ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ︽ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ | ᠰᠦᠯᠵᠢᠶ᠎ᠡ ᠶᠢ ᠨᠢᠭᠲᠠ ᠰᠦᠯᠵᠢᠵᠦ᠂ ᠡᠮ ᠡᠮᠨᠡᠯᠭᠡ ᠶᠢᠨ ᠳᠠᠭᠠᠳᠬᠠᠯ ᠤᠨ ᠰᠡᠷᠭᠡᠶᠢᠯᠡᠯᠲᠡ ᠶᠢᠨ ᠱᠤᠭᠤᠮ ᠢ | ᠬᠠᠮᠲᠤ ᠪᠠᠷ ᠪᠠᠶᠢᠭᠤᠯᠬᠤ︾ ᠪᠠᠷ ᠭᠤᠤᠯ ᠰᠡᠳᠦᠪ ᠪᠣᠯᠭᠠᠵᠤ᠂ ᠡᠯ᠎ᠡ ᠴᠡᠭ ᠲᠣᠭᠲᠠᠭᠠᠭᠰᠠᠨ ᠡᠮᠴᠢᠯᠡᠭᠡᠨ ᠤ | ᠪᠠᠶᠢᠭᠤᠯᠤᠮᠵᠢ᠂ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠵᠢᠴᠢ ᠵᠡᠭᠡᠯᠢ ᠭᠤᠳᠤᠮᠵᠢ ᠨᠡᠶᠢᠭᠡᠮ ᠲᠣᠭᠤᠷᠢᠭ ᠢᠶᠠᠷ ︽ | ᠤᠬᠠᠭᠤᠯᠭ᠎ᠠ ᠶᠢᠨ ᠰᠠᠭᠤᠷᠢᠨ ᠭᠠᠵᠠᠷ︾ ᠪᠣᠯᠭᠠᠵᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ | ᠤᠬᠠᠭᠤᠯᠭ᠎ᠠ ᠶᠢᠨ ᠸᠢᠳᠢᠣ᠋ ᠨᠡᠪᠲᠡᠷᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠮ ᠡᠮᠨᠡᠯᠭᠡ ᠶᠢᠨ | ᠳᠠᠭᠠᠳᠬᠠᠯ ᠤᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠲᠦᠷᠢᠮ᠂ ᠠᠵᠢᠯᠲᠠᠨ ᠠᠵᠢᠯᠴᠢᠨ ᠤ ᠡᠭᠦᠳᠡᠨ | ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠤ ᠲᠥᠷᠥ ᠶᠢᠨ ᠪᠣᠳᠣᠯᠭ᠎ᠠ ᠶᠢ ᠤᠬᠠᠭᠤᠯᠬᠤ᠂ ᠳᠠᠭᠠᠳᠬᠠᠯ | ᠮᠡᠬᠡᠯᠡᠬᠦ ᠶᠢ ᠬᠡᠷᠬᠢᠨ ᠰᠡᠷᠭᠡᠶᠢᠯᠡᠬᠦ ᠵᠡᠷᠭᠡ ᠪᠠᠷ ᠤᠬᠠᠭᠤᠯᠭ᠎ᠠ ᠶᠢᠨ ᠭᠤᠤᠯᠳᠠᠯᠭ᠎ᠠ ᠪᠣᠯᠭᠠᠭᠰᠠᠨ ᠪᠠᠶᠢᠨ᠎ᠠ᠃ ᠲᠣᠰ | ᠤᠳᠠᠭᠠᠨ ᠤ ᠤᠬᠠᠭᠤᠯᠭ᠎ᠠ ᠳᠤ ᠨᠡᠶᠢᠲᠡ 5000 ᠭᠠᠷᠤᠶ ᠤᠬᠠᠭᠤᠯᠭ᠎ᠠ ᠶᠢᠨ ᠵᠠᠷᠯᠠᠯ ᠨᠠᠭᠠᠵᠤ᠂ ᠠᠳᠠᠯᠢ ᠪᠤᠰᠤ | ᠠᠭᠤᠯᠭ᠎ᠠ ᠶᠢᠨ ᠤᠬᠠᠭᠤᠯᠭ᠎ᠠ ᠶᠢᠨ ᠬᠠᠭᠤᠳᠠᠰᠤ ᠶᠢ 5000 ᠭᠠᠷᠤᠶ ᠲᠠᠷᠬᠠᠭᠠᠪᠠ᠃ |