ᠴᠢᠨ ᠢᠦᠢ ᠬᠤᠤ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ ᠤ ᠭᠤᠷᠪᠠᠳᠤᠭᠠᠷ ᠤᠳᠠᠭᠠᠨ ᠤ ᠲᠡᠷᠢᠭᠦᠯᠡᠭᠴᠢᠳ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/21
    4 ᠰᠠᠷ᠎ᠠ ᠶᠢᠨ 20 ᠤ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠴᠢᠨ ᠢᠦᠢ ᠬᠤᠤ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ ᠤ ᠭᠤᠷᠪᠠᠳᠤᠭᠠᠷ ᠤᠳᠠᠭ᠎ᠠ ᠶᠢᠨ ᠲᠡᠷᠢᠭᠦᠯᠡᠭᠴᠢᠳ ᠤᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠪᠥᠬᠦ ᠬᠤᠲᠠ ᠶᠢᠨ ᠬᠤᠰᠢᠭᠤ ᠰᠢᠶᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠢᠨ ︽ᠰᠢᠨ᠎ᠡ ᠴᠠᠭ ᠦᠶ᠎ᠡ ᠶᠢᠨ ᠬᠤᠲᠠ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ︾ ᠢ ᠰᠤᠷᠤᠯᠴᠠᠨ ᠲᠤᠤᠱᠯᠠᠭᠤᠯᠬᠤ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ᠂ ︽ᠤᠯᠤᠰ ᠲᠥᠷᠥ ᠶᠢᠨ ᠵᠥᠪᠯᠡᠯᠭᠡᠨ ᠤ ᠤᠯᠠᠭᠠᠨᠬᠠᠳᠠ ᠬᠤᠲᠠ ᠶᠢᠨ ᠬᠤᠷᠢᠶ᠎ᠠ ᠶᠢᠨ 2022 ᠣᠨ ᠤ ᠠᠵᠢᠯ ᠤᠨ ᠭᠤᠤᠯᠳᠠᠯᠭ᠎ᠠ︾ ᠶᠢ ᠤᠯᠠᠮᠵᠢᠯᠠᠪᠠ︔ ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ 2022 ᠣᠨ ᠤ ᠤᠯᠤᠰ ᠲᠦᠷᠦ ᠶᠢᠨ ᠵᠥᠪᠯᠡᠯᠭᠡᠨ ᠤ ᠵᠥᠪᠯᠡᠬᠦ ᠲᠥᠯᠥᠪᠯᠡᠭᠡ ᠶᠢ ᠬᠢᠨᠠᠨ ᠵᠥᠪᠯᠡᠪᠡ︔ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ 2022 ᠣᠨ ᠤ ᠠᠵᠢᠯ ᠤᠨ ᠭᠤᠣᠯᠳᠠᠯᠭ᠎ᠠ᠂ ᠭᠤᠣᠯᠳᠠᠯᠭ᠎ᠠ ᠲᠠᠢ ᠠᠵᠢᠯ ᠤᠨ ᠲᠥᠯᠥᠪᠯᠡᠭᠡ ᠪᠣᠯᠤᠨ  ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠤᠨ ᠵᠥᠪᠯᠡᠬᠦ ᠵᠦᠢᠯ ᠢ ᠰᠤᠳᠤᠯᠪᠠ᠃      ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠹᠧᠩ ᠵᠢᠶᠦ᠋ᠨ᠂ ᠯᠢᠦ ᠸᠠᠨ ᠯᠢ᠂ ᠰᠦᠨ ᠶᠤᠸᠠᠢ ᠴᠢᠨ᠂ ᠶᠣᠣ ᠰᠢᠤᠸᠠᠢ ᠱᠤ᠋ ᠬᠤᠷᠠᠯ ᠳᠤ ᠣᠷᠣᠯᠴᠠᠪᠠ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号