ᠵᠢᠶᠠᠩ ᠼᠦᠩ᠂ ᠵᠥᠩ ᠴᠢᠩ ᠰᠥᠩ ᠬᠡᠰᠡᠭ ᠡᠮᠴᠢᠯᠡᠭᠡᠨ ᠤ ᠨᠢᠭᠡᠴᠡ᠂ ᠪᠥᠭᠡᠮ ᠬᠦᠴᠢᠯ ᠤᠨ ᠥᠯᠢᠭᠡᠷ ᠠᠪᠬᠤ ᠡᠮᠴᠢ ᠰᠤᠪᠢᠯᠠᠭᠴᠢᠳ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2022/6/15
    6 ᠰᠠᠷ᠎ᠠ ᠶᠢᠨ 10 ᠤ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠢᠶᠠᠩ ᠼᠦᠩ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠥᠩ ᠴᠢᠩ ᠰᠥᠩ ᠬᠡᠰᠡᠭ ᠡᠮᠴᠢᠯᠡᠭᠡᠨ ᠤ ᠨᠢᠭᠡᠴᠡ ᠪᠣᠯᠤᠨ ᠪᠥᠭᠡᠮ ᠬᠦᠴᠢᠯ ᠤᠨ ᠥᠯᠢᠭᠡᠷ ᠠᠪᠬᠤ ᠡᠮᠴᠢ ᠰᠤᠪᠢᠯᠠᠭᠴᠢᠳ ᠢ ᠪᠣᠯᠭᠤᠭᠠᠨ ᠲᠣᠬᠤᠨᠢᠭᠤᠯᠪᠠ᠃      ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠢᠶᠠᠩ ᠼᠦᠩ ᠤᠷᠢᠳ ᠬᠤᠵᠢᠳ ᠤᠯᠠᠭᠠᠨᠬᠠᠳᠠ ᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ᠂ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ᠂ ᠤᠯᠠᠭᠠᠨᠬᠠᠳᠠ ᠬᠤᠲᠠ ᠶᠢᠨ ᠡᠮᠡᠭᠲᠡᠶᠢᠴᠦᠳ ᠤᠨ ᠡᠮᠨᠡᠯᠭᠡ ᠶᠢᠨ ᠬᠤᠷᠢᠶ᠎ᠠ ᠳᠤ ᠬᠦᠷᠴᠦ ᠪᠣᠯᠭᠤᠭᠠᠨ ᠲᠣᠬᠤᠨᠢᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠥᠩ ᠴᠢᠩ ᠰᠥᠩ ᠤᠷᠢᠳ ᠬᠤᠵᠢᠳ ᠥᠪᠥᠷ ᠮᠣᠩᠭᠤᠯ ᠤᠨ ᠵᠠᠮ ᠬᠠᠷᠢᠯᠴᠠᠭᠠᠨ ᠤ ᠮᠡᠷᠭᠡᠵᠢᠯ ᠤᠨ ᠳᠡᠭᠡᠳᠦ ᠰᠤᠷᠭᠠᠭᠤᠯᠢ ᠳᠤ ᠬᠦᠷᠴᠦ ᠮᠠᠨ ᠤ ᠲᠣᠭᠤᠷᠢᠭ ᠤᠨ ᠪᠥᠭᠡᠮ ᠬᠦᠴᠢᠯ ᠢ ᠰᠢᠯᠭᠠᠨ ᠪᠠᠶᠢᠴᠠᠭᠠᠵᠤ ᠥᠯᠢᠭᠡᠷ ᠠᠪᠬᠤ ᠠᠩᠭᠢ ᠶᠢᠨ ᠡᠮᠨᠡᠯᠭᠡ ᠶᠢᠨ ᠠᠵᠢᠯᠲᠠᠳ ᠢ ᠪᠣᠯᠭᠤᠭᠠᠨ ᠲᠣᠬᠤᠨᠢᠭᠤᠯᠵᠤ᠂ ᠪᠦᠦ ᠾᠧᠩ ᠵᠣᠴᠢᠳ ᠤᠨ ᠪᠠᠭᠤᠳᠠᠯ ᠳᠤ ᠬᠦᠷᠴᠦ ᠠᠬ᠎ᠠ ᠳᠡᠭᠦᠤ ᠬᠤᠰᠢᠭᠤ ᠰᠢᠶᠠᠨ ᠠᠴᠠ ᠮᠠᠨ ᠤ ᠲᠣᠭᠤᠷᠢᠭ ᠢ ᠲᠤᠰᠠᠯᠠᠵᠤ ᠪᠠᠶᠢᠭ᠎ᠠ ᠪᠥᠭᠡᠮ ᠬᠦᠴᠢᠯ ᠢ ᠰᠢᠯᠭᠠᠨ ᠪᠠᠶᠢᠴᠠᠭᠠᠵᠤ ᠥᠯᠢᠭᠡᠷ ᠠᠪᠬᠤ ᠠᠩᠭᠢ ᠶᠢᠨ ᠡᠮᠨᠡᠯᠭᠡ ᠶᠢᠨ ᠠᠵᠢᠯᠲᠠᠳ ᠢ ᠪᠣᠯᠭᠤᠭᠠᠨ ᠲᠣᠬᠤᠨᠢᠭᠤᠯᠪᠠ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号