5 ᠰᠠᠷ᠎ᠠ ᠶᠢᠨ 31 ᠤ ᠡᠳᠦᠷ᠂ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠵᠢᠯᠴᠢᠨ ᠤ | ᠡᠪᠯᠡᠯ ᠤᠨ ᠵᠢᠷᠭᠤᠳᠤᠭᠠᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠬᠤᠷᠠᠯᠳᠤᠪᠠ᠃ ᠬᠤᠳᠠ ᠶᠢᠨ | ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ | ᠲᠡᠷᠢᠭᠦᠯᠡᠭᠴᠢ ᠰᠦᠨ ᠵᠢᠩ ᠬᠤᠸᠠ᠂ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠢᠶᠠᠩ ᠼᠦᠩ᠂ | ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠦᠩ | ᠴᠢᠩ ᠰᠦᠩ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠡᠷᠬᠢᠯᠡᠭᠴᠢ ᠸᠠᠩ ᠱᠦᠨ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠴᠢᠨ ᠢᠦᠢ ᠬᠤᠤ | ᠵᠡᠷᠭᠡ ᠤᠳᠤᠷᠢᠳᠤᠯᠭ᠎ᠠ ᠡᠬᠢᠯᠡᠯᠲᠡ ᠶᠢᠨ ᠶᠡᠭᠡ ᠬᠤᠷᠠᠯ ᠳᠤ ᠣᠷᠣᠯᠴᠠᠪᠠ᠃ | ᠦᠳᠡ ᠶᠢᠨ ᠡᠮᠦᠨᠡᠬᠢ 9 ᠴᠠᠭ ᠲᠤ᠂ ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ | ᠳᠠᠭᠤᠤ ᠶᠢᠨ ᠠᠶᠠᠰ ᠳᠤᠮᠳᠠ ᠬᠥᠰᠢᠭᠡ ᠪᠠᠨ ᠰᠡᠬᠦᠪᠡ᠃ | ᠰᠦᠨ ᠵᠢᠩ ᠬᠤᠸᠠ ᠤᠯᠠᠭᠠᠨᠬᠠᠳᠠ ᠬᠤᠳᠠ ᠶᠢᠨ ᠠᠵᠢᠯᠴᠢᠨ ᠤ ᠶᠡᠷᠦᠩᠬᠡᠢ ᠡᠪᠯᠡᠯ ᠤᠨ ᠡᠮᠦᠨ᠎ᠡ ᠠᠴᠠ ᠶᠡᠭᠡ | ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠡᠢ︕ | ᠵᠢᠶᠠᠩ ᠼᠦᠩ ᠲᠣᠭᠤᠷᠢᠭ ᠤᠨ ᠳᠦᠷᠪᠡᠨ ᠪᠠᠭ ᠤᠨ ᠡᠮᠦᠨ᠎ᠡ ᠠᠴᠠ ᠶᠡᠭᠡ ᠬᠤᠷᠠᠯ ᠤᠨ ᠬᠤᠷᠠᠯᠳᠤᠭᠰᠠᠨ ᠳᠤ | ᠬᠠᠯᠠᠭᠤᠨ ᠪᠠᠶᠠᠷ ᠬᠦᠷᠭᠡᠪᠡ︕ ᠪᠦᠬᠦ ᠲᠣᠭᠤᠷᠢᠭ ᠤᠨ ᠡᠯ᠎ᠡ ᠹᠷᠣᠨᠲ ᠲᠤ ᠰᠢᠷᠭᠠᠭᠤ ᠬᠠᠲᠠᠭᠤᠵᠢᠯᠲᠠᠢ ᠠᠵᠢᠯᠯᠠᠵᠤ | ᠪᠠᠶᠢᠭ᠎ᠠ ᠥᠷᠭᠡᠨ ᠤᠯᠠᠨ ᠠᠵᠢᠯᠳᠠᠨ ᠠᠵᠢᠯᠴᠢᠨ ᠤᠯᠠᠨ ᠲᠦᠮᠡᠨ᠂ ᠠᠵᠢᠯᠴᠢᠨ ᠤ ᠡᠪᠯᠡᠯ ᠤᠨ ᠠᠵᠢᠯᠲᠠᠳ ᠲᠤ ᠴᠢᠩ | ᠰᠡᠳᠬᠢᠯ ᠤᠨ ᠮᠡᠨᠳᠦᠴᠢᠯᠡᠯ ᠳᠡᠪᠰᠢᠭᠦᠯᠪᠡ︕ | ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ | ᠵᠤᠤ ᠬᠦᠢ ᠢᠦᠢ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢ ᠲᠥᠯᠥᠭᠡᠯᠡᠨ ︽ᠡᠷᠡᠯᠬᠡᠭᠯᠡᠨ ᠲᠡᠮᠡᠴᠡᠵᠦ ᠰᠢᠨ᠎ᠡ ᠠᠶᠠᠨ | ᠵᠠᠮ ᠳᠠᠭᠠᠨ ᠢᠯᠠᠯᠲᠠ ᠶᠢᠨ ᠡᠷᠴᠢᠨ ᠳᠡᠭᠡᠷ᠎ᠡ ᠪᠠᠨ ᠰᠢᠨ᠎ᠡ ᠪᠠᠶᠢᠳᠠᠯ ᠢ ᠨᠡᠭᠡᠭᠡᠵᠦ ᠠᠵᠢᠯᠳᠠᠨ ᠠᠵᠢᠯᠴᠢᠨ ᠢ | ᠪᠦᠯᠬᠦᠮᠳᠡᠭᠦᠯᠦᠨ ᠲᠠᠶᠢᠴᠢᠯᠠᠵᠤ ᠪᠠᠶᠠᠨ ᠬᠦᠴᠦᠷᠬᠡᠭ ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ | ᠰᠢᠨ᠎ᠡ ᠰᠦᠩᠱᠠᠨ ᠢ ᠪᠦᠳᠦᠭᠡᠨ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠶ᠎ᠡ︾ ᠭᠡᠬᠦ ᠰᠡᠳᠦᠪ ᠢᠶᠠᠷ | ᠠᠵᠢᠯ ᠤᠨ ᠮᠡᠳᠡᠭᠦᠯᠦᠯᠲᠡ ᠬᠢᠪᠡ᠃ | ᠬᠤᠷᠠᠯ ᠠᠴᠠ ᠰᠦᠩᠱᠠᠨ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠤᠨ ᠵᠢᠷᠭᠤᠳᠤᠭᠠᠷ | ᠬᠤᠭᠤᠴᠠᠭᠠᠨ ᠤ ᠵᠥᠪᠯᠡᠯ ᠤᠨ ᠭᠡᠰᠢᠭᠦᠨ᠂ ᠲᠡᠷᠢᠭᠦᠯᠡᠭᠴᠢ᠂ ᠳᠡᠳ᠋ ᠲᠡᠷᠢᠭᠦᠯᠡᠭᠴᠢ᠂ ᠲᠤᠰᠢᠶᠠᠯ ᠬᠠᠪᠰᠤᠷᠭᠠᠭᠰᠠᠨ | ᠳᠡᠳ᠋ ᠲᠡᠷᠢᠭᠦᠯᠡᠭᠴᠢ᠂ ᠲᠤᠰᠢᠶᠠᠯ ᠡᠭᠦᠷᠭᠡᠯᠡᠭᠰᠡᠨ ᠳᠡᠳ᠋ ᠲᠡᠷᠢᠭᠦᠯᠡᠭᠴᠢ᠂ ᠪᠠᠶᠢᠩᠭᠤ ᠶᠢᠨ ᠭᠡᠰᠢᠭᠦᠨ᠂ ᠡᠮᠡᠭᠲᠡᠶ | ᠠᠵᠢᠯᠲᠠᠨ ᠠᠵᠢᠯᠴᠢᠨ ᠤ ᠵᠥᠪᠯᠡᠯ ᠤᠨ ᠭᠡᠰᠢᠭᠦᠨ᠂ ᠡᠷᠬᠢᠯᠡᠭᠴᠢ᠂ ᠵᠠᠷᠤᠳᠠᠯ ᠢ ᠬᠢᠨᠠᠨ ᠪᠠᠶᠢᠴᠠᠭᠠᠬᠤ ᠵᠥᠪᠯᠡᠯ ᠤᠨ | ᠭᠡᠰᠢᠭᠦᠨ᠂ ᠡᠷᠬᠢᠯᠡᠭᠴᠢ ᠪᠠ ᠤᠯᠠᠭᠠᠨᠬᠠᠳᠠ ᠬᠤᠲᠠ ᠶᠢᠨ ᠠᠵᠢᠯᠴᠢᠨ ᠤ ᠡᠪᠯᠡᠯ ᠤᠨ ᠳᠣᠯᠣᠳᠤᠭᠠᠷ ᠤᠳᠠᠭᠠᠨ ᠤ | ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠬᠤ ᠲᠥᠯᠥᠭᠡᠯᠡᠭᠴᠢ ᠶᠢ ᠰᠣᠩᠭᠤᠨ ᠭᠠᠷᠭᠠᠪᠠ︔ ︽ | ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ ᠠᠵᠢᠯᠴᠢᠨ ᠤ ᠡᠪᠯᠡᠯ ᠤᠨ ᠲᠠᠪᠤᠳᠤᠭᠠᠷ ᠬᠤᠭᠤᠴᠠᠭᠠᠨ ᠤ | ᠺᠣᠮᠢᠰ ᠤᠨ ᠠᠵᠢᠯ ᠤᠨ ᠢᠯᠡᠳᠬᠡᠯ︾ ᠤᠨ ᠰᠢᠢᠳᠪᠦᠷᠢ᠂ ︽ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ | ᠠᠵᠢᠯᠴᠢᠨ ᠤ ᠡᠪᠯᠡᠯ ᠤᠨ ᠲᠠᠪᠤᠳᠤᠭᠠᠷ ᠬᠤᠭᠤᠴᠠᠭᠠᠨ ᠤ ᠺᠣᠮᠢᠰ ᠤᠨ ᠡᠳ᠋ ᠤᠨ ᠶᠠᠪᠤᠳᠠᠯ ᠤᠨ ᠠᠵᠢᠯ ᠤᠨ ᠢᠯᠡᠳᠬᠡᠯ︾ | ᠤᠨ ᠰᠢᠢᠳᠪᠦᠷᠢ᠂ ︽ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ ᠠᠵᠢᠯᠴᠢᠨ ᠤ ᠡᠪᠯᠡᠯ ᠤᠨ | ᠲᠠᠪᠤᠳᠤᠭᠠᠷ ᠬᠤᠭᠤᠴᠠᠭᠠᠨ ᠤ ᠵᠠᠷᠤᠳᠠᠯ ᠢ ᠬᠢᠨᠠᠨ ᠪᠠᠶᠢᠴᠠᠭᠠᠬᠤ ᠠᠵᠢᠯ ᠤᠨ ᠢᠯᠡᠳᠬᠡᠯ︾ ᠤᠨ ᠰᠢᠢᠳᠪᠦᠷᠢ ᠶᠢ ᠬᠢᠨᠠᠨ | ᠶᠠᠷᠢᠯᠴᠠᠵᠤ ᠪᠠᠲᠤᠯᠠᠪᠠ᠃ ᠰᠦᠨ ᠵᠧᠨ ᠬᠠᠢ ᠰᠦᠩᠱᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠤᠨ | ᠵᠢᠷᠭᠤᠳᠤᠭᠠᠷ ᠬᠤᠭᠤᠴᠠᠭᠠᠨ ᠤ ᠵᠥᠪᠯᠡᠯ ᠤᠨ ᠲᠡᠷᠢᠭᠦᠯᠡᠭᠴᠢ ᠪᠠᠷ ᠰᠣᠩᠭᠤᠭᠳᠠᠪᠠ᠃ | ᠰᠢᠨ᠎ᠡ ᠪᠠᠷ ᠰᠣᠩᠭᠤᠭᠳᠠᠭᠰᠠᠨ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠤᠨ ᠲᠡᠷᠢᠭᠦᠯᠡᠭᠴᠢ ᠰᠦᠨ | ᠵᠧᠨ ᠬᠠᠶ ᠶᠠᠷᠢᠶ᠎ᠠ ᠲᠠᠯᠪᠢᠬᠤ ᠳᠠᠭᠠᠨ᠂ ᠰᠢᠨ᠎ᠡ ᠨᠢᠭᠡ ᠬᠤᠭᠤᠴᠠᠭᠠᠨ ᠤ ᠠᠵᠢᠯᠴᠢᠨ ᠤ ᠡᠪᠯᠡᠯ ᠤᠨ ᠤᠳᠤᠷᠢᠳᠬᠤ ᠪᠠᠭ | ᠰᠢᠷᠭᠠᠭᠤ ᠰᠤᠷᠤᠯᠴᠠᠵᠥ᠂ ᠴᠢᠳᠠᠪᠤᠷᠢ ᠪᠠᠨ ᠳᠡᠭᠡᠭᠰᠢᠯᠡᠭᠦᠯᠵᠦ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠂ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠤᠷᠢᠭ᠎ᠠ ᠱᠤᠭᠤᠮ ᠢ ᠪᠠᠲᠤ ᠰᠠᠬᠢᠵᠤ᠂ ᠤᠭ ᠴᠢᠨᠠᠷ ᠢᠶᠠᠨ | ᠡᠭᠦᠷᠢᠳᠡ ᠬᠠᠳᠠᠭᠠᠯᠠᠵᠤ᠂ᠲᠣᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠪᠣᠯᠤᠨ | ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ ᠳᠣᠣᠷ᠎ᠠ᠂ ᠦᠷᠭᠦᠯᠵᠢᠯᠡᠨ ᠲᠡᠮᠡᠴᠡᠵᠦ᠂ ᠡᠷᠡᠮᠡᠬᠡᠶᠢᠯᠡᠨ ᠤᠷᠤᠭᠰᠢᠯᠠᠵᠤ | ᠂ ᠠᠵᠢᠯᠳᠠᠨ ᠠᠵᠢᠯᠴᠢᠨ ᠤ ᠠᠰᠢᠭ ᠲᠤᠰᠠ ᠶᠢ ᠰᠠᠶᠢᠲᠤᠷ ᠬᠥᠭᠵᠢᠭᠦᠯᠵᠦ᠂ ᠠᠵᠢᠯᠳᠠᠨ ᠠᠵᠢᠯᠴᠢᠨ ᠤ ᠡᠷᠬᠡ ᠠᠰᠢᠭ ᠢ | ᠰᠠᠶᠢᠲᠤᠷ ᠬᠠᠮᠠᠭᠠᠯᠠᠬᠤ ᠪᠠᠷ ᠴᠢᠷᠮᠠᠶᠢᠵᠤ᠂ ᠪᠦᠬᠦ ᠲᠣᠭᠤᠷᠢᠭ ᠤᠨ ᠠᠵᠢᠯᠳᠠᠨ ᠠᠵᠢᠯᠴᠢᠨ ᠳᠤ ᠬᠢᠷᠢ ᠲᠡᠩᠴᠡᠭᠰᠡᠨ | ᠰᠢᠯᠭᠠᠯᠲᠠ ᠶᠢᠨ ᠬᠠᠭᠤᠳᠠᠰᠤ ᠲᠤᠰᠢᠶᠠᠨ᠎ᠠ︕ |