2022 ᠣᠨ ᠤ ᠤᠯᠠᠭᠠᠨᠬᠠᠳᠠ ᠬᠤᠲᠠ ᠶᠢᠨ ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢ ᠶᠢᠨ ᠱᠠᠩᠨᠠᠯ ᠤᠨ ᠪᠢᠴᠢᠭ᠂ ᠱᠠᠩᠨᠠᠯ ᠤᠨ ᠲᠡᠮᠳᠡᠭ ᠪᠠ ᠠᠵᠢᠯᠴᠢᠨ ᠤ ᠬᠤᠰᠢᠭᠤᠴᠢ ᠳ᠋ᠤᠭᠠᠷ ᠢ ᠬᠥᠬᠢᠭᠦᠯᠦᠨ ᠰᠠᠶᠢᠰᠢᠶᠠᠬᠤ ᠵᠢᠱᠢᠭᠳᠡᠭᠴᠢ ︵ᠬᠠᠮᠲᠤ ᠨᠡᠶᠢᠲᠡ︶ ᠶᠢ ᠵᠠᠷᠯᠠᠨ ᠨᠡᠶᠢᠲᠡᠯᠡᠬᠦ ᠲᠤᠬᠠᠢ ᠠᠯᠪᠠᠨ ᠨᠡᠶᠢᠲᠡᠯᠡᠯ
ᠨᠡᠶᠢᠲᠡᠯᠡᠭᠰᠡᠨ ᠴᠠᠭ᠄
2022/6/2
    ︽2022 ᠣᠨ ᠤ ᠤᠯᠠᠭᠠᠨᠬᠠᠳᠠ ᠬᠤᠲᠠ ᠶᠢᠨ ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢ ᠶᠢᠨ ᠱᠠᠩᠨᠠᠯ ᠢ ᠰᠣᠩᠭᠤᠨ ᠲᠠᠨᠢᠯᠴᠠᠭᠤᠯᠬᠤ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠪᠥᠬᠦ ᠲᠤᠭᠤᠷᠢᠭ ᠤᠨ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠠᠵᠢᠯᠴᠢᠨ ᠤ ᠡᠪᠯᠡᠯ ᠤᠨ ᠬᠤᠯᠪᠣᠭᠠᠲᠤ ᠬᠤᠷᠠᠯ᠂ ᠰᠢᠰᠲ᠋ᠧᠮ ᠤᠨ ᠠᠵᠢᠯᠴᠢᠨ ᠤ ᠡᠪᠯᠡᠯ᠂ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠱᠠᠲᠤ ᠳᠠᠷᠠᠭᠠᠯᠠᠨ ᠲᠠᠨᠢᠯᠴᠠᠭᠤᠯᠤᠭᠰᠠᠨ ᠰᠠᠭᠤᠷᠢᠨ ᠳᠡᠭᠡᠷ᠎ᠡ᠂ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠤᠨ ᠤᠷᠢᠳᠴᠢᠯᠠᠨ ᠬᠢᠨᠠᠬᠤ᠂ ᠲᠣᠭᠤᠷᠢᠭ ᠤᠨ ᠰᠢᠯᠭᠠᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠪᠠᠲᠤᠯᠠᠭᠤᠯᠵᠤ᠂ ᠬᠤᠲᠠ ᠶᠢᠨ ᠰᠢᠯᠭᠠᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠨ ᠤ ᠬᠢᠨᠠᠯᠲᠠ ᠪᠠᠷ ᠳᠡᠮᠵᠢᠨ᠂ ︽5.1︾ ᠶᠢᠨ ᠬᠥᠳᠡᠯᠮᠦᠷᠢ ᠶᠢᠨ ᠱᠠᠩᠨᠠᠯ ᠤᠨ ᠲᠡᠮᠳᠡᠭ ᠤᠨ 27 ᠵᠢᠱᠢᠭᠳᠡᠭᠴᠢ᠂ ︽5.1︾ ᠶᠢᠨ ᠬᠥᠳᠡᠯᠮᠦᠷᠢ ᠶᠢᠨ ᠱᠠᠩᠨᠠᠯ ᠤᠨ ᠪᠢᠴᠢᠭ ᠤᠨ 3 ᠨᠢᠭᠡᠴᠡ᠂ 3 ᠠᠵᠢᠯᠴᠢᠨ ᠤ ᠬᠤᠰᠢᠭᠤᠴᠢ ᠨᠣᠮᠧᠷ ᠤᠨ ᠡᠭᠡᠯᠵᠢ ᠳᠤᠭᠤᠶᠢᠯᠠᠩ ᠢ ᠲᠠᠨᠢᠯᠴᠠᠭᠤᠯᠬᠤ ᠪᠠᠷ ᠪᠣᠶ᠃ ᠠᠵᠢᠯᠲᠠᠨ ᠠᠵᠢᠯᠴᠢᠨ ᠣᠯᠠᠨ ᠲᠦᠮᠡᠨ ᠤ ᠰᠠᠨᠠᠯ ᠢ ᠥᠷᠭᠡᠨ ᠢᠶᠠᠷ ᠬᠤᠷᠢᠶᠠᠵᠤ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠶᠢᠨ ᠲᠤᠰᠠᠳᠠ᠂ ᠡᠳᠦᠭᠡ 2022 ᠣᠨ ᠤ ᠮᠠᠨ ᠤ ᠲᠤᠭᠤᠷᠢᠭ ᠤᠨ ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢ ᠶᠢᠨ ᠱᠠᠩᠨᠠᠯ ᠤᠨ ᠪᠢᠴᠢᠭ᠂ ᠱᠠᠩᠨᠠᠯ ᠤᠨ ᠲᠡᠮᠳᠡᠭ ᠪᠠ ᠠᠵᠢᠯᠴᠢᠨ ᠤ ᠬᠤᠰᠢᠭᠤᠴᠢ ᠳ᠋ᠤᠭᠠᠷ ᠤᠨ ᠬᠥᠬᠢᠭᠦᠯᠦᠨ ᠰᠠᠶᠢᠰᠢᠶᠠᠬᠤ ᠵᠢᠱᠢᠭᠳᠡᠭᠴᠢ ︵ᠬᠠᠮᠲᠤ ᠨᠡᠶᠢᠲᠡ︶ ᠶᠢᠨ ᠨᠡᠷᠡᠰ ᠢ ᠢᠯᠡ ᠨᠡᠶᠢᠲᠡᠯᠡᠨ᠎ᠡ᠃      ᠵᠠᠷᠯᠠᠨ ᠨᠡᠶᠢᠲᠡᠯᠡᠬᠦ ᠴᠠᠭ᠄ 2022 ᠣᠨ ᠤ 6 ᠰᠠᠷ᠎ᠠ ᠶᠢᠨ 2 ᠤᠨ ᠡᠳᠦᠷ ᠠᠴᠠ 6 ᠰᠠᠷ᠎ᠠ ᠶᠢᠨ 9 ᠤ ᠡᠳᠦᠷ ᠪᠣᠯᠲᠠᠯ᠎ᠠ ︵ᠲᠠᠪᠤᠨ ᠠᠵᠢᠯᠯᠠᠬᠤ ᠡᠳᠦᠷ︶᠃      ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠬᠥᠬᠢᠭᠦᠯᠦᠨ ᠰᠠᠶᠢᠰᠢᠶᠠᠬᠤ ᠪᠠᠷ ᠪᠠᠶᠢᠭ᠎ᠠ ᠬᠥᠮᠦᠨ ︵ᠬᠠᠮᠲᠤ ᠨᠡᠶᠢᠲᠡ︶ ᠳᠤ ᠣᠨᠳᠣᠤ ᠰᠠᠨᠠᠯ ᠲᠠᠢ ᠪᠠᠶᠢᠪᠠᠯ᠂ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ ᠵᠡᠷᠭᠡ ᠬᠡᠯᠪᠡᠷᠢ ᠪᠠᠷ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠪᠠ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠳᠤ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠥᠬᠦᠶ ᠰᠦᠪᠡᠭᠴᠢ ᠵᠢᠴᠢ ᠲᠣᠰ ᠬᠥᠮᠦᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠬᠡᠯᠪᠡᠷᠢ ᠪᠤᠶᠤ ᠠᠵᠢᠯᠯᠠᠵᠤ ᠪᠠᠶᠢᠭ᠎ᠠ ᠨᠢᠭᠡᠴᠢ ᠵᠡᠷᠭᠡ ᠮᠡᠳᠡᠭᠡ ᠵᠠᠩᠭᠢ ᠶᠢ ᠬᠠᠩᠭᠠᠭᠠᠷᠠᠶ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠶ᠋ᠴᠡᠳᠬᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠲᠤᠰᠬᠠᠨ᠎ᠠ᠃      ᠬᠦᠯᠢᠶᠡᠨ ᠠᠪᠬᠤ ᠤᠲᠠᠰᠤ᠄      ᠤᠯᠠᠭᠠᠨᠬᠠᠳᠠ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ᠄ 8223690      ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ᠄ 8421883      ᠬᠦᠯᠢᠶᠡᠨ ᠠᠪᠬᠤ ᠴᠠᠭ᠄ 8᠄ 30 — 11᠄ 30 14᠄ 30 — 17᠄ 00      ᠳᠠᠭᠠᠯᠳᠤᠭᠤᠯᠤᠯ᠄ 2022 ᠣᠨ ᠤ ᠤᠯᠠᠭᠠᠨᠬᠠᠳᠠ ᠬᠤᠳᠠ ᠶᠢᠨ ︽5 · 1︾ ᠤ ᠬᠥᠳᠡᠯᠮᠦᠷᠢ ᠶᠢᠨ ᠱᠠᠩᠨᠠᠯ ᠤᠨ ᠪᠢᠴᠢᠭ᠂ ᠱᠠᠩᠨᠠᠯ ᠤᠨ ᠳᠡᠮᠳᠡᠭ ᠪᠣᠯᠤᠨ ᠠᠵᠢᠯᠴᠢᠨ ᠤ ᠬᠤᠰᠢᠭᠤᠴᠢ ᠨᠣᠮᠧᠷ ᠤᠨ ᠬᠥᠬᠢᠭᠦᠯᠦᠨ ᠰᠠᠶᠢᠰᠢᠶᠠᠬᠤ ᠵᠢᠱᠢᠭᠳᠡᠭᠴᠢ ︵ᠬᠠᠮᠲᠤ ᠨᠡᠶᠢᠲᠡ︶ ᠶᠢᠨ ᠨᠡᠷᠡᠰ                       ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ                            2022 ᠣᠨ ᠤ 6 ᠰᠠᠷ᠎ᠠ ᠶᠢᠨ 2 ᠤᠨ ᠡᠳᠦᠷ     ᠨᠠᠷᠢᠯᠢᠭ ᠪᠠᠶᠢᠳᠠᠯ ᠢ ᠰᠦᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ ᠠᠴᠠ ᠦᠵᠡᠭᠡᠷᠡᠢ           
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号