ᠰᠦᠩᠱᠠᠨ ᠲᠣᠭᠤᠷᠢᠭ ᠤᠨ ᠡᠯ᠎ᠡ ᠲᠣᠮᠣ ᠬᠡᠲᠦ ᠳᠡᠯᠭᠡᠭᠦᠷ ᠤᠨ ᠪᠠᠷᠠᠭᠠᠨ ᠤ ᠦᠨ᠎ᠡ ᠲᠣᠭᠲᠠᠭᠤᠨ ᠪᠠᠶᠢᠵᠤ᠂ ᠰᠠᠭᠤᠭᠠᠯᠢ ᠠᠷᠠᠳ ᠰᠦᠯᠵᠢᠶᠡᠨ ᠳᠡᠭᠡᠷ᠎ᠡ ᠠᠴᠠ ᠪᠠᠷᠠᠭ᠎ᠠ ᠬᠤᠳᠠᠯᠳᠤᠨ ᠠᠪᠴᠤ ᠪᠣᠯᠤᠨ᠎ᠠ
ᠨᠡᠶᠢᠲᠡᠯᠡᠭᠰᠡᠨ ᠴᠠᠭ᠄
2022/6/10
     ᠣᠶᠢᠷ᠎ᠠ ᠶᠢᠨ ᠡᠳᠦᠷ ᠤᠳ ᠲᠤ᠂ ᠰᠦᠩᠱᠠᠨ ᠲᠣᠭᠤᠷᠢᠭ ᠤᠨ ᠥᠷᠭᠡᠨ ᠣᠯᠠᠨ ᠰᠠᠭᠤᠭᠠᠯᠢ ᠠᠷᠠᠳ ᠤᠨ ᠪᠠᠷᠠᠭ᠎ᠠ ᠬᠤᠳᠠᠯᠳᠤᠨ ᠠᠪᠬᠤ ᠶᠠᠪᠤᠳᠠᠯ ᠡᠮᠬᠢ ᠵᠢᠷᠤᠮ ᠲᠠᠢ ᠶᠠᠪᠤᠭᠳᠠᠵᠤ᠂ ᠨᠠᠢᠮᠠᠨ ᠲᠣᠮᠣ ᠬᠡᠳᠦ ᠳᠡᠯᠭᠡᠭᠦᠷ ᠲᠤ ᠪᠤᠯᠢᠶᠠᠯᠳᠤᠨ ᠬᠤᠳᠠᠯᠳᠤᠵᠤ ᠠᠪᠬᠤ ᠦᠵᠡᠭᠳᠡᠯ ᠭᠠᠷᠤᠭᠰᠠᠨ ᠦᠭᠡᠶ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠦᠨ᠎ᠡ ᠬᠠᠩᠰᠢ ᠬᠠᠷᠢᠴᠠᠩᠭᠤᠶ ᠪᠠᠷ ᠲᠣᠭᠲᠠᠭᠤᠨ ᠪᠠᠶᠢᠨ᠎ᠠ᠃      6 ᠰᠠᠷ᠎ᠠ ᠶᠢᠨ 9 ᠤ ᠡᠳᠦᠷ᠂ ᠰᠦᠩᠱᠠᠨ ᠲᠣᠭᠤᠷᠢᠭ ᠤᠨ ᠨᠠᠢᠮᠠᠨ ᠲᠣᠮᠣ ᠬᠡᠯᠪᠡᠷᠢ ᠶᠢᠨ ᠬᠡᠲᠦ ᠳᠡᠯᠭᠡᠭᠦᠷ ᠤᠨ ᠪᠣᠷᠣᠯᠠᠭᠤᠯᠤᠯᠲᠠ ᠶᠢᠨ ᠬᠡᠮᠵᠢᠶ᠎ᠡ 6 ᠰᠠᠷ᠎ᠠ ᠶᠢᠨ 8 ᠤ ᠡᠳᠦᠷ ᠤᠨ ᠬᠢ ᠠᠴᠠ ᠪᠠᠭ᠎ᠠ ᠬᠡᠮᠵᠢᠶ᠎ᠡ ᠪᠠᠷ ᠨᠡᠮᠡᠭᠳᠡᠵᠦ᠂ ᠡᠳᠦᠷ ᠲᠤᠲᠤᠮ ᠤᠨ ᠪᠣᠷᠣᠯᠠᠭᠤᠯᠤᠯᠲᠠ ᠶᠢᠨ ᠬᠡᠮᠵᠢᠶ᠎ᠡ ᠠᠴᠠ ᠪᠠᠷᠤᠭ ᠭᠤᠷᠪᠠᠨ ᠤ ᠨᠢᠭᠡ ᠬᠤᠪᠢ ᠪᠠᠭᠤᠷᠠᠵᠤ᠂ ᠵᠢᠱᠢᠯᠲᠡ ᠪᠠᠷ 6 ᠰᠠᠷ᠎ᠠ ᠶᠢᠨ 10 ᠤ ᠡᠳᠦᠷ ᠪᠤᠷᠤᠯᠠᠭᠤᠯᠭ᠎ᠠ ᠶᠢᠨ ᠬᠡᠮᠵᠢᠶ᠎ᠡ ᠪᠠᠭᠤᠷᠠᠨ᠎ᠠ᠃      ᠪᠢᠲᠡᠭᠦᠮᠵᠢᠯᠡᠨ ᠡᠵᠡᠮᠳᠡᠬᠦ ᠣᠷᠣᠨ ᠪᠠ ᠬᠠᠮᠢᠶᠠᠷᠤᠨ ᠡᠵᠡᠮᠳᠡᠬᠦ ᠣᠷᠣᠨ ᠤ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠬᠠᠩᠭᠠᠯᠭ᠎ᠠ ᠶᠢ ᠪᠠᠲᠤᠯᠠᠬᠤ ᠶᠢᠨ ᠲᠥᠯᠥᠭᠡ᠂ ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠨᠢᠭᠡᠨᠲᠡ ᠲᠤᠰᠬᠠᠶ ᠬᠥᠮᠦᠨ ᠲᠣᠮᠢᠯᠠᠨ ᠨᠠᠢᠮᠠᠨ ᠲᠣᠮᠣ ᠬᠡᠯᠪᠡᠷᠢ ᠶᠢᠨ ᠬᠡᠲᠦ ᠳᠡᠯᠭᠡᠭᠦᠷ ᠂ ᠢᠦᠶ ᠷᠦᠨ ᠵᠠᠬ᠎ᠠ ᠳᠡᠯᠭᠡᠭᠦᠷ ᠵᠡᠷᠭᠡ ᠭᠤᠤᠯᠳᠠᠯᠭ᠎ᠠ ᠲᠠᠢ ᠪᠠᠲᠤᠯᠠᠨ ᠬᠠᠩᠭᠠᠬᠤ ᠠᠵᠤ ᠠᠬᠤᠶᠢᠯᠠᠯ ᠳᠤ ᠡᠳᠦᠷ ᠪᠦᠷᠢ ᠶᠢᠨ ᠬᠢᠨᠠᠨ ᠬᠡᠮᠵᠢᠯᠲᠡ ᠬᠢᠵᠦ᠂ ᠢᠳᠡᠰᠢᠨ ᠨᠣᠭᠤᠭ᠎ᠠ᠂ ᠮᠢᠬᠠᠨ ᠤ ᠵᠦᠢᠯ᠂ ᠠᠮᠤ ᠪᠤᠳᠠᠭ᠎ᠠ ᠲᠣᠰᠣ ᠵᠡᠷᠭᠡ ᠴᠢᠬᠤᠯᠠ ᠠᠮᠢᠳᠤᠷᠠᠯ ᠤᠨ ᠬᠡᠷᠡᠭᠯᠡᠭᠡᠨ ᠤ ᠵᠦᠢᠯ ᠤᠨ ᠡᠳᠦᠷ ᠪᠦᠷᠢ ᠶᠢᠨ ᠬᠠᠩᠭᠠᠯᠭ᠎ᠠ᠂ ᠬᠠᠳᠠᠭᠠᠯᠠᠯᠲᠠ ᠶᠢᠨ ᠪᠠᠶᠢᠳᠠᠯ ᠳᠤ ᠴᠠᠭ ᠲᠤᠬᠠᠶ ᠳᠤᠨᠢ ᠬᠢᠨᠠᠨ ᠬᠡᠮᠵᠢᠯᠲᠡ ᠬᠢᠵᠦ᠂ ᠠᠵᠤ ᠠᠬᠤᠶᠢᠯᠠᠯ ᠤᠨ ᠪᠠᠷᠠᠭᠠᠨ ᠤ ᠢᠷᠡᠯᠲᠡ ᠶᠢ ᠲᠣᠭᠲᠠᠪᠤᠷᠢᠵᠢᠭᠤᠯᠵᠤ᠂ ᠬᠥᠮᠥᠷᠭᠡ ᠶᠢᠨ ᠬᠠᠳᠠᠭᠠᠯᠠᠯᠲᠠ ᠶᠢ ᠥᠷᠭᠡᠳᠬᠡᠬᠦ ᠶᠢ ᠵᠢᠭᠠᠨ ᠵᠢᠯᠣᠭᠤᠳᠪᠠ᠃      6 ᠰᠠᠷ᠎ᠠ ᠶᠢᠨ 9 ᠤ ᠡᠳᠦᠷ᠂ ᠰᠦᠩᠱᠠᠨ ᠲᠣᠭᠤᠷᠢᠭ ᠤᠨ ᠨᠠᠢᠮᠠᠨ ᠲᠣᠮᠣ ᠬᠡᠲᠦ ᠳᠡᠯᠭᠡᠭᠦᠷ ᠵᠢᠴᠢ ᠢᠦᠶ ᠷᠦᠨ ᠵᠠᠬ᠎ᠠ ᠳᠡᠯᠭᠡᠭᠦᠷ ᠲᠤ ᠲᠤᠲᠤᠷᠭ᠎ᠠ ᠨᠡᠶᠢᠲᠡ 70.6 ᠲᠣᠨ᠂ ᠭᠤᠯᠢᠷ 67.6 ᠲᠣᠨ᠂ ᠢᠳᠡᠰᠢᠨ ᠲᠣᠰᠣ 34.5 ᠲᠣᠨ᠂ ᠦᠬᠡᠷ ᠬᠤᠨᠢᠨ ᠮᠢᠬ᠎ᠠ 10.1 ᠲᠣᠨ᠂ ᠭᠠᠭ᠋ᠠᠶ ᠶᠢᠨ ᠮᠢᠬ᠎ᠠ 20.3 ᠲᠣᠨ᠂ ᠲᠠᠬᠢᠶᠠᠨ ᠥᠨᠳᠡᠭᠡ 33.9 ᠲᠣᠨ᠂ ᠢᠳᠡᠰᠢᠨ ᠨᠣᠭᠤᠭ᠎ᠠ 799.44 ᠲᠣᠨ᠂ ᠢᠳᠡᠰᠢᠨ ᠳᠠᠪᠤᠰᠤ 18.45 ᠲᠣᠨ᠂ ᠰᠦᠨ ᠤ ᠵᠦᠢᠯ 44.95 ᠲᠣᠨ᠂ ᠵᠢᠮᠢᠰ 530.84 ᠲᠣᠨ᠂ ᠥᠪᠡᠷᠲᠡᠭᠡᠨ ᠬᠠᠯᠠᠭᠠᠬᠤ ᠢᠳᠡᠭᠡᠨ 3.795 ᠲᠣᠨ᠂ ᠲᠥᠬᠦᠮ ᠮᠢᠨᠲᠤᠤᠷ 35088 ᠤᠭᠤᠲᠠ᠂ ᠬᠢᠮ᠎ᠠ ᠭᠡᠳᠡᠰᠦ 28971᠂ ᠷᠠᠰᠢᠶᠠᠨ ᠤᠰᠤ 38617 ᠯᠣᠩᠬᠤ ᠬᠠᠳᠠᠭᠠᠯᠠᠵᠤ ᠪᠣᠶ᠃      ᠰᠦᠩᠱᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠬᠤᠲᠠ ᠶᠢᠨ ᠲᠣᠭᠤᠷᠢᠭ ᠤᠨ ᠨᠠᠢᠮᠠᠨ ᠲᠣᠮᠣ ᠬᠡᠯᠪᠡᠷᠢ ᠶᠢᠨ ᠬᠡᠲᠦ ᠳᠡᠯᠭᠡᠭᠦᠷ ᠢ ᠢᠳᠡᠪᠬᠢᠲᠡᠶ ᠪᠠᠷ ᠵᠣᠬᠢᠴᠠᠭᠤᠯᠵᠤ ᠪᠠᠶᠢᠭᠠᠳ ᠰᠦᠯᠵᠢᠶᠡᠨ ᠳᠡᠭᠡᠷ᠎ᠡ ᠪᠠᠷᠠᠭ᠎ᠠ ᠬᠤᠳᠠᠯᠳᠤᠨ ᠠᠪᠬᠤ ᠵᠠᠮ ᠢ ᠥᠷᠭᠡᠳᠬᠡᠵᠦ᠂ ᠰᠠᠭᠤᠭᠠᠯᠢ ᠠᠷᠠᠳ ᠲᠤ ᠰᠦᠯᠵᠢᠶᠡᠨ ᠳᠡᠭᠡᠷ᠎ᠡ ᠪᠠᠷᠠᠭ᠎ᠠ ᠵᠠᠬᠢᠶᠠᠯᠠᠬᠤ ᠵᠠᠮ ᠢ ᠬᠠᠩᠭᠠᠨ ᠥᠭᠴᠦ᠂ ᠬᠡᠲᠦ ᠳᠡᠯᠭᠡᠭᠦᠷ ᠬᠤᠳᠠᠯᠳᠤᠭᠠᠨ ᠤ ᠲᠠᠯᠠᠪᠤᠷ ᠵᠡᠷᠭᠡ ᠶᠢ ᠲᠦᠷᠭᠡᠨ ᠬᠦᠷᠭᠡᠯᠲᠡ ᠶᠢᠨ ᠳᠣᠭᠢᠷᠠᠭᠤᠯᠤᠨ ᠬᠦᠷᠭᠡᠬᠦ ᠺᠣᠮᠫᠠᠨᠢ ᠲᠠᠢ ᠬᠠᠮᠲᠤᠷᠠᠨ ᠠᠵᠢᠯᠯᠠᠬᠤ ᠶᠢ ᠵᠣᠷᠢᠭᠵᠢᠭᠤᠯᠵᠤ᠂ ᠲᠡᠭᠡᠭᠡᠪᠦᠷᠢ ᠶᠢᠨ ᠬᠦᠴᠦᠨ ᠢ ᠴᠢᠩᠭᠠᠷᠠᠭᠤᠯᠪᠠ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号