ᠵᠢᠶᠠᠩ ᠼᠦᠩ ᠬᠤᠲᠠ ᠶᠢᠨ ᠭᠤᠤᠯ ᠲᠣᠭᠤᠷᠢᠭ ︵ᠰᠦᠩᠱᠠᠨ ᠲᠣᠭᠤᠷᠢᠭ︶ ᠤᠨ ᠪᠥᠬᠦ ᠬᠦᠮᠦᠰ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ
ᠨᠡᠶᠢᠲᠡᠯᠡᠭᠰᠡᠨ ᠴᠠᠭ᠄
2022/6/10
     6 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠢᠶᠠᠩ ᠼᠦᠩ ᠭᠤᠤᠯ ᠬᠤᠲᠠ ᠲᠣᠭᠤᠷᠢᠭ ︵ᠰᠦᠩᠱᠠᠨ ᠲᠣᠭᠤᠷᠢᠭ︶ ᠤᠨ ᠪᠥᠬᠦ ᠬᠦᠮᠦᠰ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠣᠭᠤᠷᠢᠭ ᠤᠨ ᠤᠳᠤᠷᠢᠳᠤᠯᠭ᠎ᠠ ᠵᠦ ᠰᠢᠶᠤᠤ ᠯᠸᠢ᠂ ᠰᠦᠨ ᠶᠤᠸᠠᠢ ᠴᠢᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠵᠢᠶᠠᠩ ᠼᠦᠩ ᠨᠡᠷ ᠤᠷᠢᠳ ᠬᠤᠵᠢᠳ ᠢᠦᠢ ᠯᠦᠩ ᠵᠡᠭᠡᠯᠢ ᠭᠤᠳᠤᠮᠵᠢ ᠶᠢᠨ ᠬᠤᠸᠠ ᠹᠦ᠋ ᠱᠠᠩ ᠴᠧᠩ ᠪᠠᠭ᠎ᠠ ᠲᠣᠭᠤᠷᠢᠭ᠂ ᠵᠧᠨ ᠰᠢᠩ ᠵᠡᠭᠡᠯᠢ ᠭᠤᠳᠤᠮᠵᠢ ᠶᠢᠨ ᠹᠦ᠋ ᠷᠦᠩ ᠶᠤᠸᠠᠨ ᠪᠠᠭ᠎ᠠ ᠲᠣᠭᠤᠷᠢᠭ ᠵᠡᠷᠭᠡ ᠭᠠᠵᠠᠷ ᠲᠤ ᠬᠦᠷᠴᠦ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠵᠣᠬᠢᠶᠠᠨ ᠪᠠᠶᠢᠭᠤᠯᠵᠤ ᠳᠠᠶᠢᠴᠢᠯᠠᠭᠰᠠᠨ᠂ ᠴᠡᠭ ᠪᠠᠶᠢᠷᠢ ᠶᠢᠨ ᠪᠠᠶᠢᠷᠢᠯᠠᠭᠤᠯᠤᠯᠲᠠ᠂ ᠡᠮᠬᠢ ᠳᠢᠭᠯᠢᠮ ᠤᠨ ᠬᠠᠮᠠᠭᠠᠯᠠᠯᠲᠠ᠂ ᠠᠵᠢᠯᠳᠠᠨ ᠤ ᠲᠤᠬᠢᠷᠠᠭᠤᠯᠤᠯᠳᠠ᠂ ᠦᠯᠢᠭᠡᠷ ᠠᠪᠬᠤ ᠠᠬᠢᠴᠠ᠂ ᠦᠯᠢᠭᠡᠷ ᠬᠡᠪ ᠢ ᠰᠢᠯᠵᠢᠭᠦᠯᠦᠨ ᠵᠥᠭᠡᠭᠡᠪᠦᠷᠢᠯᠡᠬᠦ ᠵᠡᠷᠭᠡ ᠪᠠᠶᠢᠳᠠᠯ ᠢ ᠨᠠᠷᠢᠨ ᠨᠢᠭᠲᠠ ᠯᠠᠪᠯᠠᠨ ᠠᠰᠠᠭᠤᠪᠠ᠃      ᠵᠢᠶᠠᠩ ᠼᠦᠩ ᠴᠢᠬᠤᠯᠠᠴᠢᠯᠠᠭᠰᠠᠨ ᠨᠢ᠂ ︽ᠲᠦᠷᠭᠡᠨ ᠢᠶᠠᠷ ᠲᠦᠷᠭᠡᠨ ᠢ ᠲᠣᠭᠲᠠᠭᠠᠬᠤ︾ ᠶᠢ ᠪᠠᠷᠢᠮᠲᠠᠯᠠᠵᠤ᠂ ᠴᠠᠭ ᠤᠨ ᠳᠠᠷᠠᠭᠠᠯᠠᠯ ᠤᠨ ᠱᠠᠭᠠᠷᠳᠠᠯᠭ᠎ᠠ ᠶᠢ ᠴᠢᠩᠭ᠎ᠠ ᠡᠵᠡᠮᠳᠡᠨ᠂ ᠥᠯᠢᠭᠡᠷ ᠠᠪᠬᠤ ᠴᠡᠭ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠰᠢᠯᠵᠢᠭᠦᠯᠦᠨ ᠲᠡᠭᠡᠭᠡᠪᠦᠷᠢᠯᠡᠬᠦ ᠪᠠᠶᠢᠴᠠᠭᠠᠨ ᠬᠡᠮᠵᠢᠬᠦ ᠶᠠᠪᠤᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠥᠯᠢᠭᠡᠷ ᠠᠪᠬᠤ᠂ ᠰᠢᠯᠵᠢᠭᠦᠯᠦᠨ ᠲᠡᠭᠡᠭᠡᠪᠦᠷᠢᠯᠡᠬᠦ᠂ ᠪᠠᠶᠢᠴᠠᠭᠠᠨ ᠬᠡᠮᠵᠢᠬᠦ ᠡᠯ᠎ᠡ ᠭᠤᠭᠴᠣᠭᠠᠨ ᠤ ᠠᠵᠢᠯ ᠢ ᠲᠦᠷᠭᠡᠬᠡᠨ ᠪᠡᠶᠡᠯᠡᠭᠦᠯᠬᠦ ᠬᠡᠷᠡᠭᠲᠡᠶ᠃ ᠰᠠᠶᠢᠨ ᠰᠠᠶᠢᠬᠠᠨ ᠡᠮᠬᠢ ᠳᠢᠭᠯᠢᠮ ᠢ ᠬᠠᠮᠠᠭᠠᠯᠠᠵᠤ᠂ ᠪᠥᠬᠦ ᠬᠦᠮᠦᠰ ᠤᠨ ᠪᠥᠭᠡᠮ ᠬᠦᠴᠢᠯ ᠢ ᠪᠠᠶᠢᠴᠠᠭᠠᠨ ᠬᠡᠮᠵᠢᠬᠦ ᠲᠤᠬᠠᠶ ᠶᠢᠨ ᠲᠠᠯᠠᠪᠤᠷ ᠤᠨ ᠡᠮᠬᠢ ᠳᠢᠭᠯᠢᠮ ᠤᠨ ᠬᠠᠮᠢᠶᠠᠷᠤᠯᠲᠠ ᠶᠢ ᠴᠢᠩᠭᠠᠳᠬᠠᠵᠤ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ ᠠᠵᠢᠯ ᠤᠨ ᠥᠨᠳᠥᠷ ᠪᠦᠲᠦᠮᠵᠢᠲᠡᠶ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠳᠠᠭᠠᠭᠠᠴᠢᠯᠠᠨ ᠬᠤᠯᠪᠣᠭᠠᠯᠠᠬᠤ ᠭᠠᠵᠠᠷ ᠤᠨ ᠳᠡᠰ ᠤᠨ ᠤᠳᠤᠷᠢᠳᠤᠯᠭ᠎ᠠ᠂ ᠬᠠᠷᠢᠶ᠎ᠠ ᠭᠠᠵᠠᠷ ᠤᠨ ︽ᠴᠡᠭ ᠤᠨ ᠳᠠᠷᠤᠭ᠎ᠠ︾᠂ ᠳᠣᠷᠣᠭᠰᠢ ᠪᠠᠭᠤᠭᠰᠠᠨ ᠺᠠᠳ᠋ᠷ ᠵᠡᠷᠭᠡ ᠳᠦᠷᠪᠡᠨ ᠳᠡᠰ ᠳᠠᠪᠬᠤᠷᠭ᠎ᠠ ᠶᠢᠨ ᠠᠵᠢᠯ ᠤᠨ ᠡᠭᠦᠷᠭᠡ ᠴᠢᠳᠠᠪᠬᠢ ᠶᠢ ᠰᠠᠶᠢᠲᠤᠷ ᠪᠠᠳᠠᠷᠠᠭᠤᠯᠵᠤ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠲᠤᠰ ᠤᠳᠠᠭ᠎ᠠ ᠶᠢᠨ ᠪᠦᠬᠦ ᠬᠦᠮᠦᠰ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠡᠯ᠎ᠡ ᠵᠦᠢᠯ ᠤᠨ ᠠᠵᠢᠯ ᠢ ᠨᠠᠷᠢᠯᠢᠭ ᠨᠠᠶᠢᠳᠠᠪᠤᠷᠢᠵᠢᠭᠤᠯᠬᠤ ᠶᠢ ᠬᠠᠮᠲᠤᠪᠠᠷ ᠠᠬᠢᠭᠤᠯᠬᠤ ᠬᠡᠷᠡᠭᠲᠡᠢ᠃ ᠡᠳ᠋ ᠪᠣᠳᠠᠰ ᠤᠨ ᠪᠠᠲᠤᠯᠠᠭ᠎ᠠ ᠶᠢ ᠴᠢᠩᠭᠠᠳᠬᠠᠵᠤ᠂ ᠥᠷᠭᠡᠨ ᠤᠯᠠᠨ ᠡᠮᠴᠢ ᠰᠤᠪᠢᠯᠠᠭᠴᠢ᠂ ᠳᠣᠷᠣᠭᠰᠢ ᠪᠠᠭᠤᠭᠰᠠᠨ ᠺᠠᠳ᠋ᠷ ᠪᠣᠯᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠠᠷᠤ ᠲᠠᠯ᠎ᠠ ᠶᠢᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ᠃ ᠦᠢᠯᠡᠳᠦᠯᠭᠡ ᠶᠢᠨ ᠲᠤᠷᠰᠢᠯᠭ᠎ᠠ ᠶᠢ ᠪᠦᠬᠦ ᠲᠠᠯ᠎ᠠ ᠪᠠᠷ ᠵᠠᠳᠠᠯᠤᠨ ᠳ᠋ᠦᠩᠨᠡᠵᠦ᠂ ᠪᠠᠭᠤᠷᠠᠢ ᠭᠤᠭᠴᠤᠭ᠎ᠠ ᠶᠢ ᠭᠦᠨᠵᠡᠭᠡᠢ ᠡᠷᠢᠵᠦ᠂ ᠬᠢᠵᠢᠭ ᠤᠨ ᠪᠠᠶᠢᠳᠠᠯ ᠢ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃      ᠵᠢᠶᠠᠩ ᠼᠦᠩ ᠪᠠᠰᠠ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠬᠦᠷᠴᠦ᠂ ᠲᠣᠮᠣ ᠳ᠋ᠠᠶᠢᠲ᠋ᠠ ᠶᠢᠨ ᠲᠠᠪᠴᠠᠩ ᠤᠨ ︽ᠥᠯᠢᠭᠡᠷ ᠠᠪᠬᠤ᠂ ᠬᠠᠶᠢᠷᠴᠠᠭᠯᠠᠬᠤ᠂ ᠳᠠᠮᠵᠢᠭᠤᠯᠤᠨ ᠲᠡᠭᠡᠭᠡᠪᠦᠷᠢᠯᠡᠬᠦ᠂ ᠪᠠᠶᠢᠴᠠᠭᠠᠨ ᠬᠡᠮᠵᠢᠬᠦ︾ ᠵᠡᠷᠭᠡ ᠲᠤᠬᠠᠶ ᠶᠢᠨ ᠴᠠᠭ ᠤᠨ ᠲᠤᠭ᠎ᠠ ᠪᠠᠷᠢᠮᠲᠠ ᠶᠢ ᠪᠠᠶᠢᠴᠠᠭᠠᠨ ᠦᠵᠡᠬᠦ ᠪᠠᠷ ᠳᠡᠮᠵᠢᠨ᠂ ᠪᠥᠬᠦ ᠲᠣᠭᠤᠷᠢᠭ ᠤᠨ ᠪᠥᠭᠡᠮ ᠬᠦᠴᠢᠯ ᠢ ᠪᠠᠶᠢᠴᠠᠭᠠᠨ ᠬᠡᠮᠵᠢᠵᠦ ᠴᠤᠭᠯᠠᠭᠤᠯᠤᠭᠰᠠᠨ ᠲᠤᠭ᠎ᠠ ᠪᠠᠷᠢᠮᠲᠠ ᠶᠢ ᠣᠶᠢᠯᠠᠭᠠᠵᠤ᠂ ᠪᠥᠬᠦ  ᠬᠦᠮᠦᠰ ᠤᠨ ᠪᠥᠭᠡᠮ ᠬᠦᠴᠢᠯ ᠢ ᠪᠠᠶᠢᠴᠠᠭᠠᠨ ᠬᠡᠮᠵᠢᠬᠦ ᠠᠵᠢᠯ ᠢ ᠳᠣᠭᠢᠷᠠᠭᠤᠯᠤᠨ ᠵᠢᠯᠣᠭᠤᠳᠪᠠ᠃      ᠲᠤᠬᠠᠶ ᠶᠢᠨ ᠡᠳᠦᠷ ᠤᠨ ᠦᠳᠡ ᠶᠢᠨ ᠬᠤᠶᠢᠨ᠎ᠠ᠂ ᠵᠢᠶᠠᠩ ᠼᠦᠩ ᠪᠠᠰᠠ ᠰᠦᠩᠱᠠᠨ ᠲᠣᠭᠤᠷᠢᠭ ᠤᠨ ᠸᠧᠢ  ᠶᠢᠸ᠋ ᠨᠠ ᠪᠠᠭᠤᠳᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠪᠯᠡᠷᠡᠩᠭᠦᠶ ᠲᠤᠰᠠᠭᠠᠷᠯᠠᠬᠤ ᠴᠡᠭ ᠲᠤ ᠬᠦᠷᠴᠦ᠂ ᠲᠤᠰᠠᠭᠠᠷᠯᠠᠬᠤ ᠴᠡᠭ ᠤᠨ ᠠᠵᠢᠯᠯᠠᠭᠠᠨ ᠤ ᠬᠠᠮᠢᠶᠠᠷᠤᠯᠲᠠ᠂ ᠲᠤᠰᠠᠭᠠᠷᠯᠠᠬᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠵᠡᠷᠭᠡ ᠬᠤᠯᠪᠣᠭᠳᠠᠯ ᠪᠥᠬᠦᠶ ᠪᠠᠶᠢᠳᠠᠯ ᠢ ᠨᠠᠷᠢᠨ ᠣᠶᠢᠯᠠᠭᠠᠪᠠ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号