ᠪᠥᠬᠦ ᠲᠤᠭᠤᠷᠢᠭ ᠤᠨ ᠬᠤᠤᠷ ᠳᠠᠷᠢᠬᠤ ᠶᠢ ᠴᠠᠭᠠᠵᠠᠯᠠᠵᠤ ᠬᠤᠤᠷ ᠠᠷᠢᠯᠭᠠᠬᠤ ᠠᠵᠢᠯ ᠢ ᠭᠦᠨᠵᠡᠭᠡᠶ | ᠥᠷᠨᠢᠭᠦᠯᠬᠦ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠪᠥᠬᠦ ᠲᠤᠭᠤᠷᠢᠭ ᠤᠨ ᠬᠡᠪᠴᠢᠶᠡᠨ ᠳᠠᠬᠢ ᠬᠤᠤᠷᠲᠤ | ᠡᠳ᠋ ᠤᠨ ᠤᠤᠯ ᠤᠷᠭᠤᠮᠠᠯ ᠢ ᠥᠯᠥ ᠳᠠᠷᠢᠬᠤ ᠶᠡᠷᠦᠩᠬᠡᠶ ᠬᠠᠷᠠᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠶᠢᠨ | ᠲᠥᠯᠥᠭᠡ᠂ 5 ᠳ᠋ᠤᠭᠠᠷ ᠰᠠᠷ᠎ᠠ ᠶᠢᠨ 30 ᠤ ᠡᠳᠦᠷ ᠤᠨ ᠦᠳᠡ ᠶᠢᠨ ᠬᠤᠶᠢᠨ᠎ᠠ᠂ ᠲᠤᠭᠤᠷᠢᠭ ᠤᠨ ᠵᠠᠰᠠᠭ ᠤᠨ | ᠣᠷᠳᠣᠨ ᠤ ᠳᠡᠳ᠋ ᠳᠠᠷᠤᠭ᠎ᠠ᠂ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠳᠠᠷᠤᠭ᠎ᠠ᠂ | ᠲᠤᠭᠤᠷᠢᠭ ᠤᠨ ᠬᠤᠤᠷ ᠴᠠᠭᠠᠵᠠᠯᠠᠬᠤ ᠵᠥᠪᠯᠡᠯ ᠤᠨ ᠳᠡᠳ᠋ ᠡᠷᠬᠢᠯᠡᠭᠴᠢ ᠶᠠᠩ ᠯᠢ ᠬᠥᠩ ᠴᠧᠩᠽᠢ ᠰᠢᠶᠠᠩ ᠳᠤ | ᠭᠦᠨᠵᠡᠭᠡᠶᠢᠷᠡᠨ᠂ ᠬᠤᠤᠷ ᠳᠠᠷᠢᠬᠤ ᠶᠢ ᠴᠠᠭᠠᠵᠠᠯᠠᠵᠤ ᠬᠤᠤᠷ ᠠᠷᠢᠯᠭᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠬᠢᠨᠠᠨ | ᠵᠢᠯᠣᠭᠤᠳᠴᠤ ᠪᠠᠶᠢᠴᠠᠭᠠᠪᠠ᠃ | ᠶᠠᠩ ᠯᠢ ᠭᠥᠩ ᠨᠠᠷ ᠲᠤᠬᠠᠶ ᠶᠢᠨ ᠭᠠᠵᠠᠷ ᠲᠤᠨᠢ ᠬᠦᠷᠴᠦ ᠪᠠᠶᠢᠴᠠᠭᠠᠯᠲᠠ ᠬᠢᠬᠦ᠂ ᠬᠠᠷᠢᠭᠤ ᠮᠡᠳᠡᠭᠦᠯᠦᠯᠲᠡ ᠶᠢ | ᠰᠣᠨᠣᠰᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠴᠧᠩᠽᠢ ᠰᠢᠶᠠᠩ ᠤᠨ ᠬᠤᠣᠷ ᠲᠠᠷᠢᠬᠤ ᠶᠢ ᠴᠠᠭᠠᠵᠠᠯᠠᠵᠤ | ᠬᠤᠣᠷ ᠠᠷᠢᠯᠭᠠᠬᠤ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠪᠠ᠃ | ᠶᠠᠩ ᠯᠢ ᠬᠥᠩ ᠴᠢᠬᠤᠯᠠᠴᠢᠯᠠᠬᠤ ᠳᠠᠭᠠᠨ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠬᠤᠤᠷ | ᠴᠠᠭᠠᠵᠠᠯᠠᠬᠤ ᠠᠵᠢᠯ ᠳᠤ ᠲᠤᠯᠭᠠᠷᠠᠵᠤ ᠪᠠᠶᠢᠭ᠎ᠠ ᠬᠦᠨᠳᠦ ᠬᠡᠴᠡᠭᠦᠤ ᠪᠠᠶᠢᠳᠠᠯ ᠢ ᠰᠡᠷᠭᠡᠭ ᠢᠶᠠᠷ ᠲᠠᠨᠢᠵᠤ᠂ ᠬᠤᠤᠷ | ᠴᠠᠭᠠᠵᠠᠯᠠᠬᠤ ᠠᠵᠢᠯ ᠤᠨ ᠰᠠᠨᠠᠭᠠᠴᠢᠯᠠᠭᠠᠲᠤ ᠴᠢᠨᠠᠷ ᠪᠠ ᠪᠣᠳᠠᠲᠤ ᠦᠷ᠎ᠡ ᠪᠦᠳᠦᠮᠵᠢᠳᠤ ᠴᠢᠨᠠᠷ ᠢ ᠲᠠᠰᠤᠷᠠᠯᠲᠠ ᠥᠬᠡᠶ | ᠴᠢᠩᠭᠠᠷᠠᠭᠤᠯᠤᠨ᠂ ᠬᠥᠮᠦᠰ ᠤᠨ ᠰᠡᠳᠬᠢᠯ ᠳᠤ ᠭᠦᠨ ᠬᠠᠳᠠᠩᠰᠢᠭᠰᠠᠨ ᠤᠬᠠᠭᠤᠯᠭ᠎ᠠ ᠬᠥᠮᠦᠵᠢᠯ ᠤᠨ ᠠᠵᠢᠯ ᠢ | ᠥᠷᠨᠢᠭᠦᠯᠬᠦ ᠪᠠᠷ ᠳᠠᠮᠵᠢᠭᠤᠯᠤᠨ᠂ ᠣᠯᠠᠨ ᠲᠦᠮᠡᠨ ᠢ ᠵᠣᠷᠢᠭᠵᠢᠭᠤᠯᠵᠤ ᠪᠠᠶᠢᠭᠠᠳ ᠬᠠᠤᠯᠢ ᠪᠤᠰᠤ ᠪᠠᠷ ᠠᠮᠤ ᠴᠡᠴᠡᠭ | ᠳᠠᠷᠢᠭᠰᠠᠨ ᠦᠢᠯᠡ ᠠᠵᠢᠯᠯᠠᠭ᠎ᠠ ᠶᠢ ᠶᠡᠬᠡᠪᠡᠷ ᠢᠯᠡᠴᠢᠯᠡᠨ ᠮᠡᠳᠡᠭᠦᠯᠵᠦ᠂ ᠡᠯ᠎ᠡ ᠵᠦᠢᠯ ᠤᠨ ᠠᠵᠢᠯ ᠤᠨ ᠠᠷᠭ᠎ᠠ | ᠬᠡᠮᠵᠢᠶ᠎ᠡ ᠶᠢ ᠦᠨᠡᠨᠬᠦ ᠨᠠᠶᠢᠳᠠᠪᠤᠷᠢᠵᠢᠭᠤᠯᠤᠨ᠂ ᠬᠤᠤᠷᠲᠤ ᠡᠳ᠋ ᠤᠨ ᠣᠭ ᠲᠠᠷᠢᠮᠠᠯ ᠢ ᠬᠠᠤᠯᠢ ᠪᠤᠰᠤ ᠪᠠᠷ ᠳᠠᠷᠢᠬᠤ | ᠦᠵᠡᠭᠳᠡᠯ ᠮᠠᠨ ᠤ ᠲᠤᠭᠤᠷᠢᠭ ᠲᠤ ᠡᠭᠦᠰᠬᠦ ᠶᠢ ᠡᠷᠡᠰ ᠬᠤᠷᠢᠭᠯᠠᠬᠤ ᠬᠡᠷᠡᠭᠲᠡᠶ᠃ | ᠶᠠᠩ ᠯᠢ ᠭᠥᠩ ᠪᠠᠰᠠ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠭᠤᠣᠯ ᠤᠨ ᠵᠠᠮ ᠤᠨ ᠬᠤᠭ | ᠨᠣᠪᠰᠢ ᠶᠢ ᠴᠡᠪᠡᠷᠯᠡᠬᠦ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ |