ᠰᠦᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ︽ᠳᠥᠷᠪᠡᠨ ᠠᠷᠭ᠎ᠠ ᠬᠡᠮᠵᠢᠶ᠎ᠡ︾ ᠨᠢ ᠪᠠᠯᠠ ᠮᠥᠩᠭᠦ ᠶᠢᠨ ᠪᠠᠲᠤᠯᠠᠭ᠎ᠠ ᠶᠢ ᠴᠢᠩᠭᠠᠳᠬᠠᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ
ᠨᠡᠶᠢᠲᠡᠯᠡᠭᠰᠡᠨ ᠴᠠᠭ᠄
2022/6/15
     ᠰᠦᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠪᠣᠯᠤᠨ ᠲᠣᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠠᠪᠤᠳᠠᠯ ᠢ ᠣᠳᠣᠬᠠᠨ ᠤ ᠬᠠᠮᠤᠭ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠪᠠ᠃ ᠲᠣᠰ ᠤᠳᠠᠭᠠᠨ ᠤ ᠬᠢᠵᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ᠂ ᠰᠦᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠪᠠᠯᠠ ᠮᠥᠩᠭᠦ ᠰᠢᠯᠵᠢᠭᠦᠯᠦᠨ ᠥᠭᠬᠦ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠦᠳᠲᠡᠷ ᠲᠦᠷᠭᠡᠨ ᠡᠬᠢᠯᠡᠭᠦᠯᠵᠦ᠂ ︽ᠳᠥᠷᠪᠡᠨ ᠠᠷᠭ᠎ᠠ ᠬᠡᠮᠵᠢᠶ᠎ᠡ︾ ᠠᠪᠴᠤ ᠪᠠᠶᠢᠭᠠᠳ ᠡᠳ᠋ ᠤᠨ ᠵᠠᠰᠠᠭ ᠤᠨ ᠡᠭᠦᠷᠭᠡ ᠴᠢᠳᠠᠪᠤᠷᠢ ᠶᠢᠨ ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠶᠢ ᠪᠥᠬᠦ ᠬᠦᠴᠦᠨ ᠢᠶᠠᠷ ᠢᠶᠠᠨ ᠳᠡᠮᠵᠢᠪᠡ᠃      ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠤᠣᠯᠯᠠᠭᠴᠢ ᠬᠦᠴᠦᠨ ᠢ ᠰᠣᠩᠭᠤᠨ  ᠲᠤᠮᠢᠯᠠᠪᠠ᠃ ᠰᠦᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠲᠥᠰᠦᠪ᠂ ᠤᠯᠤᠰ ᠤᠨ ᠬᠥᠮᠥᠷᠭᠡ᠂ ᠨᠡᠶᠢᠭᠡᠮ ᠤᠨ ᠪᠠᠲᠤᠯᠠᠭ᠎ᠠ ᠵᠡᠷᠭᠡ ᠲᠠᠰᠤᠭ ᠠᠯᠪᠠᠨ ᠬᠡᠷ ᠠᠴᠠ ᠲᠤᠰᠬᠠᠢ ᠬᠦᠮᠦᠨ ᠢ ᠰᠣᠩᠭᠤᠨ ᠲᠣᠮᠢᠯᠠᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠯᠠ ᠮᠥᠩᠭᠦ ᠶᠢ ᠰᠢᠯᠵᠢᠭᠦᠯᠦᠨ ᠥᠭᠬᠦ ᠬᠥᠮᠦᠰ ᠤᠨ ᠠᠵᠢᠯ ᠤᠨ ᠪᠠᠶᠢᠷᠢ ᠳᠤ ᠴᠠᠭ ᠲᠤᠬᠠᠶ ᠳᠤᠨᠢ ᠵᠠᠷᠯᠢᠭ ᠬᠦᠯᠢᠶᠡᠬᠦ ᠶᠢ ᠦᠨᠡᠨ ᠬᠦ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠯᠠ ᠮᠥᠩᠭᠦ ᠶᠢ ᠰᠢᠯᠵᠢᠭᠦᠯᠦᠨ ᠥᠭᠬᠦ ᠳᠤ ᠭᠦᠢᠴᠡᠳ ᠬᠥᠮᠦᠨ ᠤ ᠬᠦᠴᠦᠨ ᠤ ᠳᠡᠮᠵᠢᠯᠭᠡ ᠬᠠᠩᠭᠠᠪᠠ᠃      ᠬᠤᠶᠠᠷ ᠲᠤ᠂ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠤᠨ  ᠦᠢᠯᠡᠴᠢᠯᠡᠪᠡ᠃ ᠰᠦᠩᠱᠠᠨ ᠲᠣᠭᠤᠷᠢᠭ ᠤᠨ ᠡᠳ᠋ ᠤᠨ ᠵᠠᠰᠠᠭ ᠤᠨ ᠲᠤᠪᠴᠢᠶ᠎ᠠ ᠰᠠᠨᠠᠭᠠᠴᠢᠯᠠᠭ᠎ᠠ ᠠᠴᠠ ᠪᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠯ᠎ᠡ ᠵᠡᠭᠡᠯᠢ ᠭᠤᠳᠤᠮᠵᠢ᠂ ᠰᠢᠶᠠᠩ ᠪᠠᠯᠭᠠᠰᠤ ᠵᠡᠷᠭᠡ ᠰᠠᠯᠠᠭ᠎ᠠ ᠮᠥᠴᠢᠷ ᠲᠠᠢ ᠵᠣᠯᠭᠠᠭᠤᠯᠵᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠴᠡᠭ ᠤᠨ ᠪᠦᠳᠦᠭᠡᠨ ᠪᠠᠶᠢᠭᠤᠯᠤᠯᠲᠠ᠂ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠲᠥᠬᠦᠭᠡᠷᠦᠮᠵᠢ ᠶᠢᠨ ᠬᠤᠷᠣᠭᠳᠠᠯ ᠮᠠᠲ᠋ᠧᠷᠢᠶᠠᠯ᠂ ᠬᠢᠵᠢᠭ ᠢ ᠰᠡᠷᠭᠡᠶᠢᠯᠡᠬᠦ ᠡᠳ᠋ ᠪᠣᠳᠠᠰ ᠤᠨ ᠨᠥᠭᠡᠴᠡ ᠵᠡᠷᠭᠡ ᠪᠡᠯᠡ ᠮᠥᠩᠭᠦ ᠶᠢᠨ ᠳᠤᠲᠠᠭᠤᠳᠠᠯ ᠢ ᠣᠶᠢᠯᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠡᠯᠡ ᠮᠥᠩᠭᠦ ᠶᠢᠨ ᠬᠡᠷᠡᠭᠴᠡᠭᠡ ᠶᠢ ᠣᠨᠣᠪᠴᠢᠲᠠᠢ  ᠡᠵᠡᠮᠰᠢᠪᠡ᠃      ᠭᠤᠷᠪᠠ ᠳᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ ᠤᠨ ᠶᠠᠪᠤᠴᠠ ᠶᠢ ᠳᠦᠭᠦᠮᠴᠢᠯᠡᠪᠡ᠃ ᠰᠦᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠠᠵᠢᠯ ᠤᠨ ᠶᠠᠪᠤᠴᠠ ᠪᠠᠨ ᠳᠥᠭᠦᠮᠴᠢᠯᠡᠵᠦ᠂ ︽ᠪᠠᠴᠢᠮ ᠶᠠᠪᠤᠳᠠᠯ ᠢ ᠪᠠᠴᠢᠮ ᠰᠢᠢᠳᠪᠦᠷᠢᠯᠡᠬᠦ᠂ ᠣᠨᠴᠠᠭᠠᠶ ᠶᠠᠪᠤᠳᠠᠯ ᠢ ᠣᠨᠴᠠᠭᠠᠶ ᠰᠢᠢᠳᠪᠦᠷᠢᠯᠡᠬᠦ︾ ᠵᠠᠷᠴᠢᠮ ᠶᠣᠰᠣᠭᠠᠷ᠂ ᠪᠠᠯᠠ ᠮᠥᠩᠭᠦ ᠶᠢ ᠳᠣᠭᠢᠷᠠᠭᠤᠯᠬᠤ᠂ ᠰᠢᠯᠵᠢᠭᠦᠯᠦᠨ ᠥᠭᠬᠦ ᠠᠴᠠ ᠡᠳ᠋ ᠪᠣᠳᠠᠰ ᠬᠤᠳᠠᠯᠳᠤᠨ ᠠᠪᠬᠤ ᠵᠡᠷᠭᠡ ᠭᠤᠭᠴᠤᠭ᠎ᠠ ᠳᠤ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠳᠥᠭᠦᠮᠴᠢᠯᠡᠵᠦ᠂ ︽ᠴᠠᠭᠠᠰᠤ ᠬᠡᠷᠡᠭᠯᠡᠬᠦ ᠥᠬᠡᠶ ᠪᠣᠯᠭᠠᠬᠤ ︾ ᠬᠢᠨᠠᠨ ᠬᠠᠷᠭᠤᠭᠤᠯᠬᠤ ᠠᠷᠭ᠎ᠠ ᠵᠠᠮ ᠢ ᠨᠡᠭᠡᠭᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠯᠠ ᠮᠥᠩᠭᠦ ᠶᠢ ︽ᠰᠠᠭᠠᠳ ᠥᠬᠡᠶ ᠨᠡᠪᠲᠡᠷᠡᠬᠦ ᠵᠠᠮ︾ ᠢᠶᠠᠷ ᠳᠠᠮᠵᠢᠭᠤᠯᠤᠨ ᠬᠠᠮᠤᠭ ᠤᠨ ᠲᠡᠷᠢᠭᠦᠨ ᠳᠤ ᠭᠦᠢᠴᠡᠳᠬᠡᠵᠦ᠂ ᠬᠠᠮᠤᠭ ᠤᠨ ᠲᠡᠷᠢᠭᠦᠨ ᠳᠤ ᠰᠢᠯᠵᠢᠭᠦᠯᠦᠨ ᠥᠭᠬᠦ ᠶᠢ ᠦᠨᠡᠨ ᠬᠦ ᠪᠠᠲᠤᠯᠠᠪᠠ᠃      ᠲᠦᠷᠪᠡ ᠳᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠵᠠᠷᠤᠳᠠᠯ ᠤᠨ ᠪᠠᠲᠤᠯᠠᠭ᠎ᠠ ᠶᠢ ᠰᠠᠶᠢᠲᠤᠷ  ᠬᠢᠪᠡ᠃ ᠰᠦᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠵᠢᠯ ᠤᠨ ᠡᠬᠢᠨ ᠤ ᠲᠥᠰᠦᠪ ᠲᠡᠭᠡᠨ ᠨᠢᠭᠡᠨᠲᠡ ᠨᠡᠶᠢᠭᠡᠮ ᠤᠨ ᠪᠠᠲᠤᠯᠠᠭ᠎ᠠ ᠶᠢᠨ ᠲᠠᠰᠤᠭ ᠪᠠᠷ ᠳᠡᠮᠵᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤ ᠪᠡᠯᠡ ᠮᠥᠩᠭᠦᠨ ᠤ ᠭᠦᠢᠴᠡᠳᠬᠡᠯ ᠲᠤᠭ᠎ᠠ  ᠦᠯᠡᠳᠡᠭᠡᠪᠡ᠂ ᠲᠣᠰ ᠤᠳᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠤᠰᠬᠠᠶ ᠪᠠᠯᠠ ᠮᠥᠩᠭᠦ ᠶᠢᠨ ᠭᠦᠢᠴᠡᠳᠬᠡᠯ ᠲᠤᠭ᠎ᠠ 440 ᠲᠦᠮᠡᠨ ᠲᠥᠭᠦᠷᠢᠭ ᠢ ᠨᠢᠭᠡᠨᠲᠡ ᠲᠡᠷᠡ ᠳᠠᠷᠤᠶ ᠳᠤᠨᠢ ᠰᠦᠩᠱᠠᠨ ᠲᠣᠭᠤᠷᠢᠭ ᠤᠨ ᠢᠦᠶ ᠯᠦᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠧᠨ ᠰᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠥᠩ ᠴᠧᠩ ᠵᠡᠭᠡᠯᠢ ᠭᠤᠳᠤᠮᠵᠢ ᠶᠢᠨ ᠪᠡᠯᠡᠳᠬᠡᠯ ᠭᠠᠵᠠᠷ ᠵᠡᠷᠭᠡ 8 ᠵᠡᠭᠡᠯᠢ ᠭᠤᠳᠤᠮᠵᠢ ᠵᠢᠴᠢ ᠮᠥ ᠵᠢᠶᠠ ᠶᠢᠩᠽᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠪᠠᠭᠤᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠳᠤ ᠬᠦᠴᠦᠲᠡᠶ ᠪᠠᠯᠠ ᠮᠥᠩᠭᠦ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃          
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号