ᠪᠦᠬᠦ ᠲᠤᠭᠤᠷᠢᠭ ᠤᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠡᠷᠡᠭᠦᠯ ᠬᠥᠭᠵᠢᠯᠲᠡ ᠶᠢ ᠠᠬᠢᠭᠤᠯᠬᠤ ᠪᠣᠯᠪᠠᠰᠤᠷᠠᠯ ᠤᠨ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2022/4/21
    ᠨᠡᠶᠢᠲᠡ ᠶᠢᠨ ᠥᠮᠴᠢᠯᠡᠯ ᠤᠨ ᠪᠤᠰᠤ ᠬᠦᠷᠢᠶᠡᠨ ᠳᠠᠬᠢ ᠨᠠᠮ ᠤᠨ ᠪᠠᠶᠢᠭᠤᠯᠤᠯᠲᠠ ᠶᠢᠨ ᠬᠥᠲᠥᠯᠦᠨ ᠳᠠᠭᠠᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠦᠢᠯᠡᠰ ᠴᠣᠭᠴᠠᠯᠠᠬᠤ᠂ ᠬᠠᠤᠯᠢ ᠶᠣᠰᠣᠭᠠᠷ ᠡᠵᠡᠩᠨᠡᠬᠦ ᠶᠢ ᠬᠥᠲᠥᠯᠦᠨ ᠵᠢᠯᠣᠭᠤᠳᠴᠤ᠂ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠬᠠᠮᠲᠤᠪᠠᠷ ᠪᠣᠶ ᠪᠣᠯᠭᠠᠬᠤ ᠶᠢᠨ ᠲᠥᠯᠥᠭᠡ᠂ 4 ᠳ᠋ᠦ᠋ᠭᠡᠷ ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ ᠪᠥᠬᠦ ᠲᠤᠭᠤᠷᠢᠭ ᠤᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠪᠣᠯᠪᠠᠰᠤᠷᠠᠯ ᠤᠨ ᠬᠤᠷᠠᠯ  ᠬᠤᠷᠠᠯᠳᠤᠪᠠ᠃      ᠲᠣᠰ ᠤᠳᠠᠭᠠᠨ ᠤ ᠪᠣᠯᠪᠠᠰᠤᠷᠠᠯ ᠤᠨ ᠬᠤᠷᠠᠯ ᠢ ︽ᠭᠤᠤᠯ ᠬᠤᠷᠠᠯ ᠤᠨ ᠲᠠᠯᠠᠪᠠᠶ + ᠬᠤᠪᠢᠶᠠᠷᠢ ᠬᠤᠷᠠᠯ ᠤᠨ ᠲᠠᠯᠠᠪᠠᠶ︾ ︽ᠰᠦᠯᠵᠢᠶᠡᠨ ᠳᠡᠭᠡᠷ᠎ᠡ + ᠰᠦᠯᠵᠢᠶᠡᠨ ᠠᠴᠠ ᠭᠠᠳᠠᠨ᠎ᠠ︾ ᠶᠢᠨ ᠵᠠᠭᠪᠤᠷ ᠢᠶᠠᠷ ᠶᠠᠪᠤᠭᠳᠠᠭᠤᠯᠪᠠ᠃ ᠪᠣᠯᠪᠠᠰᠤᠷᠠᠯ ᠤᠨ ᠬᠤᠷᠠᠯ ᠠᠴᠠ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ ᠫᠷᠤᠹᠧᠰᠰᠤᠷ ᠰᠦᠨ ᡁᠢ ᠹᠠᠩ᠂ ᠵᠠᠢ ᠯᠢ ᠶᠠᠨ᠂ ᠯᠢᠨ ᠶᠠᠨ ᠶᠠᠨ ᠢ ᠤᠷᠢᠵᠤ ᠲᠣᠰᠪᠣᠷᠢ ︽ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠡᠵᠡᠩᠨᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠬᠦ︾᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ︾᠂ ︽ᠬᠤᠳᠠ ᠶᠢᠨ ᠬᠡᠪᠴᠢᠶᠡᠨ ᠤ ᠨᠡᠶᠢᠭᠡᠮᠴᠢᠯᠡᠭᠰᠡᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ︾ ᠵᠡᠷᠭᠡ ᠠᠭᠤᠯᠭ᠎ᠠ ᠶᠢᠨ ᠲᠣᠭᠤᠷᠢᠨ ᠳᠤ ᠬᠢᠴᠢᠶᠡᠯ ᠤᠷᠤᠪᠠ᠃ ᠳᠠᠷᠠᠭ᠎ᠠ ᠨᠢ᠂ ᠰᠦᠩᠱᠠᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠬᠠᠮᠢᠶ᠎ᠠ ᠪᠦᠬᠦᠢ ᠠᠵᠢᠯᠲᠠᠨ ᠤᠢᠢᠷ᠎ᠠ ᠶᠢᠨ ᠬᠤᠭᠤᠴᠠᠭᠠᠨ ᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠲᠠᠶᠢᠯᠪᠤᠷᠢᠯᠠᠪᠠ᠃  
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号