ᠰᠦᠩᠱᠠᠨ ᠲᠤᠭᠤᠷᠢᠭ ᠤᠨ 2022 ᠣᠨ ᠤ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠠᠵᠢᠯᠯᠠᠭᠠᠨ ᠤ ᠵᠠᠳᠠᠯᠤᠯᠲᠠ
ᠨᠡᠶᠢᠲᠡᠯᠡᠭᠰᠡᠨ ᠴᠠᠭ᠄
2022/5/13
    ᠵᠢᠯ ᠤᠨ ᠡᠬᠢᠨ ᠠᠴᠠ ᠨᠠᠰᠢ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ᠂ ᠰᠦᠩᠱᠠᠨ ᠲᠤᠭᠤᠷᠢᠭ ᠤᠨ ᠵᠠᠰᠠᠭ ᠤᠨ ᠣᠷᠳᠣᠨ ᠣᠯᠠᠨ ᠤᠳᠠᠭ᠎ᠠ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠠᠵᠤ ᠠᠬᠤᠶ ᠶᠢᠨ ᠲᠣᠭᠲᠠᠭᠤᠨ ᠢᠶᠠᠷ ᠬᠥᠭᠵᠢᠬᠦ ᠶᠢ ᠴᠢᠷᠮᠠᠶᠢᠨ ᠠᠬᠢᠭᠤᠯᠪᠠ᠃ ᠬᠤᠰᠢᠭᠤ ᠰᠢᠶᠠᠨ ᠲᠣᠭᠤᠷᠢᠭ ᠤᠨ ᠦᠢᠯᠡᠳᠪᠦᠷᠢᠯᠡᠯ ᠤᠨ ᠪᠥᠬᠦ ᠥᠷᠲᠡᠭ ᠤᠨ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ 2022 ᠣᠨ ᠤ ᠨᠢᠭᠡᠳᠦᠭᠡᠷ ᠤᠯᠠᠷᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 78.3 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 3.5% ᠪᠠᠷ ᠨᠡᠮᠡᠭᠳᠡᠪᠡ᠃ ᠡᠭᠦᠨ ᠳᠤ᠂ ᠨᠢᠭᠡᠳᠦᠭᠡᠷ ᠠᠵᠤ ᠦᠢᠯᠡᠰ  ᠤᠨ ᠨᠡᠮᠡᠭᠳᠡᠯ ᠥᠷᠲᠡᠭ 6.2 ᠳ᠋ᠦᠩᠰᠢᠭᠤᠷ ᠲᠥᠭᠦᠷᠢᠭ ᠲᠤ ᠬᠦᠷᠴᠦ᠂ 7.8% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ  ᠤᠨ ᠨᠡᠮᠡᠭᠳᠡᠯ ᠥᠷᠲᠡᠭ 21 ᠳ᠋ᠦᠩᠰᠢᠭᠤᠷ ᠲᠥᠭᠦᠷᠢᠭ ᠲᠤ ᠬᠦᠷᠴᠦ᠂ 0.6% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ 51.1 ᠳ᠋ᠦᠩᠰᠢᠭᠤᠷ ᠲᠥᠭᠦᠷᠢᠭ ᠲᠤ ᠬᠦᠷᠴᠦ᠂ 4% ᠪᠠᠷ ᠨᠡᠮᠡᠭᠳᠡᠪᠡ᠃      ᠠᠵᠤ ᠠᠬᠤᠶ ᠶᠢᠨ ᠭᠤᠣᠯ ᠭᠦᠢᠴᠡᠳᠬᠡᠬᠦ ᠲᠤᠭ᠎ᠠ ᠶᠢ ᠪᠡᠶᠡᠯᠡᠭᠦᠯᠦᠭᠰᠡᠨ ᠪᠠᠶᠢᠳᠠᠯ      ᠲᠠᠷᠢᠶᠠᠯᠠᠩ ᠤᠨ ᠦᠢᠯᠡᠳᠪᠦᠷᠢᠯᠡᠯ᠃ 2022 ᠣᠨ ᠤ ᠨᠢᠭᠡᠳᠦᠭᠡᠷ ᠤᠯᠠᠷᠢᠯ ᠳᠤ᠂ ᠪᠥᠬᠦ ᠲᠤᠭᠤᠷᠢᠭ ᠤᠨ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠦᠢᠯᠡᠳᠬᠦᠨ ᠤ ᠪᠥᠬᠦ ᠥᠷᠲᠡᠭ 10.4 ᠳ᠋ᠦᠩᠰᠢᠭᠤᠷ ᠲᠥᠭᠦᠷᠢᠭ ᠲᠤ ᠬᠦᠷᠴᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 8.2% ᠨᠡᠮᠡᠭᠳᠡᠪᠡ᠃      ᠬᠡᠪᠴᠢᠶᠠᠵᠢᠯ ᠠᠴᠠ ᠳᠡᠭᠡᠭᠰᠢᠬᠢ ᠠᠵᠤ ᠦᠢᠯᠡᠳᠪᠦᠷᠢ᠃ 2022 ᠣᠨ ᠤ ᠨᠢᠭᠡᠳᠦᠭᠡᠷ ᠤᠯᠠᠷᠢᠯ ᠳᠤ᠂ ᠪᠥᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 11.3% ᠨᠡᠮᠡᠭᠳᠡᠪᠡ᠃ ᠠᠵᠤ ᠠᠬᠤᠶ ᠶᠢᠨ ᠲᠦᠷᠦᠯ ᠵᠦᠢᠯ ᠢᠶᠠᠷ ᠬᠤᠪᠢᠶᠠᠪᠠᠯ᠄ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ 19.2% ᠢᠶᠠᠷ ᠨᠡᠮᠡᠭᠳᠡᠵᠦ᠂ ᠬᠤᠪᠢ ᠣᠷᠣᠭᠤᠯᠬᠤ ᠳᠦᠷᠢᠮᠲᠦ ᠠᠵᠤ ᠠᠬᠤᠶᠢᠯᠠᠯ 26.8% ᠪᠠᠷ ᠨᠡᠮᠡᠭᠳᠡᠵᠦ᠂ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 41.8% ᠪᠠᠷ ᠪᠠᠭᠤᠷᠠᠪᠠ᠃ ᠭᠤᠷᠪᠠᠨ ᠶᠡᠭᠡ ᠲᠥᠷᠥᠯ ᠬᠤᠪᠢᠶᠠᠵᠤ ᠦᠵᠡᠪᠡᠯ᠄ ᠠᠭᠤᠷᠬᠠᠶ ᠮᠠᠯᠲᠠᠬᠤ ᠦᠢᠯᠡᠰ  ᠤᠨ ᠨᠡᠮᠡᠭᠳᠡᠯ 100% ᠳᠤ ᠬᠦᠷᠴᠦ᠂ ᠦᠢᠯᠡᠳᠬᠦ ᠦᠢᠯᠡᠰ  ᠤᠨ ᠨᠡᠮᠡᠭᠳᠡᠯ 26.8% ᠳᠤ ᠬᠦᠷᠴᠦ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ  ᠤᠨ ᠪᠠᠭᠤᠷᠠᠯᠲᠠ 9% ᠳᠤ ᠬᠥᠷᠪᠡ᠃      ᠲᠣᠭᠲᠠᠮᠠᠯ ᠬᠦᠷᠦᠩᠭᠡ ᠶᠢᠨ ᠪᠡᠯᠠ ᠣᠷᠣᠭᠤᠯᠤᠯᠲᠠ᠃ 2022 ᠣᠨ ᠤ ᠨᠢᠭᠡᠳᠦᠭᠡᠷ ᠤᠯᠠᠷᠢᠯ ᠳᠤ᠂ ᠪᠥᠬᠦ ᠲᠤᠭᠤᠷᠢᠭ ᠤᠨ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 33% ᠪᠠᠷ ᠨᠡᠮᠡᠭᠳᠡᠪᠡ᠃ ᠡᠭᠦᠨ ᠳᠤ ᠲᠥᠷᠥᠯ ᠵᠦᠢᠯ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 4.4% ᠨᠡᠮᠡᠭᠳᠡᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 4.1%ᠨᠡᠮᠡᠭᠳᠡᠪᠡ᠃      ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ᠃ 2022 ᠣᠨ ᠤ ᠨᠢᠭᠡᠳᠦᠭᠡᠷ ᠤᠯᠠᠷᠢᠯ ᠳᠤ᠂ ᠪᠥᠬᠦ ᠲᠤᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 6.1% ᠪᠠᠷ ᠨᠡᠮᠡᠭᠳᠡᠪᠡ᠃      ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ᠃ 2022 ᠣᠨ ᠤ ᠨᠢᠭᠡᠳᠦᠭᠡᠷ ᠤᠯᠠᠷᠢᠯ ᠳᠤ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 11592 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5% ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 5995 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.6% ᠨᠡᠮᠡᠭᠳᠡᠪᠡ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号