ᠵᠦᠩ ᠴᠢᠩ ᠰᠦᠩ 2022 ᠣᠨ ᠤ ᠰᠦᠩᠱᠠᠨ ᠲᠣᠭᠤᠷᠢᠭ ᠤᠨ ᠵᠠᠰᠠᠭ ᠤᠨ ᠣᠷᠳᠣᠨ ᠤ ᠭᠤᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/21
    4 ᠰᠠᠷ᠎ᠠ ᠶᠢᠨ 19 ᠤ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠦᠩ ᠴᠢᠩ ᠰᠦᠩ 2022 ᠣᠨ ᠤ ᠰᠦᠩᠱᠠᠨ ᠲᠣᠭᠤᠷᠢᠭ ᠤᠨ ᠵᠠᠰᠠᠭ ᠤᠨ ᠣᠷᠳᠣᠨ ᠤ ᠭᠤᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠳᠦᠷᠢᠮ︾ ᠢ ᠤᠯᠠᠮᠵᠢᠯᠠᠨ ᠰᠤᠷᠤᠯᠴᠠᠵᠤ᠂ ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠨᠠᠮᠳᠠᠭᠤᠯᠤᠭᠰᠠᠨ ᠪᠠᠶᠢᠳᠠᠯ ᠢ ᠮᠡᠳᠡᠭᠳᠡᠪᠡ︔ ᠣᠶᠢᠷ᠎ᠠ ᠶᠢᠨ ᠬᠤᠭᠤᠴᠠᠭᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠢᠢᠳᠪᠦᠷᠢᠯᠡᠭᠰᠡᠨ᠂ ᠭᠤᠤᠯᠳᠠᠯᠭ᠎ᠠ ᠲᠠᠢ ᠲᠥᠷᠥᠯ ᠵᠦᠢᠯ ᠤᠨ ᠠᠬᠢᠴᠠ᠂ ᠲᠥᠪ ᠤᠨ ᠣᠷᠴᠢᠨ  ᠲᠤᠭᠤᠷᠢᠨ ᠤ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢᠨ ᠲᠤᠰᠢᠶᠠᠨ ᠰᠢᠢᠳᠪᠦᠷᠢᠯᠡᠭᠦᠯᠦᠭᠰᠡᠨ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢ ᠪᠠᠶᠢᠷᠢᠯᠠᠭᠤᠯᠪᠠ︔ ︽ᠰᠦᠩᠱᠠᠨ ᠲᠣᠭᠤᠷᠢᠭ ᠤᠨ ︿ᠬᠤᠲᠠ ᠶᠢᠨ ᠣᠯᠠᠨ ᠨᠡᠶᠢᠲᠡ ᠶᠢᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠣᠨ﹀ ᠤ ᠠᠵᠢᠯᠯᠠᠭᠠᠨ ᠤ ᠲᠥᠰᠦᠯ︾ ︽ᠰᠦᠩᠱᠠᠨ ᠲᠣᠭᠤᠷᠢᠭ ᠤᠨ ︿ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ ᠠᠬᠢᠭᠤᠯᠬᠤ ᠣᠨ﹀ ᠤ ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ︽ᠰᠦᠩᠱᠠᠨ ᠲᠣᠭᠤᠷᠢᠭ ᠤᠨ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯ ᠤᠨ ᠲᠥᠰᠦᠯ︾ ︽ᠰᠦᠩᠱᠠᠨ ᠲᠣᠭᠤᠷᠢᠭ ᠤᠨ ᠲᠠᠷᠢᠮᠠᠯ ᠤᠨ ᠦᠷ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠬᠠᠮᠢᠶᠠᠷᠤᠯᠲᠠ ᠶᠢᠨ ᠠᠷᠭ᠎ᠠ︾ ︽ᠴᠠᠭᠳᠠᠭᠠᠨ ᠤ ᠶᠠᠪᠤᠳᠠᠯ ᠤᠨ ᠲᠤᠰᠠᠯᠠᠬᠤ ᠠᠵᠢᠯᠲᠠᠨ ᠢ ᠢᠯᠡ ᠪᠠᠷ ᠤᠷᠢᠬᠤ ᠬᠡᠷᠡᠭᠵᠢᠭᠦᠯᠬᠦ ᠲᠥᠰᠦᠯ︾ ︽ᠰᠦᠩᠱᠠᠨ ᠲᠣᠭᠤᠷᠢᠭ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠪᠠᠶᠢᠰᠢᠩ ᠢ ᠵᠠᠰᠠᠵᠤ ᠴᠢᠮᠡᠭᠯᠡᠬᠦ ᠳᠤ ᠨᠥᠬᠦᠪᠥᠷᠢ ᠥᠭᠬᠦ ᠬᠠᠮᠢᠶᠠᠷᠤᠯᠲᠠ ᠶᠢᠨ ᠠᠷᠭ᠎ᠠ︾ ︽ᠰᠦᠩᠱᠠᠨ ᠲᠣᠭᠤᠷᠢᠭ ᠤᠨ ᠵᠠᠭᠠᠯᠳᠤᠯᠭ᠎ᠠ ᠶᠢᠨ ᠢᠷᠡᠯᠲᠡ ᠶᠢ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ︾  ᠢ ᠬᠢᠨᠠᠨ ᠵᠥᠪᠯᠡᠵᠦ ᠪᠠᠲᠤᠯᠠᠪᠠ︔ ᠰᠢᠬᠢᠷ ᠯᠤᠤᠪᠠᠩ ᠳᠠᠷᠢᠬᠤ ᠨᠥᠬᠦᠪᠥᠷᠢ᠂ ᠴᠢᠩᠳᠣᠤ ᠶᠢᠨ ᠲᠠᠷᠢᠶᠠᠯᠠᠩ ᠤᠨ ᠶᠡᠭᠡ ᠰᠤᠷᠭᠠᠭᠤᠯᠢ ᠲᠠᠢ ᠬᠠᠮᠲᠤᠷᠠᠯᠴᠠᠬᠤ᠂ ᠭᠤᠤᠯ ᠤᠨ ᠵᠠᠮ ᠠᠴᠠ ᠡᠯᠡᠰᠦ ᠮᠠᠯᠲᠠᠬᠤ ᠶᠢ ᠤᠯᠤᠰ ᠤᠨ ᠪᠣᠯᠭᠠᠬᠤ᠂ ᠥᠪᠥᠷ ᠮᠣᠩᠭᠤᠯ ᠤᠨ ᠪᠠᠩᠬᠢ ᠶᠢᠨ ᠬᠦᠷᠦᠩᠭᠡ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠡᠵᠡᠩᠨᠡᠯᠲᠡ ᠶᠢᠨ ᠬᠢᠵᠠᠭᠠᠷᠲᠤ ᠺᠣᠮᠫᠠᠨᠢ᠂ ᠰᠦᠩᠱᠠᠨ ᠲᠣᠭᠤᠷᠢᠭ ᠤᠨ ᠤᠯᠤᠰ ᠤᠨ ᠥᠮᠴᠢᠯᠡᠯ ᠤᠨ ᠲᠤᠰᠠᠭᠠᠷ ᠬᠦᠷᠦᠩᠭᠡ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠠᠵᠤ ᠠᠬᠤᠶᠢᠯᠠᠯ ᠢ ᠪᠠᠶᠢᠭᠤᠯᠬᠤ ᠵᠡᠷᠭᠡ ᠬᠤᠯᠪᠣᠭᠳᠠᠯ ᠪᠥᠬᠦᠶ ᠵᠦᠢᠯᠡᠰ ᠢ ᠰᠤᠳᠤᠯᠪᠠ᠃      ᠬᠤᠷᠠᠯ ᠠᠴᠠ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾ ᠢ ᠲᠣᠭᠲᠠᠭᠠᠨ ᠨᠡᠶᠢᠲᠡᠯᠡᠵᠦ᠂ ᠰᠢᠨ᠎ᠡ ᠴᠠᠭ ᠦᠶ᠎ᠡ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠵᠢᠷᠤᠮᠵᠢᠭᠤᠯᠤᠨ ᠴᠢᠩᠭᠠᠳᠬᠠᠬᠤ ᠳᠤ ᠦᠨᠳᠦᠰᠦᠨ ᠵᠢᠷᠤᠮᠯᠠᠯ ᠬᠠᠩᠭᠠᠪᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠳᠦᠷᠢᠮ︾ ᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠳᠦᠷᠢᠮ ᠢ ᠰᠠᠶᠢᠲᠤᠷ ᠰᠤᠷᠤᠯᠴᠠᠵᠤ ᠰᠠᠶᠢᠲᠤᠷ ᠬᠡᠷᠡᠭᠯᠡᠬᠦ ᠶᠢ ᠬᠦᠳᠦᠯᠦᠨ ᠵᠢᠯᠣᠭᠤᠳᠴᠤ᠂ ᠵᠠᠬᠢᠳᠠᠯ ᠰᠤᠷᠪᠤᠯᠵᠢᠯᠠᠭ᠎ᠠ ᠶᠢᠨ ᠤᠯᠠᠨ ᠲᠦᠮᠡᠨ ᠤ ᠬᠠᠤᠯᠢ ᠶᠣᠰᠣᠭᠠᠷ ᠣᠶᠤᠨᠴᠢ ᠪᠠᠷ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ ᠶᠢ ᠬᠦᠳᠦᠯᠦᠨ ᠵᠢᠯᠣᠭᠤᠳᠴᠤ᠂ ᠵᠠᠬᠢᠳᠠᠯ ᠰᠤᠷᠪᠤᠯᠵᠢᠯᠠᠭ᠎ᠠ ᠶᠢᠨ ︽ᠬᠠᠳᠠᠭᠠᠯᠠᠯᠲᠠ︾ ᠶᠢ ᠪᠦᠲᠦᠮᠵᠢᠲᠡᠢ ᠪᠠᠭᠠᠰᠬᠠᠵᠤ᠂ ᠵᠠᠬᠢᠳᠠᠯ ᠰᠤᠷᠪᠤᠯᠵᠢᠯᠠᠭ᠎ᠠ ᠶᠢᠨ ︽ᠨᠡᠮᠡᠭᠳᠡᠯ︾ ᠢ ᠬᠤᠷᠢᠭᠯᠠᠵᠤ᠂ ᠰᠢᠨ᠎ᠡ ᠴᠠᠭ ᠦᠶ᠎ᠡ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠤᠨ ᠡᠮᠦᠨ᠎ᠡ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠨᠠᠮ ᠤᠨ ᠭᠡᠰᠢᠭᠦᠨ ᠺᠠᠳ᠋ᠷ᠂ ᠡᠮᠨᠡᠯᠭᠡ ᠶᠢᠨ ᠠᠵᠢᠯᠲᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠨᠡᠶᠢᠭᠡᠮ ᠲᠣᠭᠤᠷᠢᠭ ᠤᠨ ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢ ᠪᠣᠯᠤᠨ ᠥᠷᠭᠡᠨ ᠣᠯᠠᠨ ᠲᠦᠮᠡᠨ ᠬᠦᠴᠦ ᠪᠠᠨ ᠬᠠᠮᠲᠤᠳᠬᠠᠨ ᠬᠠᠮᠵᠢᠯᠴᠠᠵᠤ᠂ ᠰᠢᠷᠭᠠᠭᠤ ᠬᠠᠲᠠᠭᠤᠵᠢᠯᠲᠠᠶ ᠲᠡᠮᠡᠴᠡᠵᠦ᠂ ᠬᠢᠵᠢᠭ ᠤᠨ ᠲᠠᠷᠬᠠᠯᠲᠠ ᠶᠢ ᠦᠳᠲᠡᠷ ᠲᠦᠷᠭᠡᠨ ᠢᠶᠠᠷ ᠬᠤᠷᠢᠭᠯᠠᠨ ᠵᠣᠭᠰᠣᠭᠠᠵᠤ᠂ ᠨᠡᠶᠢᠭᠡᠮ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠪᠠᠲᠤᠯᠠᠭᠰᠠᠨ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠭᠤᠰᠢᠲᠠᠶ ᠪᠠᠶᠢᠨ᠎ᠠ᠂ ᠲᠤᠷᠰᠢᠯᠭ᠎ᠠ ᠪᠠᠨ ᠬᠢᠨᠠᠮᠠᠭᠠᠶ ᠳ᠋ᠦᠩᠨᠡᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠡᠮᠨᠡᠯᠭᠡ ᠶᠢᠨ ᠬᠤᠷᠢᠶ᠎ᠠ᠂ ᠰᠤᠷᠭᠠᠭᠤᠯᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠥᠪᠯᠡᠷᠡᠭᠦᠯᠦᠨ ᠲᠤᠰᠠᠭᠠᠷᠯᠠᠬᠤ ᠴᠢᠭ ᠵᠡᠷᠭᠡ ᠬᠥᠮᠦᠨ ᠤᠯᠠᠨ ᠲᠥᠪᠯᠡᠷᠡᠭᠰᠡᠨ ᠲᠠᠯᠠᠪᠤᠷ ᠭᠠᠵᠠᠷ ᠤᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠡᠯ᠎ᠡ ᠲᠦᠷᠦᠯ ᠤᠨ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠪᠥᠭᠡᠳ ᠨᠠᠷᠢᠯᠢᠭ ᠨᠠᠶᠢᠳᠠᠪᠤᠷᠢᠵᠢᠭᠤᠯᠵᠤ᠂ ᠬᠢᠵᠢᠭ ᠤᠨ ᠰᠣᠯᠪᠢᠴᠠᠯ ᠬᠠᠯᠳᠠᠪᠤᠷᠢᠯᠠᠯ ᠡᠭᠦᠰᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠭᠤᠤᠯᠳᠠᠯᠭ᠎ᠠ ᠲᠠᠢ ᠬᠥᠮᠦᠰ ᠤᠨ ᠭᠤᠤᠯᠳᠠᠯᠭ᠎ᠠ ᠲᠠᠢ ᠠᠵᠢᠯ ᠲᠥᠷᠥᠯ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ︽ᠪᠠᠶᠢᠴᠠᠭᠠᠬᠤ ᠶᠣᠰᠣᠲᠠᠶ ᠶᠢ ᠨᠢ ᠴᠥᠮ ᠪᠠᠶᠢᠴᠠᠭᠠᠬᠤ︾ ᠠᠵᠢᠯ ᠢ ᠰᠠᠶᠢᠲᠤᠷ ᠬᠢᠵᠦ᠂ ᠲᠦᠭᠰᠢᠭᠦᠷᠢ ᠶᠢᠨ ᠳᠠᠯᠳᠠ ᠬᠡᠮ ᠢ ᠪᠥᠬᠦ ᠬᠦᠴᠦᠨ ᠢᠶᠠᠷ ᠢᠶᠠᠨ ᠵᠢᠭᠰᠠᠭᠠᠨ ᠪᠠᠶᠢᠴᠠᠭᠠᠬᠤ ᠬᠡᠷᠡᠭᠲᠡᠶ᠃ ᠡᠳ᠋ ᠪᠣᠳᠠᠰ ᠨᠥᠭᠡᠴᠡᠯᠡᠬᠦ ᠠᠵᠢᠯ ᠢ ᠰᠠᠶᠢᠲᠤᠷ ᠬᠢᠵᠦ᠂ ᠬᠢᠵᠢᠭ ᠢ ᠰᠡᠷᠭᠡᠶᠢᠯᠡᠬᠦ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠳ᠋ ᠪᠣᠳᠠᠰ ᠤᠨ ᠶᠠᠰᠤ ᠴᠢᠨᠠᠷ ᠨᠠᠶᠢᠳᠠᠪᠤᠷᠢᠲᠠᠶ᠂ ᠲᠤᠭ᠎ᠠ ᠬᠡᠮᠵᠢᠶ᠎ᠡ ᠭᠦᠢᠴᠡᠳ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠵᠢᠯᠲᠠᠨ ᠤ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠬᠥᠮᠦᠵᠢᠯ ᠪᠣᠯᠪᠠᠰᠤᠷᠠᠭᠤᠯᠤᠯ ᠢ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠬᠢᠵᠢᠭ ᠤᠨ ᠪᠠᠶᠢᠳᠠᠯ ᠭᠠᠷᠤᠭᠰᠠᠨ ᠤ ᠳᠠᠷᠠᠭ᠎ᠠ ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠳᠤ ᠪᠥᠬᠦ ᠲᠠᠯ᠎ᠠ ᠪᠠᠷ ᠲᠦᠷᠭᠡᠨ ᠣᠷᠣᠬᠤ ᠶᠢ ᠦᠨᠡᠨ ᠬᠦ ᠪᠠᠲᠤᠯᠠᠬᠤ ᠬᠡᠷᠡᠭᠲᠡᠶ᠃      ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠪᠠᠶᠢᠳᠠᠯ ᠢ ᠲᠣᠳᠣᠷᠬᠠᠢ ᠲᠠᠨᠢᠵᠤ᠂ ᠦᠵᠡᠯ ᠰᠠᠨᠠᠭ᠎ᠠ ᠪᠠᠨ ᠨᠢᠭᠡᠳᠬᠡᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠡᠵᠡᠮᠳᠡᠯ ᠢᠶᠠᠨ ᠴᠢᠩᠭᠠᠳᠬᠠᠵᠤ᠂ ᠲᠤᠰᠬᠠᠢ ᠲᠦᠷᠦᠯ ᠤᠨ ᠴᠡᠭᠴᠡᠯᠡᠨ ᠵᠠᠰᠠᠯᠲᠠ ᠶᠢ ᠭᠦᠨᠵᠡᠭᠡᠶᠢᠷᠡᠭᠦᠯᠵᠦ᠂ ᠡᠯ᠎ᠡ ᠲᠦᠷᠦᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠨ ᠬᠤᠷᠢᠭᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠡᠭᠦᠰᠬᠡᠯ ᠤᠨ ᠳᠠᠶᠢᠯᠠᠯᠳᠤᠭᠠᠨ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠ ᠪᠠᠯᠭᠠᠰᠤᠨ ᠤ ᠰᠢᠲᠠᠮᠠᠬᠠᠢ ᠬᠡᠢ ᠶᠢᠨ ᠬᠦᠷᠢᠶ᠎ᠡ᠂ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠬᠦᠷᠢᠶ᠎ᠡ᠂ ᠲᠦᠷᠢᠶᠡᠰᠦᠨ ᠭᠡᠷ᠂ ᠰᠤᠷᠭᠠᠭᠤᠯᠢ ᠵᠢᠴᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠵᠡᠷᠭᠡ ᠬᠦᠷᠢᠶᠡᠨ ᠳᠤ ᠣᠷᠣᠰᠢᠵᠤ ᠪᠠᠶᠢᠭ᠎ᠠ ᠠᠮᠤᠷ ᠲᠦᠪᠰᠢᠨ ᠤ ᠬᠡᠮ ᠰᠣᠭᠤᠭ ᠢ ᠭᠤᠣᠯᠳᠠᠯᠭ᠎ᠠ ᠲᠠᠢ ᠰᠡᠷᠭᠡᠶᠢᠯᠡᠵᠦ᠂ ᠠᠮᠤᠷ ᠲᠦᠪᠰᠢᠨ ᠢᠶᠠᠷ ᠬᠥᠭᠵᠢᠬᠦ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ  ᠭᠡᠵᠦ ᠴᠢᠬᠤᠯᠠᠴᠢᠯᠠᠪᠠ᠃      ᠬᠤᠷᠠᠯ ᠠᠴᠠ᠂ ᠪᠦᠬᠦ ᠲᠤᠭᠤᠷᠢᠭ ᠢᠶᠠᠷ ᠢᠶᠠᠨ ᠲᠦᠷᠦᠯ ᠵᠦᠢᠯ ᠢ ᠠᠳᠬᠤᠬᠤ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ︽ᠲᠦᠷᠦᠯ ᠵᠦᠢᠯ ᠢᠶᠠᠷ ᠭᠤᠣᠯ ᠪᠣᠯᠭᠠᠬᠤ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠦᠵᠡᠯ ᠰᠠᠨᠠᠭ᠎ᠠ ᠪᠠᠨ ᠴᠢᠨᠠᠭᠰᠢᠳᠠ ᠨᠢᠭᠡᠳᠬᠡᠵᠦ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠡᠭᠦᠷᠭᠡᠯᠡᠨ ᠠᠵᠢᠯᠯᠠᠵᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠬᠠᠪᠤᠷ ᠵᠤᠨ ᠤ ᠤᠯᠠᠷᠢᠯ ᠤᠨ ᠪᠠᠷᠢᠯᠭ᠎ᠠ ᠶᠢᠨ ︽ᠰᠢᠵᠢᠷ ᠠᠯᠲᠠᠨ ᠬᠤᠭᠤᠴᠠᠭ᠎ᠠ︾ ᠶᠢ ᠠᠮᠵᠢᠨ ᠠᠳᠬᠤᠵᠤ᠂ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠳᠡᠭᠡᠳᠦ ᠱᠠᠲᠤᠨ ᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠯᠭᠠᠯᠴᠠᠭ᠎ᠠ ᠶᠢ ᠪᠥᠬᠦ ᠲᠠᠯ᠎ᠠ ᠪᠠᠷ ᠰᠠᠶᠢᠲᠤᠷ ᠬᠢᠵᠦ᠂ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ ᠲᠤᠯᠭᠠᠷᠠᠭᠰᠠᠨ ᠡᠯ᠎ᠡ ᠲᠥᠷᠥᠯ ᠤᠨ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠲᠥᠷᠥᠯ ᠵᠦᠢᠯ ᠤᠨ ᠡᠮᠬᠢ ᠵᠢᠷᠤᠮ ᠲᠠᠢ ᠪᠥᠭᠡᠳ ᠬᠦᠴᠦᠲᠡᠶ ᠠᠭᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠲᠥᠷᠥᠯ ᠵᠦᠢᠯ ᠤᠨ ᠲᠤᠭ᠎ᠠ ᠪᠦᠷᠢᠳᠬᠡᠯ ᠢ ᠬᠥᠮᠥᠷᠭᠡ ᠳᠤ ᠣᠷᠣᠭᠤᠯᠬᠤ ᠠᠵᠢᠯ ᠢ ᠰᠠᠶᠢᠲᠤᠷ ᠬᠢᠵᠦ᠂ ᠣᠷᠣᠭᠤᠯᠬᠤ ᠶᠣᠰᠣᠲᠠᠶ ᠶᠢ ᠨᠢ ᠪᠦᠬᠦᠨ ᠢ ᠣᠷᠣᠭᠤᠯᠵᠤ᠂ ᠨᠢᠭᠡᠳᠬᠡᠪᠡᠰᠦ ᠵᠣᠬᠢᠬᠤ ᠶᠢ ᠨᠢ ᠪᠦᠬᠦᠨ ᠢ ᠨᠢᠭᠡᠳᠬᠡᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃      ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠦᠳᠦᠬᠡᠨ ᠪᠠᠶᠢᠭᠤᠯᠤᠯᠲᠠ ᠶᠢ ᠳᠡᠭᠡᠳᠦ  ᠬᠡᠮᠵᠢᠶ᠎ᠡ ᠪᠠᠷ ᠴᠢᠬᠤᠯᠠᠴᠢᠯᠠᠵᠤ᠂ ᠪᠦᠬᠦ ᠲᠠᠯ᠎ᠠ ᠪᠠᠷ ᠴᠢᠩᠭᠠᠳᠬᠠᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠬᠦ ᠶᠢ ᠲᠦᠷᠭᠡᠨ ᠠᠬᠢᠭᠤᠯᠵᠤ᠂ ᠦᠨᠡᠨ ᠠᠴᠠ ᠵᠥᠪ ᠢ ᠡᠷᠢᠵᠦ᠂ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠬᠤ᠂ ᠶᠠᠪᠤᠳᠠᠯ ᠪᠦᠬᠦᠨ ᠳᠤ ᠬᠠᠷᠢᠭᠤ ᠥᠭᠬᠦ ᠶᠢ ᠪᠠᠲᠤᠯᠠᠬᠤ ᠬᠡᠷᠡᠭᠲᠡᠢ᠃ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢᠨ ᠱᠠᠭᠠᠷᠳᠠᠯᠭ᠎ᠠ᠂ ᠶᠠᠰᠤ ᠴᠢᠨᠠᠷ ᠤᠨ ᠱᠠᠭᠠᠷᠳᠠᠯᠭ᠎ᠠ᠂ ᠴᠠᠭ ᠤᠨ ᠬᠢᠵᠠᠭᠠᠷ ᠤᠨ ᠱᠠᠭᠠᠷᠳᠠᠯᠭ᠎ᠠ ᠶᠣᠰᠣᠭᠠᠷ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠨ᠂ ᠬᠠᠷᠢᠭᠤᠴᠠᠯᠭ᠎ᠠ ᠶᠢᠨ ᠬᠡᠯᠬᠢᠶ᠎ᠡ ᠶᠢ ᠪᠣᠳᠠᠲᠠᠶᠢᠵᠢᠭᠤᠯᠵᠤ᠂ ᠲᠦᠷᠭᠡᠨ ᠪᠥᠭᠡᠳ ᠥᠨᠳᠥᠷ ᠪᠦᠲᠦᠮᠵᠢᠲᠡᠶ ᠪᠠᠷ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠠᠰᠠᠭᠤᠳᠠᠯ ᠢ ᠡᠷᠡᠰ ᠢᠶᠠᠷ ᠲᠦᠢᠯᠪᠤᠷᠢᠲᠠᠶ ᠥᠭᠡᠷᠡᠴᠢᠯᠡᠵᠦ᠂ ᠪᠣᠳᠠᠲᠠᠶ ᠪᠠᠷ ᠵᠠᠰᠠᠬᠤ ᠬᠡᠷᠡᠭᠲᠡᠶ ᠃ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠶ ᠭᠦᠢᠴᠡᠳᠬᠡᠵᠦ᠂ ᠨᠢᠭᠲᠠ ᠬᠠᠮᠵᠢᠯᠴᠠᠨ᠂ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠬᠡᠷᠡᠭ ᠢ ᠰᠢᠢᠳᠪᠦᠷᠢᠯᠡᠬᠦ ᠨᠡᠶᠢᠯᠡᠮᠡᠯ ᠬᠦᠴᠦᠨ ᠢ ᠦᠨᠡᠨᠬᠦ ᠪᠣᠶ ᠪᠣᠯᠭᠠᠵᠤ᠂ ᠬᠡᠷᠡᠭ ᠢ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃      ᠬᠤᠷᠠᠯ ᠠᠴᠠ᠂ ᠦᠷ᠎ᠡ ᠶᠢᠨ ᠦᠢᠯᠡᠰ ᠤᠨ ᠰᠠᠭᠤᠷᠢᠨ ᠤ ᠪᠦᠳᠦᠬᠡᠨ ᠪᠠᠶᠢᠭᠤᠯᠤᠯᠲᠠ ᠶᠢ ᠰᠠᠶᠢᠲᠤᠷ ᠠᠳᠬᠤᠵᠤ ᠂ ᠦᠷ᠎ᠡ ᠶᠢᠨ ᠦᠢᠯᠡᠳᠪᠦᠷᠢᠯᠡᠯ᠂ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠤᠷᠮᠠᠰᠢᠭᠤᠯᠵᠤ ᠪᠠᠲᠤᠯᠠᠬᠤ ᠠᠷᠭ᠎ᠠ ᠬᠡᠮᠵᠢᠶ᠎ᠡ ᠶᠢ ᠴᠢᠨᠠᠭᠰᠢᠳᠠ ᠨᠠᠶᠢᠳᠠᠪᠤᠷᠢᠵᠢᠭᠤᠯᠵᠤ᠂ ᠰᠠᠶᠢᠨ ᠦᠷ᠎ᠡ ᠶᠢ ᠲᠣᠭᠲᠠᠭᠤᠨ ᠢᠶᠠᠷ ᠬᠠᠩᠭᠠᠬᠤ ᠴᠢᠳᠠᠪᠤᠷᠢ ᠶᠢ ᠴᠢᠩᠭᠠᠳᠬᠠᠬᠤ ᠬᠡᠷᠡᠭᠲᠡᠢ᠃ ᠴᠢᠩᠳᠣᠤ ᠶᠢᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ᠂ ᠴᠢᠳᠠᠪᠤᠷᠢᠲᠠᠨ ᠢ ᠬᠥᠮᠦᠵᠢᠭᠦᠯᠬᠦ ᠲᠠᠯ᠎ᠠ ᠪᠠᠷ ᠬᠢ ᠳᠠᠪᠠᠭᠤᠯᠢᠭ ᠲᠤ ᠲᠦᠰᠢᠭᠯᠡᠨ᠂ ᠰᠦᠩᠱᠠᠨ ᠲᠣᠭᠤᠷᠢᠭ ᠤᠨ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠣᠬᠢᠷᠲᠤᠯ ᠥᠬᠡᠶ ᠠᠮᠢ ᠠᠬᠤᠶ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠵᠡᠷᠭᠡ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠪᠠ ᠬᠡᠷᠡᠭᠯᠡᠬᠦ ᠶᠢ ᠠᠬᠢᠭᠤᠯᠬᠤ ᠬᠡᠷᠡᠭᠲᠡᠶ᠃ ᠭᠤᠣᠯ ᠤᠨ ᠵᠠᠮ ᠠᠴᠠ ᠡᠯᠡᠰᠦ ᠮᠠᠯᠲᠠᠬᠤ ᠶᠢ ᠤᠯᠤᠰ ᠤᠨ ᠪᠣᠯᠭᠠᠬᠤ ᠠᠬᠢᠴᠠ ᠶᠢ ᠲᠦᠷᠭᠡᠳᠬᠡᠵᠦ᠂ ᠡᠮᠬᠢ ᠵᠠᠮᠪᠠᠷᠠᠭ᠎ᠠ ᠦᠭᠡᠢ ᠪᠠᠷ ᠮᠠᠯᠲᠠᠬᠤ᠂ ᠳᠤᠷ᠎ᠠ ᠪᠠᠷ ᠢᠶᠠᠨ ᠮᠠᠯᠲᠠᠬᠤ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠪᠦᠲᠦᠮᠵᠢᠲᠡᠢ ᠬᠤᠷᠢᠭᠯᠠᠵᠤ᠂ ᠭᠤᠣᠯ ᠤᠨ ᠵᠠᠮ ᠠᠴᠠ ᠡᠯᠡᠰᠦ ᠮᠠᠯᠲᠠᠬᠤ ᠬᠠᠮᠢᠶᠠᠷᠤᠯᠲᠠ ᠶᠢᠨ ᠵᠢᠷᠤᠮᠵᠢᠯ ᠲᠠᠢ ᠡᠮᠬᠢ ᠵᠢᠷᠤᠮ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠵᠠᠭᠠᠯᠳᠤᠯᠭ᠎ᠠ ᠶᠢᠨ ᠢᠷᠡᠯᠳᠡ ᠶᠢ ᠵᠠᠰᠠᠬᠤ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠰᠦᠩᠱᠠᠨ ᠲᠣᠭᠤᠷᠢᠭ ᠤᠨ ᠨᠡᠶᠢᠭᠡᠮ ᠤᠨ ᠵᠥᠷᠢᠴᠡᠯ ᠢ ᠠᠷᠢᠯᠭᠠᠬᠤ ᠬᠦᠴᠦᠨ ᠢ ᠴᠢᠩᠭᠠᠷᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠬᠡᠮᠵᠢᠶ᠎ᠡ ᠶᠢ ᠪᠠᠭᠤᠷᠠᠭᠤᠯᠤᠨ ᠂ ᠰᠢᠭᠦᠬᠦ ᠬᠤᠷᠢᠶᠠᠨ ᠤ ᠰᠢᠭᠦᠨ ᠲᠠᠰᠤᠯᠬᠤ ᠳᠠᠷᠤᠯᠲᠠ ᠶᠢ ᠬᠥᠩᠭᠡᠷᠡᠭᠦᠯᠵᠦ᠂ ᠠᠷᠠᠳ ᠤᠯᠠᠨ ᠤ ᠵᠠᠷᠭᠤ ᠶᠢᠨ ᠥᠪᠡᠷ ᠤᠨ ᠦᠷᠳᠡᠭ ᠢ ᠪᠠᠭᠤᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃      ᠰᠦᠩᠱᠠᠨ ᠲᠣᠭᠤᠷᠢᠭ ᠤᠨ ᠤᠳᠤᠷᠢᠳᠤᠯᠭ᠎ᠠ ᠯᠢᠶᠠᠩ ᠮᠢᠩ ᠽᠧ᠂ ᠵᠢᠶᠠ ᡁᠢ ᠬᠤᠩ᠂ ᠶᠠᠩ ᠯᠢ ᠬᠦᠩ᠂ ᠰᠢᠤᠢ ᠹᠸᠢ ᠶᠠᠨ᠂ ᠸᠠᠩ ᠫᠧᠩ ᠹᠸᠢ᠂ ᠢᠦᠢ ᠬᠤᠩ ᠯᠢᠨ᠂ ᠢᠦᠢ ᠬᠤᠸᠠ ᠶᠠᠨ ᠬᠤᠷᠠᠯ ᠳᠤ ᠣᠷᠣᠯᠴᠠᠪᠠ᠃          
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号