ᠰᠦᠩᠱᠠᠨ ᠲᠣᠭᠤᠷᠢᠭ ᠤᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠪᠣᠳᠠᠰ ᠤᠨ ᠬᠠᠳᠠᠭᠠᠯᠠᠭᠳᠠᠴᠠ ᠭᠦᠢᠴᠡᠳ᠂ ᠦᠨ᠎ᠡ ᠬᠠᠩᠰᠢ ᠲᠣᠭᠲᠠᠭᠤᠨ ᠪᠠᠶᠢᠨ᠎ᠠ
ᠨᠡᠶᠢᠲᠡᠯᠡᠭᠰᠡᠨ ᠴᠠᠭ᠄
2022/6/10
     ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠬᠠᠩᠭᠠᠯᠭ᠎ᠠ ᠭᠦᠢᠴᠡᠳ ᠪᠠᠶᠢᠬᠤ ᠶᠢ ᠪᠠᠲᠤᠯᠠᠬᠤ ᠶᠢᠨ ᠲᠥᠯᠥᠭᠡ᠂ ᠰᠦᠩᠱᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠪᠦᠲᠦᠮᠵᠢᠲᠡᠶ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠠᠪᠴᠤ᠂ ᠡᠯ᠎ᠡ ᠲᠣᠮᠣ ᠬᠡᠲᠦ ᠳᠡᠯᠭᠡᠭᠦᠷ ᠤᠨ ᠠᠵᠤ ᠠᠬᠤᠶᠢᠯᠠᠯ ᠳᠤ ᠰᠠᠭᠤᠭ᠎ᠠ ᠬᠥᠮᠦᠰ ᠢ ᠲᠣᠮᠢᠯᠠᠨ ᠲᠣᠮᠣ ᠬᠡᠯᠪᠡᠷᠢ ᠶᠢᠨ ᠬᠡᠲᠦ ᠳᠡᠯᠭᠡᠭᠦᠷ ᠤᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠬᠠᠳᠠᠭᠠᠯᠠᠯᠲᠠ ᠵᠢᠴᠢ ᠦᠨ᠎ᠡ ᠬᠠᠩᠰᠢ ᠶᠢ ᠬᠢᠨᠠᠨ ᠡᠵᠡᠮᠳᠡᠵᠦ᠂ ᠠᠮᠤ᠂ ᠭᠤᠯᠢᠷ᠂ ᠪᠤᠳᠠᠭ᠎ᠠ᠂ ᠲᠣᠰᠣ᠂ ᠢᠳᠡᠰᠢᠨ ᠨᠣᠭᠤᠭ᠎ᠠ ᠵᠡᠷᠭᠡ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠦᠨ᠎ᠡ ᠶᠡᠷᠦᠩᠬᠡᠶ ᠳᠡᠭᠡᠨ ᠲᠣᠭᠲᠠᠭᠤᠨ᠂ ᠨᠥᠭᠡᠴᠡ ᠭᠦᠢᠴᠡᠳ ᠪᠠᠶᠢᠬᠤ ᠶᠢ ᠪᠠᠲᠤᠯᠠᠨ᠎ᠠ᠃      ᠣᠲᠣ ᠪᠣᠯᠲᠠᠯ᠎ᠠ᠂ ᠲᠣᠮᠣ ᠬᠡᠯᠪᠡᠷᠢ ᠶᠢᠨ ᠬᠡᠲᠦ ᠳᠡᠯᠭᠡᠭᠦᠷ ᠪᠣᠯᠤᠨ ᠢᠦᠶ ᠷᠦᠨ ᠵᠠᠬ᠎ᠠ ᠳᠡᠯᠭᠡᠭᠦᠷ ᠲᠤᠲᠤᠷᠭ᠎ᠠ 75.3 ᠲᠣᠨ᠂ ᠭᠤᠯᠢᠷ 68.4 ᠲᠣᠨ᠂ ᠢᠳᠡᠰᠢᠨ ᠲᠣᠰᠣ 32.2 ᠲᠣᠨ᠂ ᠦᠬᠡᠷ ᠬᠤᠨᠢᠨ ᠮᠢᠬ᠎ᠠ 8.928 ᠲᠣᠨ᠂ ᠭᠠᠭ᠋ᠠᠶ ᠶᠢᠨ ᠮᠢᠬ᠎ᠠ 18.7 ᠲᠣᠨ᠂ ᠲᠠᠬᠢᠶᠠᠨ ᠥᠨᠳᠡᠭᠡ 29.42 ᠲᠣᠨ᠂ ᠢᠳᠡᠰᠢᠨ ᠨᠣᠭᠤᠭ᠎ᠠ 555.6 ᠲᠣᠨ᠂ ᠢᠳᠡᠰᠢᠨ ᠳᠠᠪᠤᠰᠤ 8.5 ᠲᠣᠨ᠂ ᠰᠦᠨ ᠤ ᠲᠥᠷᠥᠯ 44.6 ᠲᠣᠨ᠂ ᠵᠢᠮᠢᠰ 428.1 ᠲᠣᠨ᠂ ᠥᠪᠡᠷᠲᠡᠭᠡᠨ ᠬᠠᠯᠠᠭᠠᠬᠤ ᠢᠳᠡᠭᠡᠨ 4 ᠲᠣᠨ᠂ ᠲᠥᠬᠦᠮ ᠮᠢᠨᠲᠤᠤᠷ 32351 ᠤᠭᠤᠲᠠ᠂ ᠬᠢᠮ᠎ᠠ ᠭᠡᠳᠡᠰᠦ 28685 ᠰᠢᠷᠬᠡᠭ᠂ ᠷᠠᠰᠢᠶᠠᠨ ᠤᠰᠤ 30614 ᠯᠣᠩᠬᠤ ᠬᠠᠳᠠᠭᠠᠯᠠᠵᠤ ᠪᠣᠶ᠃      ᠳᠤᠷ᠎ᠠ ᠪᠠᠷ ᠪᠠᠷᠠᠭᠠᠨ ᠤ ᠦᠨ᠎ᠡ ᠶᠢ ᠥᠰᠬᠡᠵᠦ᠂ ᠦᠨ᠎ᠡ ᠬᠠᠩᠰᠢ ᠶᠢᠨ ᠮᠡᠬᠡᠯᠡᠯ ᠬᠢᠵᠦ᠂ ᠦᠨ᠎ᠡ ᠬᠠᠩᠰᠢ ᠶᠢ ᠢᠯᠡ ᠲᠡᠮᠳᠡᠭᠯᠡᠬᠦ ᠥᠬᠡᠶ ᠦᠢᠯᠡ ᠠᠵᠢᠯᠯᠠᠭ᠎ᠠ ᠣᠷᠣᠰᠢᠵᠤ ᠪᠠᠶᠢᠭ᠎ᠠ ᠲᠣᠮᠣ ᠬᠡᠯᠪᠡᠷᠢ ᠶᠢᠨ ᠬᠡᠲᠦ ᠳᠡᠯᠭᠡᠭᠦᠷ ᠲᠤ᠂ ᠰᠦᠩᠱᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠬᠤ ᠶᠢᠨ ᠬᠠᠮᠲᠤ ᠣᠯᠵᠤ ᠮᠡᠳᠡᠭᠰᠡᠨ ᠠᠰᠠᠭᠤᠳᠠᠯ ᠢᠶᠠᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠬᠠᠷᠢᠭᠤ ᠲᠤᠰᠬᠠᠬᠤ ᠪᠣᠯᠤᠨ᠎ᠠ᠃ ᠵᠠᠭᠠᠯᠳᠤᠬᠤ ᠢᠯᠡᠴᠢᠯᠡᠨ ᠮᠡᠳᠡᠭᠦᠯᠬᠦ ᠤᠲᠠᠰᠤ᠄ 12315᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号