6 ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠤᠨ ᠨᠠᠮ ᠤᠨ | ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ᠂ ᠲᠣᠭᠤᠷᠢᠭ ᠤᠨ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ | ᠭᠠᠵᠠᠷ ᠤᠨ ᠶᠡᠷᠦᠩᠬᠡᠶ ᠵᠢᠯᠣᠭᠤᠳᠣᠭᠴᠢ ᠵᠥᠩ ᠴᠢᠩ ᠰᠥᠩ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ︵ᠥᠷᠭᠡᠳᠬᠡᠭᠰᠡᠨ | ︶ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠠᠷᠠᠭᠠᠴᠢ ᠶᠢᠨ ᠠᠯᠬᠤᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠳᠤ ᠳᠠᠬᠢᠨ ᠲᠣᠬᠢᠷᠠᠭᠤᠯᠤᠯᠲᠠ᠂ ᠳᠠᠬᠢᠨ ᠪᠠᠶᠢᠷᠢᠯᠠᠭᠤᠯᠤᠯᠲᠠ ᠬᠢᠪᠠ᠃ | | ᠵᠥᠩ ᠴᠢᠩ ᠰᠥᠩ ᠵᠢᠭᠠᠵᠤ ᠭᠠᠷᠭᠠᠭᠰᠠᠨ ᠨᠢ᠂ ᠲᠤᠰ ᠡᠭᠡᠯᠵᠢ ᠶᠢᠨ ᠬᠢᠵᠢᠭ ᠤᠨ ᠪᠠᠶᠢᠳᠠᠯ | ᠡᠭᠦᠰᠦᠭᠰᠡᠨ ᠠᠴᠠ ᠨᠠᠰᠢ᠂ ᠪᠦᠬᠦ ᠲᠣᠭᠤᠷᠢᠭ ᠤᠨ ᠳᠡᠭᠡᠳᠦ ᠲᠤᠤᠷᠠᠳᠤ ᠱᠠᠳᠤ ᠪᠠᠷ ᠢᠶᠠᠨ ᠬᠤᠳᠠ ᠶᠢᠨ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ | ᠂ ᠬᠤᠳᠠ ᠶᠢᠨ ᠰᠡᠷᠭᠡᠶᠢᠯᠡᠯᠲᠡ ᠶᠢᠨ ᠵᠢᠯᠣᠭᠤᠳᠬᠤ ᠭᠠᠵᠠᠷ ᠤᠨ ᠨᠢᠭᠡᠳᠦᠯᠲᠡᠢ ᠵᠢᠯᠤᠭᠤᠳᠤᠯᠭ᠎ᠠ ᠳᠣᠣᠷ᠎ᠠ᠂ | ᠲᠣᠭᠤᠷᠢᠭ ᠤᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠦᠳᠲᠡᠷ ᠲᠦᠷᠭᠡᠨ ᠬᠥᠳᠡᠯᠦᠯᠴᠡᠵᠦ | ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠠᠶᠤᠯ ᠲᠦᠭᠰᠢᠭᠦᠷᠢ ᠠᠴᠠ ᠠᠶᠤᠬᠤ ᠦᠭᠡᠢ ᠪᠠᠷ ᠡᠳᠦᠷ ᠰᠥᠨᠢ | ᠦᠭᠡᠢ ᠡᠷᠡᠯᠬᠡᠭᠯᠡᠨ ᠲᠡᠮᠡᠴᠡᠵᠦ᠂ ᠰᠦᠩᠱᠠᠨ ᠤ ᠨᠠᠮ ᠤᠨ ᠭᠡᠰᠢᠭᠦᠨ ᠺᠠᠳ᠋ᠷ ᠤᠨ ᠡᠩᠨᠡᠭᠡ ᠶᠢᠨ ᠪᠠᠴᠢᠮ ᠪᠡᠷᠬᠡ | ᠪᠠᠷᠳᠠᠭ᠎ᠠ ᠲᠠᠢ ᠦᠶ᠎ᠡ ᠳᠤ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠡᠮᠦᠨ᠎ᠡ ᠨᠢ ᠭᠠᠪᠰᠢᠭᠠᠶᠢᠯᠠᠵᠤ ᠪᠠᠶᠢᠬᠤ ᠶᠢ | ᠭᠦᠢᠴᠡᠳ ᠬᠠᠷᠠᠭᠤᠯᠵᠠᠢ᠃ | ᠵᠥᠩ ᠴᠢᠩ ᠰᠥᠩ ᠴᠢᠬᠤᠯᠠᠴᠢᠯᠠᠭᠰᠠᠨ ᠨᠢ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠᠶᠢᠳᠠᠯ ᠮᠥᠨ ᠬᠦ ᠨᠠᠷᠢᠨ ᠪᠤᠳᠤᠯᠢᠶᠠᠨᠲᠠᠶ ᠪᠥᠭᠡᠳ ᠬᠦᠨᠳᠦ ᠬᠡᠴᠡᠭᠦᠦ ᠪᠠᠶᠢᠨ᠎ᠠ᠂ ᠡᠯ᠎ᠡ ᠭᠠᠵᠠᠷ ᠣᠷᠣᠨ᠂ ᠡᠯ᠎ᠡ | ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠠᠵᠠ ᠵᠠᠪᠰᠢᠶᠠᠨ ᠢ ᠡᠷᠢᠬᠦ | ᠰᠡᠳᠬᠢᠯᠭᠡ᠂ ᠰᠤᠯᠠᠷᠠᠬᠤ ᠰᠡᠳᠬᠢᠯᠭᠡ ᠪᠠᠨ ᠡᠷᠡᠰ ᠲᠡᠪᠴᠢᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ | ᠡᠭᠦᠷᠭᠡᠯᠡᠵᠦ᠂ ᠢᠳᠡᠪᠬᠢᠲᠡᠶ ᠪᠠᠷ ᠠᠵᠢᠯᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ | ᠴᠢᠳᠠᠪᠤᠷᠢ ᠪᠠᠨ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠬᠡᠷᠡᠭᠲᠡᠶ᠃ ᠬᠠᠷᠢᠶ᠎ᠠ ᠭᠠᠵᠠᠷ᠂ ᠰᠠᠯᠠᠭ᠎ᠠ ᠮᠥᠴᠢᠷ᠂ | ᠨᠢᠭᠡᠴᠡ᠂ ᠬᠤᠪᠢ ᠬᠥᠮᠦᠨ ᠤ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠨᠡᠶᠢᠭᠡᠮ ᠤᠨ ᠬᠠᠮᠲᠤ ᠶᠢᠨ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠪᠦᠷᠢᠨᠰᠢᠬᠦᠯᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠬᠤ ᠬᠡᠷᠡᠭᠲᠡᠶ᠃ | ᠡᠮᠦᠨ᠎ᠡ ᠨᠢᠭᠡ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠷᠰᠢᠯᠭ᠎ᠠ ᠶᠢ ᠨᠠᠷᠢᠨ | ᠬᠢᠨᠠᠮᠠᠭᠠᠢ ᠳ᠋ᠦᠩᠨᠡᠵᠦ᠂ ᠳᠤᠲᠠᠭᠤᠳᠠᠯ ᠪᠠᠭᠤᠷᠠᠢ ᠵᠦᠢᠯ ᠢ ᠲᠦᠷᠭᠡᠨ ᠨᠥᠬᠦᠪᠥᠷᠢᠯᠡᠵᠦ᠂ ᠰᠡᠷᠭᠡᠶᠢᠯᠡᠨ ᠡᠵᠡᠮᠳᠡᠬᠦ | ᠲᠣᠭᠲᠠᠴᠠ ᠶᠢ ᠲᠡᠭᠦᠯᠳᠡᠷᠵᠢᠭᠦᠯᠵᠦ᠂ ᠬᠥᠮᠦᠰ ᠤᠨ ᠨᠥᠭᠡᠴᠡᠯᠡᠯᠲᠡ ᠶᠢ ᠰᠠᠶᠢᠲᠤᠷ ᠠᠳᠬᠤᠵᠤ᠂ ᠪᠣᠷᠣᠭᠠᠨ ᠠᠴᠠ | ᠡᠮᠦᠨ᠎ᠡ ᠪᠡᠯᠡᠳᠬᠡᠯ ᠬᠢᠵᠦ᠂ ᠪᠡᠯᠡᠳᠬᠡᠯ ᠲᠠᠢ ᠪᠠᠶᠢᠪᠠᠯ ᠪᠠᠯᠠᠳᠠᠬᠤ ᠦᠭᠡᠢ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ | ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠬᠤᠯᠠᠴᠢᠯᠠᠵᠤ᠂ ᠵᠢᠯᠣᠭᠤᠳᠬᠤ ᠭᠠᠵᠠᠷ ᠤᠨ ᠬᠢᠨ | ᠪᠠᠶᠢᠩᠭᠤᠵᠢᠭᠰᠠᠨ᠂ ᠪᠣᠳᠠᠲᠤ ᠴᠣᠭᠴᠠᠵᠢᠭᠤᠯᠤᠨ ᠠᠵᠢᠯᠯᠠᠭᠤᠯᠬᠤ ᠶᠢ ᠪᠠᠷᠢᠮᠲᠠᠯᠠᠵᠤ᠂ ᠨᠢᠭᠡᠳᠦᠯᠲᠡᠢ ᠵᠢᠯᠣᠭᠤᠳᠴᠤ᠂ | ᠲᠤᠬᠢᠷᠠᠭᠤᠯᠭ᠎ᠠ ᠶᠢ ᠴᠢᠩᠭᠠᠳᠬᠠᠵᠤ᠂ ᠡᠯ᠎ᠡ ᠰᠠᠯᠠᠭ᠎ᠠ ᠮᠥᠴᠢᠷ᠂ ᠡᠯ᠎ᠡ ᠲᠤᠰᠬᠠᠢ ᠲᠦᠷᠦᠯ ᠤᠨ ᠳᠤᠭᠤᠶᠢᠯᠠᠩ ᠤᠨ | ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠷᠢᠯᠴᠠᠨ ᠬᠠᠮᠵᠢᠯᠴᠠᠵᠤ᠂ ᠪᠦᠲᠦᠮᠵᠢᠲᠡᠢ ᠵᠣᠯᠭᠠᠭᠤᠯᠬᠤ ᠶᠢ ᠪᠡᠶᠡᠯᠡᠭᠦᠯᠬᠦ | ᠬᠡᠷᠡᠭᠲᠡᠢ᠃ | ᠵᠦᠩ ᠴᠢᠩ ᠰᠦᠩ ᠱᠠᠭᠠᠷᠳᠠᠭᠰᠠᠨ ᠨᠢ᠂ ᠭᠤᠣᠯᠳᠠᠯᠭ᠎ᠠ ᠲᠠᠢ ᠣᠷᠣᠨ ᠪᠠᠶᠢᠷᠢ ᠪᠣᠯᠤᠨ ᠵᠠᠩᠭᠢᠯᠠᠭ᠎ᠠ ᠶᠢᠨ | ᠭᠤᠭᠴᠤᠭ᠎ᠠ ᠶᠢ ᠴᠢᠩᠭ᠎ᠠ ᠠᠳᠬᠤᠵᠤ᠂ ᠰᠡᠷᠭᠡᠶᠢᠯᠡᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ ᠲᠤᠭᠤᠷᠢᠭ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠯᠠᠪᠳᠠᠭᠤᠨ ᠲᠣᠭᠲᠠᠭᠤᠨ ᠡᠮᠬᠢ ᠳᠢᠭᠯᠢᠮ ᠲᠠᠢ ᠶᠠᠪᠤᠭᠳᠠᠬᠤ ᠶᠢ | ᠪᠠᠲᠤᠯᠠᠬᠤ ᠬᠡᠷᠡᠭᠲᠡᠢ᠃ ᠵᠠᠮ ᠬᠠᠷᠢᠯᠴᠠᠭᠠᠨ ᠤ ᠪᠣᠭᠤᠮᠲᠠ ᠶᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ | ᠪᠦᠬᠦ ᠲᠠᠯ᠎ᠠ ᠪᠠᠷ ᠴᠢᠩᠭᠠᠳᠬᠠᠵᠤ᠂ ᠥᠷᠭᠡᠨ ᠤᠯᠠᠨ ᠲᠦᠮᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠤᠬᠠᠮᠰᠠᠷ ᠢ ᠦᠨᠡᠨᠬᠦ ᠳᠡᠭᠡᠭᠰᠢᠯᠡᠭᠦᠯᠵᠦ᠂ ᠨᠢᠭᠲᠠᠷᠠᠯ ᠤᠨ ᠬᠦᠴᠦᠨ᠂ ᠲᠥᠪᠯᠡᠩᠭᠦᠢ ᠬᠦᠴᠦᠨ ᠢ ᠴᠢᠩᠭᠠᠳᠬᠠᠵᠤ᠂ | ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ | ᠪᠠᠶᠢᠭᠤᠯᠬᠤ ᠬᠡᠷᠡᠭᠲᠡᠢ᠃ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠬᠥᠮᠦᠰ ᠤᠨ ᠪᠥᠭᠡᠮ ᠬᠦᠴᠢᠯ ᠢ | ᠪᠠᠶᠢᠴᠠᠭᠠᠨ ᠬᠡᠮᠵᠢᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ︽ᠪᠠᠶᠢᠴᠠᠭᠠᠬᠤ ᠶᠣᠰᠣᠲᠠᠶ ᠶᠢ ᠨᠢ ᠴᠥᠮ | ᠪᠠᠶᠢᠴᠠᠭᠠᠬᠤ︾ ᠶᠢ ᠪᠡᠶᠡᠯᠡᠭᠦᠯᠵᠦ᠂ ᠰᠢᠨ᠎ᠡ ᠸᠢᠷᠦ᠋ᠰ ᠢ ᠣᠷᠣᠭᠤᠯᠬᠤ ᠲᠦᠭᠰᠢᠭᠦᠷᠢ ᠶᠢ ᠬᠠᠮᠤᠭ ᠤᠨ ᠶᠡᠭᠡ | ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃ ᠬᠡᠷ ᠲᠡᠭᠡᠨ ᠲᠤᠰᠠᠭᠠᠷᠯᠠᠵᠤ ᠪᠠᠶᠢᠭ᠎ᠠ ᠬᠥᠮᠦᠰ ᠢ ᠬᠢᠨᠠᠨ ᠬᠠᠮᠢᠶᠠᠷᠬᠤ᠂ | ᠭᠤᠤᠯᠳᠠᠯᠭ᠎ᠠ ᠲᠠᠢ ᠬᠥᠮᠦᠰ ᠤᠨ ᠡᠳᠦᠷ ᠲᠤᠲᠤᠮ ᠤᠨ ᠡᠷᠡᠭᠦᠯ ᠮᠡᠨᠳᠦ ᠶᠢ ᠬᠢᠨᠠᠨ ᠬᠡᠮᠵᠢᠬᠦ ᠵᠡᠷᠭᠡ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ | ᠨᠢᠭᠤᠨ ᠳᠠᠯᠳᠠᠯᠠᠬᠤ ᠲᠦᠭᠰᠢᠭᠦᠷᠢ ᠶᠢ ᠠᠷᠢᠯᠭᠠᠬᠤ ᠬᠡᠷᠡᠭᠲᠡᠶ᠃ ᠬᠠᠮᠠᠭᠠᠯᠠᠯᠲᠠ ᠶᠢᠨ ᠡᠳ᠋ ᠪᠣᠳᠠᠰ ᠤᠨ | ᠨᠥᠭᠡᠴᠡᠯᠡᠯᠲᠡ ᠶᠢ ᠰᠠᠶᠢᠲᠤᠷ ᠬᠢᠵᠦ᠂ ᠡᠳ᠋ ᠪᠣᠳᠠᠰ ᠤᠨ ᠬᠠᠮᠢᠶᠠᠷᠤᠯᠲᠠ ᠶᠢ ᠴᠢᠩᠭᠠᠳᠬᠠᠨ᠂ ᠪᠠᠴᠢᠮ ᠪᠠᠶᠢᠳᠠᠯ ᠤᠨ | ᠳᠣᠣᠷ᠎ᠠ ᠲᠣᠬᠢᠷᠠᠭᠤᠯᠵᠤ ᠳᠡᠶᠢᠯᠬᠦ ᠪᠠ ᠬᠡᠷᠡᠭᠯᠡᠵᠦ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ | ᠬᠤᠷᠠᠯ ᠨᠢ ᠸᠢᠳᠢᠣ᠋ ᠶᠢᠨ ᠬᠡᠯᠪᠡᠷᠢ ᠪᠠᠷ ᠶᠠᠪᠤᠭᠳᠠᠪᠠ᠃ ᠰᠦᠩᠱᠠᠨ ᠲᠣᠭᠤᠷᠢᠭ ᠤᠨ ᠤᠳᠤᠷᠢᠳᠤᠯᠭ᠎ᠠ ᠯᠢᠦ | ᠰᠢᠤᠸᠠᠢ ᠴᠢᠨ᠂ ᠵᠤᠤ ᠶᠠ ᠳ᠋ᠦᠩ᠂ ᠰᠦᠩ ᠳ᠋ᠡ ᠹᠦ᠋᠂ ᠵᠢᠶᠠ ᡁᠢ ᠬᠤᠩ᠂ ᠶᠠᠩ ᠯᠢ ᠬᠦᠩ᠂ ᠰᠢᠤᠢ ᠹᠸᠢ ᠶᠠᠨ᠂ | ᠢᠦᠢ ᠬᠤᠩ ᠯᠢᠨ᠂ ᠢᠦᠢ ᠬᠤᠸᠠ ᠶᠠᠨ ᠬᠤᠷᠠᠯ ᠳᠤ ᠣᠷᠣᠯᠴᠠᠪᠠ᠃ ᠲᠤᠭᠤᠷᠢᠭ ᠤᠨ ᠵᠢᠯᠣᠭᠤᠳᠬᠤ ᠭᠠᠵᠠᠷ ᠤᠨ | ᠡᠯ᠎ᠡ ᠠᠵᠢᠯᠯᠠᠬᠤ ᠳᠤᠭᠤᠶᠢᠯᠠᠩ᠂ ᠠᠵᠢᠯ ᠤᠨ ᠲᠤᠰᠬᠠᠢ ᠠᠩᠭᠢ᠂ ᠬᠠᠮᠢᠶ᠎ᠠ ᠪᠦᠬᠦᠢ ᠪᠦᠷᠢᠯᠳᠦᠬᠦᠨ ᠨᠢᠭᠡᠴᠡ ᠶᠢᠨ | ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | |