ᠰᠦᠩᠱᠠᠨ ᠲᠣᠭᠤᠷᠢᠭ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠢᠴᠢ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠳ ᠤᠨ ᠨᠢᠭᠡᠴᠡ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/21
    4 ᠰᠠᠷ᠎ᠠ ᠶᠢᠨ 20 ᠤ ᠡᠳᠦᠷ ᠤᠨ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠪᠥᠬᠦ ᠲᠤᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠢᠴᠢ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠳ ᠤᠨ ᠨᠢᠭᠡᠴᠡ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠦᠨ ᠯᠢ ᠸᠧᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠳᠡᠭᠡᠷ᠎ᠡ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠣᠣ ᠬᠤᠶ ᠵᠢᠶᠧ ᠶᠡᠷᠦᠩᠬᠡᠶ ᠱᠦᠵᠢ ᠰᠢ ᠶᠢᠨ ᠫᠢᠩ ᠡᠨᠡ ᠵᠢᠯ ᠤᠨ 3 ᠰᠠᠷ᠎ᠠ ᠶᠢᠨ 5 ᠤ ᠡᠳᠦᠷ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠪᠠ︔ ᠲᠤᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠬᠠᠷᠢᠭᠤᠴᠠᠯᠭᠠᠲᠠᠨ 2021 ᠣᠨ ᠤ ᠪᠦᠬᠦ ᠲᠤᠭᠤᠷᠢᠭ ᠤᠨ ᠦᠨᠳᠦᠰᠦᠲᠡᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠳ᠋ᠦᠩᠨᠡᠭᠰᠡᠨ ᠪᠥᠭᠡᠳ 2022 ᠣᠨ ᠤ ᠦᠨᠳᠦᠰᠦᠲᠡᠨ ᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ︔ ᠰᠢᠶᠠ ᠵᠢᠶᠠ ᠳ᠋ᠢᠶᠠᠨ ᠰᠢᠶᠠᠩ᠂ ᠢᠦᠢ ᠯᠦᠩ ᠵᠡᠭᠡᠯᠢ ᠭᠤᠳᠤᠮᠵᠢ᠂ ᠰᠤᠷᠭᠠᠨ ᠬᠥᠮᠦᠵᠢᠯ ᠤᠨ ᠲᠤᠪᠴᠢᠶ᠎ᠠ ᠵᠡᠷᠭᠡ ᠪᠠᠶᠢᠭᠤᠯᠤᠯᠭ᠎ᠠ ᠶᠢᠨ ᠬᠢᠨ ᠨᠡᠶᠢᠲᠡᠯᠢᠭ ᠲᠤᠷᠰᠢᠯᠭ᠎ᠠ ᠶᠢᠨ ᠰᠣᠯᠢᠯᠴᠠᠭ᠎ᠠ ᠬᠢᠪᠡ᠃      ᠰᠦᠨ ᠯᠢ ᠸᠧᠨ ᠵᠢᠭᠠᠵᠤ ᠭᠠᠷᠭᠠᠭᠰᠠᠨ ᠨᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠪᠣᠯ ᠨᠢᠭᠡ ᠵᠦᠢᠯ ᠤᠨ ᠲᠦᠢᠯ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠂ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠡᠭᠦᠷᠭᠡ ᠪᠣᠯᠭᠠᠨ ᠠᠳᠬᠤᠵᠤ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠪᠠᠷ ᠭᠤᠣᠯᠳᠠᠯᠭ᠎ᠠ ᠲᠠᠢ ᠠᠵᠢᠯ ᠪᠣᠯᠭᠠᠨ ᠬᠢᠵᠦ᠂ ᠰᠦᠩᠱᠠᠨ ᠲᠣᠭᠤᠷᠢᠭ ᠤᠨ ᠦᠨᠳᠦᠰᠦᠲᠡᠨ ᠤ ᠠᠵᠢᠯ ᠤᠨ ᠯᠠᠪᠳᠠᠭᠤᠨ ᠢᠶᠠᠷ ᠠᠶᠠᠯᠠᠬᠤ ᠶᠢ ᠬᠠᠮᠲᠤᠪᠠᠷ ᠠᠬᠢᠭᠤᠯᠬᠤ ᠬᠡᠷᠡᠭᠲᠡᠢ᠃      ᠰᠦᠨ ᠯᠢ ᠸᠧᠨ᠂ ᠤᠯᠤᠰ ᠲᠦᠷᠦ ᠶᠢᠨ ᠬᠤᠷᠴᠠ ᠰᠡᠷᠭᠡᠭ ᠴᠢᠨᠠᠷ ᠢ ᠴᠢᠩᠭᠠᠳᠬᠠᠵᠤ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠶᠢᠨ ᠦᠵᠡᠯ ᠰᠠᠨᠠᠭᠠᠨ ᠤ ᠠᠭᠤᠯᠤᠭᠳᠠᠬᠤᠨ ᠪᠠ ᠵᠣᠷᠢᠭ ᠰᠠᠨᠠᠭᠠᠨ ᠤ ᠮᠥᠨ ᠴᠢᠨᠠᠷ ᠢ ᠣᠨᠣᠪᠴᠢᠲᠠᠢ ᠡᠵᠡᠮᠳᠡᠵᠦ᠂ ᠦᠵᠡᠯ ᠰᠠᠨᠠᠭᠠᠨ ᠤ ᠵᠦᠷᠢᠶ᠎ᠠ ᠶᠢ ᠡᠷᠡᠰ ᠵᠠᠯᠠᠷᠠᠭᠤᠯᠵᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠪᠦᠬᠦ ᠲᠣᠭᠤᠷᠢᠭ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠤᠯᠤᠰ ᠲᠦᠷᠦ ᠶᠢᠨ ᠲᠠᠯ᠎ᠠ ᠠᠴᠠ ᠦᠵᠡᠬᠦ᠂ ᠤᠯᠤᠰ ᠲᠦᠷᠦ ᠶᠢᠨ ᠲᠠᠯ᠎ᠠ ᠠᠴᠠ ᠡᠷᠬᠢᠯᠡᠬᠦ ᠶᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠶᠢ ᠦᠨᠳᠦᠰᠦᠲᠡᠨ ᠤ ᠠᠵᠢᠯ ᠤᠨ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠤᠱᠯᠠᠭᠤᠯᠬᠤ ᠬᠡᠷᠡᠭᠲᠡᠢ᠃ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠥᠷᠭᠡᠨ ᠤᠯᠠᠨ ᠨᠠᠮ ᠤᠨ ᠭᠠᠳᠠᠨᠠᠬᠢ ᠬᠥᠮᠦᠰ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠦᠨᠳᠦᠰᠦᠲᠡᠨ ᠤ ᠠᠵᠢᠯ ᠳᠤ ᠬᠠᠮᠲᠤ ᠪᠠᠷ ᠣᠷᠣᠯᠴᠠᠭᠤᠯᠵᠤ᠂ ᠡᠯ᠎ᠡ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠨ ᠵᠢᠴᠢ ᠭᠡᠰᠢᠭᠦᠳ ᠤᠨ ᠨᠢᠭᠡᠴᠡ ᠶᠢᠨ ᠣᠨᠴᠠᠯᠢᠭ ᠪᠠ ᠳᠠᠪᠠᠭᠤᠯᠢᠭ ᠢ ᠪᠠᠳᠠᠷᠠᠭᠤᠯᠤᠨ᠂ ᠦᠨᠳᠦᠰᠦᠨ ᠱᠠᠲᠤᠨ ᠤ ᠦᠨᠳᠦᠰᠦᠲᠡᠨ ᠤ ᠠᠵᠢᠯ ᠤᠨ ᠪᠠᠶᠢᠭᠤᠯᠤᠮᠵᠢ ᠪᠠ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠦᠨᠳᠦᠰᠦᠲᠡᠨ ᠤ ᠠᠵᠢᠯ ᠢ ᠦᠨᠳᠦᠰᠦᠨ ᠱᠠᠲᠤᠨ ᠳᠤ ᠣᠶᠢᠯᠠᠭᠠᠬᠤ ᠬᠥᠮᠦᠨ ᠲᠠᠢ᠂ ᠠᠳᠬᠤᠬᠤ ᠬᠥᠮᠦᠨ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠬᠢᠨ ᠰᠠᠶᠢᠨ ᠵᠥᠪᠯᠡᠭᠴᠢ ᠲᠤᠰᠠᠯᠠᠭᠴᠢ ᠪᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠡᠭᠦᠷᠭᠡ ᠴᠢᠳᠠᠪᠬᠢ ᠪᠠᠨ ᠪᠣᠯᠭᠠᠵᠤ᠂ ᠤᠨᠤᠯ ᠲᠦᠷᠦ ᠶᠢᠨ ᠪᠤᠳᠤᠯᠭ᠎ᠠ ᠶᠢ ᠭᠦᠨᠵᠡᠭᠡᠢ ᠰᠤᠳᠤᠯᠵᠤ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠳᠤᠮᠳᠠᠳᠤ ᠤᠯᠤᠰ ᠤᠨ ᠣᠨᠴᠠᠯᠢᠭ ᠪᠦᠬᠦᠢ ᠵᠥᠪ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠰᠦᠩᠱᠠᠨ ᠲᠣᠭᠤᠷᠢᠭ ᠤᠨ ᠦᠨᠳᠦᠰᠦᠲᠡᠨ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠪᠤᠢ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃          
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号