ᠰᠦᠩᠱᠠᠨ ᠲᠣᠭᠤᠷᠢᠭ ᠬᠢᠵᠢᠭ ᠤᠨ ᠪᠠᠶᠢᠳᠠᠯ ᠢ ᠰᠡᠷᠭᠡᠶᠢᠯᠡᠵᠦ ᠰᠠᠭᠠᠳ ᠥᠬᠡᠶ ᠨᠡᠪᠲᠡᠷᠡᠬᠦ ᠶᠢ ᠪᠠᠲᠤᠯᠠᠨ᠎ᠠ
ᠨᠡᠶᠢᠲᠡᠯᠡᠭᠰᠡᠨ ᠴᠠᠭ᠄
2022/6/15
     ᠵᠠᠮ ᠬᠠᠷᠢᠯᠴᠠᠭᠠᠨ ᠤ ᠪᠣᠭᠤᠮᠲᠠ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠰᠡᠷᠭᠡᠶᠢᠯᠡᠯᠲᠡ ᠶᠢᠨ ᠱᠤᠭᠤᠮ ᠮᠥᠨ᠂ ᠪᠠᠰᠠ ᠴᠤ ᠬᠥᠮᠦᠨ ᠪᠠ ᠡᠳ᠋ ᠪᠣᠳᠠᠰ ᠤᠨ ᠭᠦᠢᠯᠭᠡᠭᠡᠨ ᠤ ︽ᠠᠮᠢᠨ ᠰᠤᠳᠠᠰᠤ ︾ ᠮᠥᠨ᠃ ᠣᠶᠢᠷ᠎ᠠ ᠶᠢᠨ ᠡᠳᠦᠷ ᠤᠳ ᠲᠤ᠂ ᠰᠦᠩᠱᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠠᠷᠠᠳ ᠤᠨ ᠴᠠᠭᠳᠠᠭ᠎ᠠ ᠪᠠ ᠲᠤᠰᠠᠯᠠᠬᠤ ᠴᠠᠭᠳᠠᠭ᠎ᠠ᠂ ᠴᠤᠭ ᠵᠢᠪᠬᠤᠭ᠎ᠠ ᠲᠡᠭᠦᠯᠳᠡᠷ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠠᠵᠢᠯ ᠢᠶᠠᠨ ᠡᠬᠢᠯᠡᠭᠦᠯᠵᠦ᠂ ᠬᠠᠮᠢᠶᠠᠷᠤᠨ ᠡᠵᠡᠮᠳᠡᠬᠦ ᠪᠠ ᠰᠠᠭᠠᠳ ᠥᠬᠡᠶ ᠪᠠᠶᠢᠯᠭᠠᠬᠤ ᠶᠢᠨ ᠬᠠᠷᠢᠴᠠᠭ᠎ᠠ ᠶᠢ ᠬᠦᠴᠦᠯᠡᠨ  ᠰᠢᠢᠳᠪᠦᠷᠢᠯᠡᠵᠦ᠂ ︽ᠭᠠᠳᠠᠨ᠎ᠠ ᠠᠴᠠ ᠰᠡᠷᠭᠡᠶᠢᠯᠡᠨ ᠣᠷᠣᠭᠤᠯᠬᠤ︾ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠬᠤ ᠶᠢᠨ ᠬᠠᠮᠲᠤ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ᠂ ᠬᠢᠵᠢᠭ ᠢ ᠡᠰᠡᠷᠭᠦᠴᠡᠬᠦ ᠡᠳ᠋ ᠪᠣᠳᠠᠰ ᠵᠡᠷᠭᠡ ᠶᠢᠨ ᠲᠡᠭᠡᠭᠡᠪᠦᠷᠢ ᠶᠢᠨ ᠰᠠᠭᠠᠳ ᠥᠬᠡᠶ ᠨᠡᠪᠲᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃      306 ᠤᠯᠤᠰ ᠤᠨ ᠵᠠᠮ ᠤᠨ ᠭᠤᠸᠠᠨ ᠼᠠᠩ ᠭᠸᠤ ᠶᠢᠨ ᠪᠣᠭᠤᠮᠲᠠ ᠳᠤ ᠵᠠᠮ ᠬᠠᠷᠢᠯᠴᠠᠭᠠᠨ ᠤ ᠴᠠᠭᠳᠠᠭ᠎ᠠ ᠨᠠᠰᠢ ᠴᠠᠰᠢ ᠥᠩᠭᠡᠷᠡᠬᠦ ᠲᠡᠷᠭᠡ ᠶᠢ ᠨᠠᠷᠢᠨ ᠪᠠᠶᠢᠴᠠᠭᠠᠨ᠎ᠠ᠃ 306 ᠤᠯᠤᠰ ᠤᠨ ᠵᠠᠮ ᠤᠨ ᠭᠤᠸᠠᠨ ᠼᠠᠩ ᠭᠧᠤ ᠶᠢᠨ ᠪᠣᠭᠤᠮᠲᠠ ᠪᠣᠯ ᠮᠠᠰᠢᠨ ᠲᠡᠷᠭᠡ ᠰᠦᠩᠱᠠᠨ ᠬᠤᠲᠠ ᠶᠢᠨ ᠲᠣᠭᠤᠷᠢᠭ ᠲᠤ ᠣᠷᠣᠬᠤ ᠭᠤᠣᠯ ᠡᠭᠦᠳᠡ ᠶᠢᠨ ᠨᠢᠭᠡ ᠪᠣᠯᠤᠨ᠎ᠠ᠂ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ᠂ ᠰᠦᠩᠱᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠠᠷᠠᠳ ᠤᠨ ᠴᠠᠭᠳᠠᠭ᠎ᠠ ᠪᠠ ᠲᠤᠰᠠᠯᠠᠬᠤ ᠴᠠᠭᠳᠠᠭ᠎ᠠ ᠨᠠᠷ ︽ᠬᠥᠮᠦᠨ ᠪᠠ ᠲᠡᠷᠭᠡ ᠶᠢ ᠬᠠᠮᠲᠤ ᠳᠤᠨᠢ ᠪᠠᠶᠢᠴᠠᠭᠠᠵᠤ ᠬᠠᠮᠲᠤ ᠳᠤᠨᠢ ᠰᠡᠷᠭᠡᠶᠢᠯᠡᠵᠦ ᠬᠠᠮᠲᠤ ᠳᠤᠨᠢ ᠬᠢᠵᠠᠭᠠᠷᠯᠠᠬᠤ︾ ᠵᠠᠷᠴᠢᠮ ᠢ ᠪᠠᠷᠢᠮᠲᠠᠯᠠᠨ᠂ ᠨᠠᠭᠠᠰᠢ ᠴᠠᠭᠠᠰᠢ ᠶᠠᠪᠤᠬᠤ ᠲᠡᠷᠭᠡᠨ ᠤ ᠬᠥᠮᠦᠰ ᠤᠨ ᠡᠷᠡᠭᠦᠯ ᠮᠡᠨᠳᠦ ᠶᠢᠨ ᠨᠣᠮᠧᠷ᠂ ᠠᠶᠠᠯᠠᠯ ᠤᠨ ᠨᠣᠮᠧᠷ ᠪᠠ 48 ᠴᠠᠭ ᠤᠨ ᠪᠥᠭᠡᠮ ᠬᠦᠴᠢᠯ ᠤᠨ ᠭᠡᠷᠡᠴᠢ ᠶᠢ ᠴᠢᠩᠭ᠎ᠠ ᠪᠠᠶᠢᠴᠠᠭᠠᠨ ᠰᠢᠯᠭᠠᠵᠤ᠂ ᠡᠯ᠎ᠡ ᠵᠦᠢᠯ ᠤᠨ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠴᠢᠩᠭ᠎ᠠ  ᠨᠠᠶᠢᠳᠠᠪᠤᠷᠢᠵᠢᠭᠤᠯᠤᠨ᠎ᠠ᠃      ᠲᠦᠷᠭᠡᠨ ᠳᠠᠪᠬᠢᠬᠤ ᠵᠠᠰᠠᠮᠠᠯ ᠵᠠᠮ ᠤᠨ ᠤᠯᠠᠭᠠᠨᠬᠠᠳᠠ ᠶᠢᠨ ᠪᠠᠷᠠᠭᠤᠨ ᠭᠠᠷᠬᠤ ᠡᠭᠦᠳᠡᠨ ᠳᠤ᠂ ᠲᠣᠮᠣ ᠬᠡᠯᠪᠡᠷᠢ ᠶᠢᠨ ᠪᠠᠷᠠᠭᠠᠨ ᠤ ᠲᠡᠭᠡᠭᠡᠪᠦᠷᠢ ᠶᠢᠨ ᠲᠡᠷᠭᠡ ᠡᠮᠬᠢ ᠵᠢᠷᠤᠮ ᠲᠠᠢ ᠪᠠᠷ ᠵᠣᠭᠰᠣᠵᠤ᠂ ︽ᠬᠤᠶᠠᠷ ᠺᠣᠳ᠋ ᠨᠢᠭᠡ ᠦᠨᠡᠮᠯᠡᠯ︾ ᠤᠨ ᠪᠠᠶᠢᠴᠠᠭᠠᠨ ᠰᠢᠯᠭᠠᠯᠲᠠ ᠶᠢ ᠬᠦᠯᠢᠶᠡᠬᠦ ᠶᠢᠨ ᠬᠠᠮᠲᠤ ᠬᠠᠮᠢᠶ᠎ᠠ ᠪᠥᠬᠦᠶ ᠮᠡᠳᠡᠭᠡ ᠵᠠᠩᠭᠢ ᠶᠢᠨ ᠳᠡᠩᠰᠡᠯᠡᠯᠲᠡ ᠬᠢᠨ᠎ᠠ᠃  ᠪᠣᠭᠤᠮᠲᠠ ᠶᠢᠨ ᠵᠢᠵᠢᠭᠦᠷᠯᠡᠭᠴᠢ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ ᠂ ᠬᠠᠷᠢᠯᠴᠠᠨ ᠬᠠᠮᠵᠢᠯᠴᠠᠵᠤ᠂ ᠬᠢᠵᠢᠭ ᠤᠨ ᠪᠠᠶᠢᠳᠠᠯ ᠤᠨ ᠣᠷᠣᠵᠤ ᠢᠷᠡᠬᠦ ᠶᠢ ᠴᠢᠩᠭ᠎ᠠ ᠰᠡᠷᠭᠡᠶᠢᠯᠡᠬᠦ ᠶᠢᠨ ᠬᠠᠮᠲᠤ᠂ ᠡᠳ᠋ ᠪᠣᠳᠠᠰ ᠤᠨ ᠰᠠᠭᠠᠳ ᠥᠬᠡᠶ ᠨᠡᠪᠲᠡᠷᠡᠬᠦ ᠶᠢ ᠪᠠᠲᠤᠯᠠᠪᠠ᠃      ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ᠂ ᠰᠦᠩᠱᠠᠨ ᠲᠣᠭᠤᠷᠢᠭ ᠲᠤ ᠨᠡᠶᠢᠲᠡ 8 ᠵᠠᠮ ᠬᠠᠷᠢᠯᠴᠠᠭᠠᠨ ᠤ ᠪᠣᠭᠤᠮᠲᠠ ᠭᠠᠷᠭᠠᠵᠤ᠂ 32 ᠴᠠᠭᠳᠠᠭᠠᠨ ᠤ ᠬᠦᠴᠦᠨ ᠢ ᠲᠣᠮᠢᠯᠠᠵᠤ᠂ ᠤᠯᠤᠰ ᠮᠤᠵᠢ ᠶᠢᠨ ᠭᠤᠤᠯ ᠵᠠᠮ ᠪᠠ ᠳᠡᠭᠡᠳᠦ ᠬᠤᠷᠳᠤᠴᠠᠲᠤ ᠵᠠᠮ ᠤᠨ ᠠᠭᠤᠯᠵᠠᠷ ᠲᠤ ᠲᠠᠷᠬᠠᠵᠤ ᠪᠠᠶᠢᠨ᠎ᠠ᠃ ᠴᠢᠩᠭ᠎ᠠ ᠬᠠᠮᠢᠶᠠᠷᠤᠨ ᠡᠵᠡᠮᠳᠡᠬᠦ ᠶᠢᠨ ᠬᠠᠮᠲᠤ᠂ ᠰᠦᠩᠱᠠᠨ ᠲᠣᠭᠤᠷᠢᠭ ᠲᠤ ᠰᠠᠭᠠᠳ ᠥᠬᠡᠶ ᠨᠡᠪᠲᠡᠷᠡᠬᠦ ᠵᠠᠮ ᠨᠡᠭᠡᠭᠡᠵᠦ᠂ ᠠᠪᠤᠷᠠᠨ ᠲᠤᠰᠠᠯᠠᠬᠤ ᠲᠡᠷᠭᠡ ᠬᠥᠰᠬᠡ᠂ ᠬᠢᠵᠢᠭ ᠢ ᠰᠡᠷᠭᠡᠶᠢᠯᠡᠬᠦ ᠲᠡᠷᠭᠡ ᠬᠥᠰᠬᠡ ᠪᠣᠯᠤᠨ ᠡᠮᠴᠢ ᠰᠤᠪᠢᠯᠠᠭᠴᠢ᠂ ᠡᠮ ᠤᠨ ᠵᠦᠢᠯ ᠪᠠᠭᠠᠵᠢ ᠬᠡᠷᠡᠭᠰᠡᠯ᠂ ᠠᠷᠠᠳ ᠤᠨ ᠠᠮᠢᠳᠤᠷᠠᠯ ᠤᠨ ᠡᠳ᠋ ᠪᠣᠳᠠᠰ ᠵᠡᠷᠭᠡ ᠲᠡᠷᠭᠡ ᠬᠥᠰᠬᠡ ᠶᠢᠨ ᠨᠡᠪᠲᠡᠷᠡᠬᠦ ᠶᠢ ᠤᠷᠢᠳᠠᠪᠠᠷ ᠪᠠᠲᠤᠯᠠᠵᠤ᠂ ︽ᠠᠮᠢ ᠨᠠᠰᠤᠨ ᠤ ᠱᠤᠭᠤᠮ︾ ᠤᠨ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠪᠠ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号