ ᠪᠠᠶᠢᠳᠠᠯ᠂ ᠪᠥᠬᠦ ᠲᠣᠭᠤᠷᠢᠭ ᠤᠨ 2022 ᠣᠨ ᠤ ᠨᠢᠭᠡᠳᠦᠭᠡᠷ ᠤᠯᠠᠷᠢᠯ ᠤᠨ ᠭᠤᠤᠯ ᠪᠣᠯᠬᠤ ᠠᠵᠤ ᠠᠬᠤᠶ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ᠂ ᠭᠤᠤᠯ ᠮᠥᠷᠡᠨ ᠤ ᠳᠠᠷᠤᠭ᠎ᠠ ᠶᠢᠨ ᠲᠦᠷᠢᠮ ᠤᠨ ᠠᠵᠢᠯ ᠢ ᠥᠷᠨᠢᠭᠦᠯᠦᠭᠰᠡᠨ ᠪᠠᠶᠢᠳᠠᠯ᠂ ᠪᠥᠬᠦ ᠲᠣᠭᠤᠷᠢᠭ ᠤᠨ 2022 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠠᠯᠠ ᠮᠥᠩᠭᠦ ᠶᠢ ᠬᠡᠷᠡᠭᠯᠡᠭᠰᠡᠨ ᠪᠠᠶᠢᠳᠠᠯ ᠵᠡᠷᠭᠡ ᠶᠢ ᠰᠤᠨᠤᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ︔ ︽ᠰᠦᠩᠱᠠᠨ ᠲᠣᠭᠤᠷᠢᠭ ᠤᠨ 2022 ᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠬᠡᠷᠡᠭᠵᠢᠭᠦᠯᠬᠦ ᠲᠥᠰᠦᠯ︾ ᠵᠢᠴᠢ ︽ᠰᠦᠩᠱᠠᠨ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ︽ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ᠶᠢ ᠬᠢᠨᠠᠨ ᠵᠥᠪᠯᠡᠪᠡ︔ ᠬᠤᠷᠠᠯ ᠠᠴᠠ ᠪᠠᠰᠠ 2022 ᠣᠨ ᠤ ᠲᠦᠷᠦᠭᠦᠦ ᠪᠦᠯᠦᠭ ᠲᠥᠪ ᠤᠨ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︵ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ︶ ᠶᠢ ᠵᠣᠯᠭᠠᠭᠤᠯᠤᠨ ᠠᠬᠢᠭᠤᠯᠬᠤ ᠨᠥᠬᠦᠪᠥᠷᠢ ᠪᠡᠯᠡ ᠮᠥᠩᠭᠦ ᠶᠢᠨ ᠲᠦᠷᠦᠯ ᠵᠦᠢᠯ ᠢ ᠲᠤᠬᠢᠷᠠᠭᠤᠯᠤᠨ ᠬᠡᠷᠡᠭᠯᠡᠬᠦ ᠲᠥᠯᠥᠪᠯᠡᠭᠡ ᠶᠢ ᠰᠤᠳᠤᠯᠪᠠ᠃      ᠰᠦᠩᠱᠠᠨ ᠲᠣᠭᠤᠷᠢᠭ ᠤᠨ ᠤᠳᠤᠷᠢᠳᠤᠯᠭ᠎ᠠ ᠯᠢᠶᠠᠩ ᠮᠢᠩ ᠽᠧ᠂ ᠵᠢᠶᠠ ᡁᠢ ᠬᠤᠩ᠂ ᠰᠢᠤᠢ ᠹᠸᠢ ᠶᠠᠨ᠂ ᠸᠠᠩ ᠫᠧᠩ ᠹᠸᠢ᠂ ᠢᠦᠶ ᠬᠤᠩ ᠯᠢᠨ᠂ ᠢᠦᠶ ᠬᠤᠸᠠ ᠶᠠᠨ ᠬᠤᠷᠠᠯ ᠳᠤ ᠣᠷᠣᠯᠴᠠᠪᠠ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号