ᠴᠢᠨ ᠢᠦᠢ ᠬᠤᠤ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ ᠤ ᠲᠠᠪᠤᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/21
    4 ᠰᠠᠷ᠎ᠠ ᠶᠢᠨ 20 ᠤ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠴᠢᠨ ᠢᠦᠢ ᠬᠤᠤ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ ᠤ ᠲᠠᠪᠤᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ ᠨᠠᠷᠢᠨ ᠲᠦᠷᠢᠮ︾ ᠢ ᠤᠯᠠᠮᠵᠢᠯᠠᠪᠠ᠃ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠦᠷᠢᠮ ᠲᠣᠭᠲᠠᠭᠠᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠤᠴᠢᠷ ᠶᠠᠪᠤᠳᠠᠯ ᠪᠠ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠭᠤᠷᠪᠠᠳᠤᠭᠠᠷ ᠤᠳᠠᠭ᠎ᠠ ᠶᠢᠨ ᠲᠡᠷᠢᠭᠦᠯᠡᠭᠴᠢᠳ ᠤᠨ ᠬᠤᠷᠠᠯ ᠤᠨ ᠵᠥᠪᠯᠡᠬᠦ ᠵᠦᠢᠯ ᠢ ᠰᠤᠳᠤᠯᠪᠠ᠃      ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠸᠠᠩ ᠹᠧᠩ ᠵᠢᠶᠦ᠋ᠨ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠰᠦᠨ ᠶᠤᠸᠠᠢ ᠴᠢᠨ ᠬᠤᠷᠠᠯ ᠳᠤ ᠣᠷᠣᠯᠴᠠᠵᠤ᠂ ᠳᠡᠳ᠋ ᠲᠡᠷᠢᠭᠦᠯᠡᠭᠴᠢ ᠯᠢᠦ ᠸᠠᠨ ᠯᠢ᠂ ᠶᠣᠣ ᠰᠢᠤᠸᠠᠢ ᠱᠤ᠋ ᠬᠤᠷᠠᠯ ᠳᠤ ᠰᠤᠯᠠ ᠣᠷᠣᠯᠴᠠᠪᠠ᠃  
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号