ᠰᠦᠩᠱᠠᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ 2022 ᠣᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠭᠤᠷᠪᠠᠳᠤᠭᠠᠷ ᠤᠳᠠᠭ᠎ᠠ ᠶᠢᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/21
    4 ᠰᠠᠷ᠎ᠠ ᠶᠢᠨ 20 ᠤ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠴᠢᠨ ᠢᠦᠢ ᠬᠤᠤ 2022 ᠣᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠭᠤᠷᠪᠠᠳᠤᠭᠠᠷ ᠤᠳᠠᠭ᠎ᠠ ᠶᠢᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠳᠡᠭᠡᠷ᠎ᠡ ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠪᠣᠯᠤᠨ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠲᠠᠪᠤᠳᠤᠭᠠᠷ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠲᠠᠪᠤᠳᠤᠭᠠᠷ ᠬᠤᠷᠠᠯ ᠤᠨ ᠵᠣᠷᠢᠭ ᠰᠠᠨᠠᠭ᠎ᠠ᠂ ᠪᠥᠬᠦ ᠤᠯᠤᠰ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠢᠨ ᠬᠤᠷᠠᠯ ᠤᠨ ᠵᠣᠷᠢᠭ ᠰᠠᠨᠠᠭ᠎ᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠵᠢᠯ ᠤᠨ ᠲᠦᠷᠢᠮ︾᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠤᠶᠠᠳᠤᠭᠠᠷ ᠤᠳᠠᠭᠠᠨ ᠤ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠪᠠ᠃      ᠴᠢᠨ ᠢᠦᠢ ᠬᠤᠤ᠂ ᠬᠤᠷᠠᠯ ᠳᠤ ᠣᠷᠣᠯᠴᠠᠭᠰᠠᠳ ᠤᠨᠤᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠦᠨᠡᠨᠬᠦ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠡᠯ᠎ᠡ ᠵᠦᠢᠯ ᠤᠨ ᠠᠵᠢᠯ ᠢᠶᠠᠨ ᠴᠢᠷᠮᠠᠶᠢᠨ ᠰᠠᠶᠢᠲᠤᠷ ᠬᠢᠬᠦ ᠬᠡᠷᠡᠭᠲᠡᠢ᠃ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠰᠤᠷᠤᠯᠴᠠᠯᠭ᠎ᠠ ᠪᠠᠷ ᠵᠢᠯᠣᠭᠤᠳᠤᠮᠵᠢ ᠪᠣᠯᠭᠠᠭᠰᠠᠨ᠂ ᠪᠦᠬᠦ ᠭᠡᠰᠢᠭᠦᠳ ᠢ ᠬᠠᠮᠤᠷᠤᠭᠰᠠᠨ ᠪᠠᠶᠢᠩᠭᠤ ᠶᠢᠨ ᠴᠢᠨᠠᠷᠲᠠᠶ ᠰᠤᠷᠤᠯᠴᠠᠯᠭ᠎ᠠ ᠶᠢᠨ ᠳᠦᠷᠢᠮ ᠤᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠴᠢᠬᠤᠯᠠ ᠵᠢᠭᠰᠠᠭᠠᠯ ᠤᠨ ᠭᠠᠵᠠᠷ᠂ ᠴᠢᠬᠤᠯᠠ ᠲᠠᠪᠴᠠᠩ᠂ ᠴᠢᠬᠤᠯᠠ ᠠᠷᠭ᠎ᠠ ᠵᠠᠮ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠴᠢᠨᠠᠷ ᠰᠠᠶᠢᠲᠠᠶ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠠᠷ ᠴᠢᠨᠠᠷ ᠰᠠᠶᠢᠲᠠᠶ ᠬᠥᠭᠵᠢᠯᠲᠡ ᠳᠤ ᠨᠠᠩ ᠰᠠᠶᠢᠨ ᠦᠢᠯᠡᠴᠢᠯᠡᠬᠦ ᠬᠡᠷᠡᠭᠲᠡᠢ᠃ ᠨᠡᠩ ᠢᠯᠡᠭᠦᠦ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠪᠠ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠬᠦ ᠠᠵᠢᠯ ᠤᠨ ᠬᠠᠯᠠᠭᠤᠨ ᠰᠡᠳᠬᠢᠯᠭᠡ ᠶᠢ ᠪᠠᠲᠤᠯᠠᠵᠤ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠪᠠᠷ ᠬᠤᠷᠠᠯᠳᠤᠬᠤ ᠶᠢ ᠤᠭᠲᠤᠬᠤ ᠬᠡᠷᠡᠭᠲᠡᠶ  ᠭᠡᠵᠦ ᠱᠠᠭᠠᠷᠳᠠᠪᠠ᠃      ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠸᠠᠩ ᠹᠧᠩ ᠵᠢᠶᠦ᠋ᠨ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠰᠦᠨ ᠶᠤᠸᠠᠢ ᠴᠢᠨ ᠬᠤᠷᠠᠯ ᠳᠤ ᠣᠷᠣᠯᠴᠠᠵᠤ᠂ ᠳᠡᠳ᠋ ᠲᠡᠷᠢᠭᠦᠯᠡᠭᠴᠢ ᠯᠢᠦ ᠸᠠᠨ ᠯᠢ᠂ ᠶᠣᠣ ᠰᠢᠤᠸᠠᠢ ᠱᠤ᠋ ᠬᠤᠷᠠᠯ ᠳᠤ ᠰᠤᠯᠠ ᠣᠷᠣᠯᠴᠠᠪᠠ᠃          
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号