ᠵᠥᠩ ᠴᠢᠩ ᠰᠥᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/15
    6 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠥᠩ ᠴᠢᠩ ᠰᠥᠩ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠳᠤ ᠳᠠᠬᠢᠨ ᠲᠣᠬᠢᠷᠠᠭᠤᠯᠤᠯᠲᠠ᠂ ᠳᠠᠬᠢᠨ ᠪᠠᠶᠢᠷᠢᠯᠠᠭᠤᠯᠤᠯᠲᠠ ᠬᠢᠪᠠ᠃      ᠵᠥᠩ ᠴᠢᠩ ᠰᠥᠩ ᠵᠢᠭᠠᠵᠤ ᠭᠠᠷᠭᠠᠭᠰᠠᠨ ᠨᠢ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠲᠦᠢᠯ ᠤᠨ ᠬᠦᠨᠳᠦ ᠨᠣᠴᠢᠲᠠᠶ ᠪᠥᠭᠡᠳ ᠪᠤᠳᠤᠯᠢᠶᠠᠨᠲᠠᠶ ᠪᠠᠶᠢᠨ᠎ᠠ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠠᠪᠤᠳᠠᠯ ᠢ ᠣᠳᠣᠬᠠᠨ ᠤ ᠲᠡᠷᠢᠭᠦᠨ ᠴᠢᠬᠤᠯᠠ ᠠᠵᠢᠯ ᠪᠣᠯᠭᠠᠵᠤ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠰᠡᠷᠭᠡᠶᠢᠯᠡᠯᠲᠡ ᠶᠢᠨ ᠵᠢᠭᠠᠯᠲᠠ ᠶᠢᠨ ᠨᠢᠭᠡᠳᠦᠯᠲᠡᠶ ᠵᠢᠯᠣᠭᠤᠳᠣᠯᠭ᠎ᠠ ᠳᠣᠤᠷ᠎ᠠ᠂ ᠲᠣᠭᠤᠷᠢᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠪᠣᠳᠠᠲᠠᠶ᠂ ᠨᠠᠷᠢᠯᠢᠭ᠂ ᠲᠦᠷᠭᠡᠨ ᠢᠶᠠᠷ ᠳᠥᠯᠭᠢᠨ ᠠᠬᠢᠭᠤᠯᠬᠤ ᠬᠡᠷᠡᠭᠲᠡᠶ᠃      ᠵᠦᠩ ᠴᠢᠩ ᠰᠦᠩ᠂ ᠵᠠᠮ ᠬᠠᠷᠢᠯᠴᠠᠭᠠᠨ ᠤ ᠪᠣᠭᠤᠮᠲᠠ ᠪᠣᠯᠤᠨ ᠡᠯ᠎ᠡ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠪᠠᠶᠢᠴᠠᠭᠠᠨ ᠰᠢᠯᠭᠠᠵᠤ ᠬᠠᠮᠢᠶᠠᠷᠤᠨ ᠡᠵᠡᠮᠳᠡᠬᠦ ᠶᠢ ᠴᠢᠨᠠᠭᠰᠢᠳᠠ ᠴᠢᠩᠭᠠᠳᠬᠠᠵᠤ᠂ ᠬᠢᠵᠢᠭ ᠢ ᠰᠡᠷᠭᠡᠶᠢᠯᠡᠬᠦ ᠠᠷᠭ᠎ᠠ  ᠬᠡᠮᠵᠢᠶ᠎ᠡ ᠶᠢ ᠰᠢᠯᠢᠳᠡᠭᠵᠢᠭᠦᠯᠵᠦ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ ᠳᠠᠪᠠᠭᠤᠯᠢᠭ ᠢ ᠪᠠᠳᠠᠷᠠᠭᠤᠯᠵᠤ᠂ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ︾ ᠨᠢᠭᠲᠠ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠨᠢᠭᠲᠠ ᠰᠦᠯᠵᠢᠬᠦ ᠬᠡᠷᠡᠭᠲᠡᠢ᠃ ᠳᠤᠮᠳᠠ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠰᠦᠩᠱᠠᠨ ᠳᠤ ᠪᠤᠴᠠᠬᠤ ᠢᠷᠡᠬᠦ  ᠬᠥᠮᠦᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠬᠦᠮᠦᠨ ᠤ ᠰᠠᠭᠤᠷᠢ ᠲᠤᠭ᠎ᠠ ᠶᠢ ᠪᠠᠲᠤ ᠡᠵᠡᠮᠰᠢᠨ᠂ ᠠᠶᠤᠯ ᠲᠦᠭᠰᠢᠭᠦᠷᠢ ᠶᠢᠨ ᠳᠠᠯᠳᠠ ᠬᠡᠮ ᠢ ᠪᠠᠭᠠᠰᠬᠠᠬᠤ ᠬᠡᠷᠡᠭᠲᠡᠶ᠃ ᠤᠷᠤᠰᠬᠠᠯ ᠢ ᠲᠣᠬᠢᠷᠠᠭᠤᠯᠬᠤ ᠬᠤᠷᠳᠤᠴᠠ᠂ ᠣᠨᠣᠪᠴᠢ ᠶᠢᠨ ᠬᠡᠮᠵᠢᠶ᠎ᠡ ᠶᠢ ᠲᠦᠷᠭᠡᠳᠬᠡᠵᠦ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ ᠬᠠᠮᠲᠤᠷᠠᠨ ᠠᠵᠢᠯᠯᠠᠬᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠰᠠᠭᠠᠳ ᠦᠭᠡᠢ ᠨᠡᠪᠲᠡᠷᠡᠭᠦᠯᠵᠦ᠂ ᠸᠢᠷᠦ᠋ᠰ ᠲᠠᠢ ᠤᠷᠤᠯᠳᠤᠬᠤ ᠳᠤ ᠨᠡᠩ ᠤᠯᠠᠨ ᠴᠠᠭ ᠢ ᠲᠡᠮᠡᠴᠡᠨ ᠤᠯᠬᠤ ᠬᠡᠷᠡᠭᠲᠡᠶ᠃ ᠨᠡᠶᠢᠭᠡᠮ ᠤᠨ ᠲᠠᠯ᠎ᠠ ᠠᠴᠠ ᠬᠠᠮᠢᠶᠠᠷᠤᠨ ᠡᠵᠡᠮᠳᠡᠬᠦ ᠶᠢ ᠦᠨᠡᠨᠬᠦ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠠᠷᠢᠯᠭᠠᠬᠤ ᠬᠡᠷᠡᠭᠲᠡᠢ᠃ ᠤᠬᠠᠭᠤᠯᠵᠤ ᠬᠦᠳᠦᠯᠦᠨ ᠵᠢᠯᠣᠭᠤᠳᠬᠤ ᠪᠠᠨ ᠴᠢᠩᠭᠠᠳᠬᠠᠵᠤ᠂ ᠲᠠᠶᠢᠨ ᠤ ᠬᠢᠵᠢᠭ ᠤᠨ ᠡᠮᠦᠨ᠎ᠡ ᠹᠷᠣᠨᠲ ᠤᠨ ᠦᠯᠢᠭᠡᠷ ᠢ ᠰᠠᠶᠢᠲᠤᠷ ᠶᠠᠷᠢᠵᠤ᠂ ᠰᠡᠳᠬᠢᠯ ᠢᠶᠠᠨ ᠨᠢᠭᠡᠳᠬᠡᠨ ᠲᠠᠶᠢᠨ ᠤ ︽ᠬᠢᠵᠢᠭ︾ ᠤᠨ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠬᠤ ᠬᠡᠷᠡᠭᠲᠡᠢ᠃ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠰᠡᠷᠭᠡᠶᠢᠯᠡᠨ ᠡᠵᠡᠮᠳᠡᠬᠦ ᠬᠦᠴᠦᠨ ᠢ ᠵᠣᠬᠢᠰᠲᠠᠢ ᠪᠠᠶᠢᠷᠢᠯᠠᠭᠤᠯᠵᠤ᠂ ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠭᠴᠤᠭ᠎ᠠ ᠨᠢᠭᠡᠪᠦᠷᠢ ᠶᠢ ᠴᠥᠮ ᠠᠳᠬᠤᠬᠤ ᠬᠥᠮᠦᠨ ᠲᠠᠢ᠂ ᠬᠠᠮᠢᠶᠠᠷᠬᠤ ᠬᠥᠮᠦᠨ ᠲᠠᠢ᠂ ᠬᠢᠬᠦ ᠬᠥᠮᠦᠨ ᠲᠠᠢ᠂ ᠠᠵᠢᠯ ᠨᠢᠭᠡᠪᠦᠷᠢ ᠶᠢ ᠴᠥᠮ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃      ᠵᠦᠩ ᠴᠢᠩ ᠰᠦᠩ ᠴᠢᠬᠤᠯᠠᠴᠢᠯᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠯᠤᠰ ᠠᠴᠠ ᠬᠢᠵᠢᠭ ᠤᠨ ᠪᠠᠶᠢᠳᠠᠯ ᠤᠨ ᠨᠥᠯᠥᠭᠡ ᠶᠢ ᠠᠷᠭᠠᠴᠠᠬᠤ ᠶᠢᠨ ᠲᠥᠯᠥᠭᠡ ᠨᠡᠶᠢᠲᠡᠯᠡᠭᠰᠡᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠠᠯᠢ ᠤᠯᠠᠨ ᠰᠠᠶᠢᠨ ᠲᠦᠷᠦ ᠶᠢᠨ ᠪᠤᠳᠤᠯᠭ᠎ᠠ ᠶᠢ ᠠᠮᠵᠢᠨ ᠠᠳᠬᠤᠵᠤ᠂ ᠲᠦᠷᠦ ᠶᠢᠨ ᠪᠤᠳᠤᠯᠭ᠎ᠠ ᠳᠤ ᠨᠡᠶᠢᠴᠡᠬᠦ‍ ᠨᠢᠭᠡ ᠪᠦᠯᠦᠭ ᠲᠤᠮᠤ ᠲᠦᠷᠦᠯ ᠵᠦᠢᠯ ᠰᠠᠶᠢᠨ ᠲᠦᠷᠦᠯ ᠵᠦᠢᠯ ᠢ ᠨᠠᠷᠢᠨ ᠬᠢᠨᠠᠮᠠᠭᠠᠢ ᠰᠤᠳᠤᠯᠤᠨ ᠰᠦᠪᠡᠭᠴᠢᠯᠡᠬᠦ ᠬᠡᠷᠡᠭᠲᠡᠢ᠃ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠡᠯ᠎ᠡ ᠵᠦᠢᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃      ᠬᠤᠷᠠᠯ ᠨᠢ ᠸᠢᠳᠢᠣ᠋ ᠶᠢᠨ ᠬᠡᠯᠪᠡᠷᠢ ᠪᠠᠷ ᠶᠠᠪᠤᠭᠳᠠᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠦᠩ ᠳ᠋ᠡ ᠹᠦ᠋᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠯᠢ ᠬᠦᠩ ᠬᠤᠷᠠᠯ ᠳᠤ ᠣᠷᠣᠯᠴᠠᠭᠰᠠᠨ ᠪᠥᠭᠡᠳ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃          
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号