ᠰᠦᠩᠱᠠᠨ ᠲᠣᠭᠤᠷᠢᠭ ︽ᠨᠠᠬᠢᠶ᠎ᠠ ᠶᠢ ᠬᠠᠮᠠᠭᠠᠯᠠᠬᠤ 2022 · ᠨᠣᠭᠤᠭᠠᠨ ᠪᠢᠴᠢᠭ ᠤᠨ ᠱᠣᠰᠢᠭ᠎ᠠ︾ ᠰᠤᠷᠭᠠᠭᠤᠯᠢ ᠶᠢᠨ ᠬᠦᠷᠢᠶᠡᠨ ᠳᠤ ᠤᠷᠤᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/6/2
    ᠡᠨᠡ ᠤᠳᠠᠭ᠎ᠠ ᠶᠢᠨ ᠠᠵᠢᠯᠯᠠᠭ᠎ᠠ ᠳᠤ᠂ ᠰᠤᠷᠤᠭᠴᠢᠳ ᠢ ᠵᠣᠬᠢᠶᠠᠨ ᠪᠠᠶᠢᠭᠤᠯᠤᠨ ᠨᠠᠬᠢᠶ᠎ᠠ ᠶᠢ ᠬᠠᠮᠠᠭᠠᠯᠠᠬᠤ · ᠰᠦᠯᠵᠢᠶᠡᠨ ᠤ ᠠᠮᠤᠷ ᠲᠦᠪᠰᠢᠨ ᠤ ᠰᠢᠷᠢᠰ ᠤᠬᠠᠭᠤᠯᠭ᠎ᠠ ᠶᠢᠨ ᠹᠢᠯᠢᠮ ᠢ ᠦᠵᠡᠭᠦᠯᠬᠦ ᠪᠠᠷ ᠳᠠᠮᠵᠢᠭᠤᠯᠤᠨ᠂ ︽ᠨᠣᠭᠤᠭᠠᠨ  ᠪᠢᠴᠢᠭ ᠤᠨ ᠱᠣᠰᠢᠭ᠎ᠠ︾ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠤᠬᠠᠭᠤᠯᠭ᠎ᠠ ᠶᠢᠨ ᠭᠠᠷ ᠳᠡᠪᠲᠡᠷ ᠢ ᠲᠠᠷᠬᠠᠭᠠᠬᠤ ᠵᠡᠷᠭᠡ ᠠᠷᠭ᠎ᠠ ᠮᠠᠶ᠋ᠢᠭ  ᠢᠶᠠᠷ ᠳᠠᠮᠵᠢᠭᠤᠯᠤᠨ ᠰᠤᠷᠭᠠᠭᠤᠯᠢ ᠶᠢᠨ ᠬᠦᠷᠢᠶᠡᠨ ᠤ ᠰᠤᠷᠤᠯᠴᠠᠬᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠴᠡᠪᠡᠷᠰᠢᠭᠦᠯᠵᠦ᠂ ᠥᠷᠭᠡᠨ ᠣᠯᠠᠨ ᠵᠠᠯᠠᠭᠤᠴᠤᠳ ᠪᠠᠭᠠᠴᠤᠳ ᠢ ᠬᠥᠲᠥᠯᠦᠨ ᠵᠢᠯᠣᠭᠤᠳᠴᠤ ᠪᠠᠶᠢᠭᠠᠳ ᠪᠣᠬᠢᠷᠲᠤᠯ ᠥᠬᠡᠶ ᠪᠠᠷ ᠨᠣᠮ ᠤᠩᠰᠢᠬᠤ᠂ ᠪᠣᠯᠪᠠᠰᠤᠨ ᠢᠶᠠᠷ ᠰᠦᠯᠵᠢᠶᠡᠨ ᠳᠤ ᠭᠠᠷᠬᠤ ᠰᠠᠶᠢᠨ ᠰᠠᠶᠢᠬᠠᠨ ᠳᠠᠳᠬᠠᠯ ᠲᠠᠢ ᠪᠣᠯᠭᠠᠵᠤ᠂ ᠰᠤᠷᠤᠭᠴᠢᠳ ᠢ ᠬᠠᠪᠰᠤᠷᠤᠨ ᠤᠬᠠᠮᠰᠠᠷ ᠠᠴᠠ ᠪᠠᠨ ᠰᠦᠯᠵᠢᠶ᠎ᠡ ᠪᠤᠶᠤ ᠨᠣᠮ ᠪᠢᠴᠢᠭ ᠲᠠᠬᠢ ᠵᠠᠷᠢᠮ ᠡᠷᠡᠭᠦᠯ ᠪᠤᠰᠤ ᠮᠡᠳᠡᠭᠡ ᠵᠠᠩᠭᠢ  ᠠᠴᠠ ᠵᠠᠶᠢᠳᠠᠭᠤᠯᠵᠤ᠂ ᠡᠷᠬᠢᠮᠰᠦᠭ ᠥᠭᠡᠳᠡᠷᠬᠡᠭ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠭᠤᠷ ᠠᠮᠢᠰᠬᠤᠯ ᠢ ᠪᠣᠶ ᠪᠤᠯᠭᠠᠪᠠ᠃
 
ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号