2022 ᠣᠨ ᠤ ᠰᠦᠩᠱᠠᠨ ᠲᠣᠭᠣᠷᠢᠭ ᠤᠨ ᠨᠢᠭᠡᠳᠦᠭᠡᠷ ᠤᠯᠠᠷᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢ ᠪᠡᠶᠡᠯᠡᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2022/4/24
    2022 ᠣᠨ ᠤ ᠨᠢᠭᠡᠳᠦᠭᠡᠷ ᠤᠯᠠᠷᠢᠯ ᠳᠤ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠨᠡᠮᠡᠭᠳᠡᠯ ᠢ ᠪᠠᠲᠤᠯᠠᠵᠤ᠂ ᠶᠡᠷᠦᠩᠬᠡᠢ ᠦᠢᠯᠡᠳᠬᠦᠨ ᠤ ᠦᠷᠳᠡᠭ ᠢ ᠨᠡᠶᠢᠳᠡ 18.2 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠦᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ ᠨᠡᠮᠡᠭᠳᠡᠯ ᠤᠨ ᠬᠤᠷᠳᠤᠴᠠ ᠨᠡᠶᠢᠲᠡ 11.3% ᠨᠡᠮᠡᠭᠳᠡᠵᠦ᠂ ᠪᠦᠬᠦ ᠬᠤᠳᠠ ᠳᠤ ᠭᠤᠷᠪᠠᠳᠤᠭᠠᠷ ᠲᠤ ᠣᠷᠣᠵᠤ᠂ ᠪᠦᠬᠦ ᠬᠤᠳᠠ ᠶᠢᠨ ᠳᠤᠮᠳᠠᠴᠢ ᠲᠦᠪᠰᠢᠨ ︵-0.8%︶ ᠠᠴᠠ ᠵᠠᠭᠤᠨ ᠤ ᠬᠠᠷᠢᠴᠠᠯ ᠢᠶᠠᠷ 12.1 ᠬᠤᠪᠢ ᠥᠨᠳᠥᠷ ᠪᠣᠯᠵᠠᠢ᠃ ᠠᠵᠤ ᠠᠬᠤᠶ ᠶᠢᠨ ᠲᠦᠷᠦᠯ ᠵᠦᠢᠯ ᠢᠶᠠᠷ ᠬᠤᠪᠢᠶᠠᠪᠠᠯ᠄ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ 19.2% ᠢᠶᠠᠷ ᠨᠡᠮᠡᠭᠳᠡᠵᠦ᠂ ᠬᠤᠪᠢ ᠣᠷᠣᠭᠤᠯᠬᠤ ᠳᠦᠷᠢᠮᠲᠦ ᠠᠵᠤ ᠠᠬᠤᠶᠢᠯᠠᠯ 26.8% ᠪᠠᠷ ᠨᠡᠮᠡᠭᠳᠡᠵᠦ᠂ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 41.8% ᠪᠠᠷ ᠪᠠᠭᠤᠷᠠᠪᠠ᠃ ᠭᠤᠷᠪᠠᠨ ᠶᠡᠭᠡ ᠲᠥᠷᠥᠯ ᠢᠶᠠᠷ ᠬᠤᠪᠢᠶᠠᠵᠤ ᠦᠵᠡᠪᠡᠯ᠄ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ 100% ᠳᠤ ᠬᠦᠷᠴᠦ᠂  ᠦᠢᠯᠡᠳᠬᠦ ᠦᠢᠯᠡᠰ ᠤᠨ ᠨᠡᠮᠡᠭᠳᠡᠯ 26.8% ᠳᠤ ᠬᠦᠷᠴᠦ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠪᠠᠭᠤᠷᠠᠯᠲᠠ 9% ᠳᠤ ᠬᠦᠷᠦᠪᠡ᠃      ᠨᠢᠭᠡᠳᠦᠭᠡᠷ ᠤᠯᠠᠷᠢᠯ ᠳᠤ ᠡᠵᠡᠩᠨᠡᠯᠲᠡ ᠶᠢᠨ ᠣᠷᠣᠯᠭ᠎ᠠ ᠶᠢ ᠨᠡᠶᠢᠲᠡ 15.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 0.8% ᠪᠠᠷ ᠪᠠᠭᠤᠷᠠᠪᠠ︔ ᠨᠡᠶᠢᠲᠡ 3.6 ᠳ᠋ᠦᠩᠰᠢᠭᠤᠷ ᠲᠥᠭᠦᠷᠢᠭ ᠤᠨ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 14.7% ᠪᠠᠷ ᠪᠠᠭᠤᠷᠠᠪᠠ︔ ᠨᠡᠶᠢᠲᠡ 1.5 ᠳ᠋ᠦᠩᠰᠢᠭᠤᠷ ᠲᠥᠭᠦᠷᠢᠭ ᠤᠨ ᠭᠠᠶᠢᠯᠢ ᠶᠢᠨ ᠮᠥᠩᠭᠦ ᠶᠢ ᠪᠡᠶᠡᠯᠡᠭᠦᠯᠵᠦ ᠂ ᠠᠳᠠᠯᠢ ᠬᠤᠭᠤᠴᠠᠭᠠᠨ ᠤ ᠬᠢ ᠠᠴᠠ 195.9% ᠪᠠᠷ ᠨᠡᠮᠡᠭᠳᠡᠪᠡ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号