6 ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ | ᠱᠦᠵᠢ ᠵᠢᠶᠠᠩ ᠼᠦᠩ ᠤᠯᠠᠭᠠᠨᠬᠠᠳᠠ ᠶᠢᠨ ᠤᠯᠠᠭᠠᠨ ᠲᠤᠭ ᠳᠤᠮᠳᠠᠳᠤ ᠰᠤᠷᠭᠠᠭᠤᠯᠢ ᠳᠤ ᠬᠦᠷᠴᠦ | ᠰᠢᠯᠭᠠᠭᠤᠯᠤᠭᠰᠠᠳ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ᠂ ᠰᠤᠷᠭᠠᠨ ᠬᠥᠮᠦᠵᠢᠯ ᠵᠢᠭᠠᠨ ᠰᠤᠷᠭᠠᠯᠲᠠ | ᠵᠡᠷᠭᠡ ᠪᠠᠶᠢᠳᠠᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠤᠳᠤᠷᠢᠳᠤᠯᠭ᠎ᠠ ᠵᠦ ᠰᠢᠶᠤᠤ ᠯᠸᠢ᠂ ᠢᠦᠢ ᠬᠤᠸᠠ | ᠶᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | ᠤᠯᠠᠭᠠᠨᠬᠠᠳᠠ ᠶᠢᠨ ᠤᠯᠠᠭᠠᠨ ᠲᠤᠭ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ ᠲᠤ᠂ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠣᠷᠣᠯᠴᠠᠭᠰᠠᠨ ᠰᠢᠯᠭᠠᠭᠤᠯᠤᠭᠴᠢ ᠰᠢᠯᠭᠠᠯᠲᠠ ᠶᠢᠨ | ᠲᠠᠯᠠᠪᠤᠷ ᠢᠶᠠᠷ ᠪᠦᠯᠦᠭ ᠤᠳᠠᠭ᠎ᠠ ᠬᠤᠪᠢᠶᠠᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ ᠳᠤ ᠣᠷᠣᠵᠤ᠂ | ᠪᠥᠭᠡᠮ ᠬᠦᠴᠢᠯ ᠤᠨ ᠥᠯᠢᠭᠡᠷ ᠠᠪᠬᠤ ᠶᠢ ᠡᠮᠬᠢ ᠵᠢᠷᠤᠮ ᠲᠠᠢ ᠪᠠᠷ ᠭᠥᠯᠢᠶᠡᠨ ᠠᠪᠤᠨ᠎ᠠ᠃ ᠵᠢᠶᠠᠩ ᠼᠦᠩ | ᠲᠤᠬᠠᠶ ᠶᠢᠨ ᠲᠠᠯᠠᠪᠤᠷ ᠲᠤ ᠬᠦᠷᠴᠦ᠂ ᠰᠢᠯᠭᠠᠭᠤᠯᠤᠭᠴᠢ ᠶᠢᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ | ᠲᠥᠬᠦᠭᠡᠷᠦᠮᠵᠢ ᠶᠢᠨ ᠲᠣᠬᠢᠷᠠᠭᠤᠯᠤᠯᠲᠠ᠂ ᠠᠵᠢᠯᠲᠠᠨ ᠤ ᠲᠣᠬᠢᠷᠠᠭᠤᠯᠤᠯᠲᠠ᠂ ᠲᠤᠬᠠᠶ ᠶᠢᠨ ᠲᠠᠯᠠᠪᠤᠷ ᠤᠨ ᠵᠣᠬᠢᠶᠠᠨ | ᠪᠠᠶᠢᠭᠤᠯᠤᠯᠲᠠ᠂ ᠡᠳ᠋ ᠪᠣᠳᠠᠰ ᠤᠨ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠵᠠᠶ᠃ ᠵᠢᠶᠠᠩ ᠼᠦᠩ | ᠵᠢᠭᠠᠵᠤ ᠭᠠᠷᠭᠠᠭᠰᠠᠨ ᠨᠢ᠂ ᠲᠣᠰ ᠤᠳᠠᠭᠠᠨ ᠤ ᠬᠢᠵᠢᠭ ᠤᠨ ᠪᠠᠶᠢᠳᠠᠯ ᠤᠨ ᠵᠠᠩᠭᠢᠯᠠᠭ᠎ᠠ ᠶᠢᠨ ᠴᠠᠭ ᠨᠢ ᠣᠨᠴᠠᠭᠠᠶ | ᠪᠠᠶᠢᠵᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠤᠭᠤᠴᠠᠭᠠᠨ ᠳᠤ ᠶᠠᠭ | ᠳᠠᠭᠠᠷᠠᠭᠰᠠᠨ ᠪᠣᠯᠬᠤᠷ ᠡᠷᠬᠡᠪᠰᠢ ᠪᠥᠬᠦ ᠠᠵᠢᠯᠲᠠᠨ ᠤ ᠪᠥᠭᠡᠮ ᠬᠦᠴᠢᠯ ᠪᠠ ᠳᠡᠭᠡᠳᠦ ᠰᠤᠷᠭᠠᠭᠤᠯᠢ ᠳᠤ ᠰᠣᠷᠣᠭᠴᠢ | ᠡᠯᠰᠡᠬᠦ ᠨᠢᠭᠡᠳᠦᠯᠲᠡᠶ ᠰᠢᠯᠭᠠᠯᠲᠠ ᠶᠢᠨ ︽ᠬᠤᠶᠠᠷ ᠲᠠᠯ᠎ᠠ ᠶᠢ ᠠᠳᠬᠤᠵᠤ᠂ ᠬᠤᠶᠠᠷ ᠢ ᠰᠠᠭᠠᠲᠠᠭᠠᠬᠤ ᠥᠬᠡᠶ︾ | ᠪᠠᠶᠢᠬᠤ ᠶᠢ ᠪᠠᠷᠢᠮᠲᠠᠯᠠᠬᠤ ᠬᠡᠷᠡᠭᠲᠡᠶ᠂ ᠡᠯ᠎ᠡ ᠰᠢᠯᠭᠠᠯᠲᠠ ᠶᠢᠨ ᠴᠡᠭ ᠤᠳ ᠬᠤᠲᠠ᠂ ᠲᠣᠭᠤᠷᠢᠭ ᠬᠤᠶᠠᠷ ᠱᠠᠲᠤᠨ ᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠥᠭᠡᠮ ᠬᠦᠴᠢᠯ ᠢ ᠪᠠᠶᠢᠴᠠᠭᠠᠨ ᠰᠢᠯᠭᠠᠬᠤ ᠠᠵᠢᠯ ᠤᠨ | ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠵᠤ᠂ | ᠰᠢᠯᠭᠠᠭᠤᠯᠤᠭᠴᠢ ᠶᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠪᠥᠭᠡᠮ ᠬᠦᠴᠢᠯ ᠤᠨ ᠥᠯᠢᠭᠡᠷ ᠠᠪᠴᠤ᠂ ᠠᠮᠤᠷ | ᠲᠦᠪᠰᠢᠨ᠂ ᠵᠢᠷᠤᠮᠵᠢᠯ ᠲᠠᠢ᠂ ᠡᠮᠬᠢ ᠵᠢᠷᠤᠮ ᠲᠠᠢ ᠪᠣᠯᠭᠠᠬᠤ ᠬᠡᠷᠡᠭᠲᠡᠶ᠃ | ᠵᠢᠶᠠᠩ ᠼᠦᠩ ᠪᠠᠰᠠ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠪᠠ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠳᠠᠷᠠᠭᠠᠬᠢ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃ | ᠲᠡᠷᠡ᠂ ᠥᠨᠢ ᠤᠳᠠᠭᠠᠨ ᠤ ᠶᠡᠭᠡ ᠪᠤᠳᠤᠯᠭ᠎ᠠ ᠶᠢ ᠪᠡᠶᠡᠯᠡᠭᠦᠯᠬᠦ ᠳᠤ ᠰᠤᠷᠭᠠᠨ ᠬᠥᠮᠦᠵᠢᠯ ᠢᠶᠠᠷ ᠦᠨᠳᠦᠰᠦ ᠪᠣᠯᠭᠠᠨ᠎ᠠ᠃ | ᠵᠢᠭᠠᠨ ᠰᠤᠷᠭᠠᠬᠤ ᠠᠷᠭ᠎ᠠ ᠪᠠᠷᠢᠯ ᠢ ᠦᠷᠭᠦᠯᠵᠢᠯᠡᠨ ᠰᠢᠯᠢᠳᠡᠭᠵᠢᠭᠦᠯᠵᠦ᠂ ᠵᠢᠭᠠᠨ ᠰᠤᠷᠭᠠᠬᠤ ᠦᠷ᠎ᠡ ᠪᠦᠲᠦᠮᠵᠢ ᠶᠢ | ᠳᠡᠭᠡᠭᠰᠢᠯᠡᠭᠦᠯᠦᠨ᠂ ᠰᠤᠷᠤᠭᠴᠢᠳ ᠤᠨ ᠬᠢᠴᠢᠶᠡᠯ ᠰᠤᠷᠤᠯᠭ᠎ᠠ ᠶᠢᠨ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠬᠡᠷᠡᠭᠲᠡᠶ | ᠃ ᠬᠤᠯᠪᠣᠭᠳᠠᠯ ᠪᠥᠬᠦᠶ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠰᠣᠷᠣᠭᠴᠢ ᠡᠯᠰᠡᠬᠦ ᠤᠬᠠᠭᠤᠯᠭ᠎ᠠ ᠶᠢ ᠰᠠᠶᠢᠲᠤᠷ | ᠥᠷᠨᠢᠭᠦᠯᠬᠦ᠂ ᠨᠡᠷ᠎ᠡ ᠮᠡᠳᠡᠭᠦᠯᠬᠦ ᠶᠢ ᠵᠣᠬᠢᠶᠠᠨ ᠪᠠᠶᠢᠭᠤᠯᠬᠤ᠂ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ ᠵᠡᠷᠭᠡ | ᠠᠵᠢᠯ ᠢ ᠰᠠᠶᠢᠲᠤᠷ ᠥᠷᠨᠢᠭᠦᠯᠬᠦ ᠬᠡᠷᠡᠭᠲᠡᠶ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠡᠪ | ᠴᠢᠨᠠᠷ ᠤᠨ ᠰᠤᠷᠭᠠᠨ ᠬᠥᠮᠦᠵᠢᠯ ᠢ ᠭᠦᠨᠵᠡᠭᠡᠢ ᠠᠬᠢᠭᠤᠯᠵᠤ᠂ ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠶᠢ | ᠠᠬᠢᠭᠤᠯᠵᠤ᠂ ᠤᠳᠤ ᠶᠢᠨ ᠪᠠᠶᠢᠭ᠎ᠠ ᠰᠠᠭᠤᠷᠢᠨ ᠳᠡᠭᠡᠷ᠎ᠡ ᠰᠢᠯᠢᠳᠡᠭ ᠠᠮᠵᠢᠯᠲᠠ ᠶᠢ ᠲᠠᠬᠢᠨ ᠡᠭᠦᠳᠬᠦ ᠬᠡᠷᠡᠭᠲᠡᠢ ᠭᠡᠵᠦ | ᠴᠢᠬᠤᠯᠠᠴᠢᠯᠠᠪᠠ᠃ |