ᠵᠥᠩ ᠴᠢᠩ ᠰᠥᠩ ᠪᠥᠬᠦ ᠲᠤᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ︵ᠥᠷᠭᠡᠳᠬᠡᠭᠰᠡᠨ︶ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/2
    5 ᠳ᠋ᠤᠭᠠᠷ ᠰᠠᠷ᠎ᠠ ᠶᠢᠨ 31 ᠤ ᠡᠳᠦᠷ ᠤᠨ ᠦᠳᠡ ᠶᠢᠨ ᠬᠤᠶᠢᠨ᠎ᠠ᠂ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠤᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ᠂ ᠲᠤᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠵᠥᠩ ᠴᠢᠩ ᠰᠥᠩ ᠪᠥᠬᠦ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ︵ᠥᠷᠭᠡᠳᠬᠡᠭᠰᠡᠨ︶  ᠬᠤᠷᠠᠯ ᠢ ᠡᠷᠭᠢᠯᠡᠨ ᠬᠤᠷᠠᠯᠳᠤᠭᠤᠯᠪᠠ᠃ ᠲᠣᠭᠤᠷᠢᠭ ᠤᠨ ᠤᠳᠤᠷᠢᠳᠤᠯᠭ᠎ᠠ ᠵᠢᠶᠠ ᡁᠢ ᠬᠤᠩ᠂ ᠶᠠᠩ ᠯᠢ ᠬᠦᠩ᠂ ᠢᠦᠢ ᠬᠤᠩ ᠯᠢᠨ᠂ ᠢᠦᠢ ᠬᠤᠸᠠ ᠶᠠᠨ ᠬᠤᠷᠠᠯ ᠳᠤ ᠣᠷᠣᠯᠴᠠᠪᠠ᠃      ᠬᠤᠷᠠᠯ ᠠᠴᠠ ᠰᠦᠩᠱᠠᠨ ᠲᠣᠭᠤᠷᠢᠭ ᠤᠨ ︽5 · 29︾ ᠤ ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠭᠰᠡᠨ ᠪᠠᠶᠢᠳᠠᠯ ᠢ ᠮᠡᠳᠡᠭᠳᠡᠵᠦ᠂ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠡᠯ᠎ᠡ ᠠᠵᠢᠯᠯᠠᠬᠤ ᠳᠤᠭᠤᠶᠢᠯᠠᠩ ᠤᠨ ᠤᠢᠢᠷ᠎ᠠ ᠶᠢᠨ ᠬᠤᠭᠤᠴᠠᠭᠠᠨ ᠤ ᠠᠵᠢᠯ ᠢᠶᠠᠨ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃      ᠵᠥᠩ ᠴᠢᠩ ᠰᠥᠩ ᠵᠢᠭᠠᠵᠤ ᠭᠠᠷᠭᠠᠭᠰᠠᠨ ᠨᠢ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠶᠢᠨ ᠬᠤᠭᠤᠴᠠᠭ᠎ᠠ ᠪᠠ ᠳᠤᠮᠳᠠᠳᠤ ᠰᠤᠷᠭᠠᠭᠤᠯᠢ ᠶᠢᠨ ᠪᠠ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠣᠶᠢᠷᠠᠳᠬᠤ ᠶᠢ ᠳᠠᠭᠠᠯᠳᠤᠨ᠂ ᠬᠤᠲᠠ ᠶᠢᠨ ᠭᠠᠳᠠᠨ᠎ᠠ ᠠᠴᠠ ᠪᠤᠴᠠᠵᠤ ᠢᠷᠡᠬᠦ ᠬᠥᠮᠦᠰ ᠲᠠᠰᠤᠷᠠᠯᠲᠠ ᠦᠭᠡᠶ ᠨᠡᠮᠡᠭᠳᠡᠵᠦ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠠᠪᠤᠳᠠᠯ ᠢ ᠣᠮᠲᠣᠭᠠᠶᠢᠯᠠᠵᠤ ᠪᠣᠯᠤᠰᠢ ᠦᠭᠡᠶ ᠶᠤᠮ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠮᠢᠨᠴᠦᠭᠦᠷᠡᠬᠦ ᠦᠵᠡᠯ ᠰᠠᠨᠠᠭ᠎ᠠ ᠪᠠᠨ ᠲᠡᠪᠴᠢᠵᠦ᠂ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠵᠦ᠂ ᠳᠣᠲᠣᠭᠠᠳᠤ ᠠᠴᠠ ᠳᠠᠬᠢᠨ ᠰᠡᠷᠭᠦᠬᠦ ᠶᠢ ᠰᠡᠷᠭᠡᠶᠢᠯᠡᠬᠦ︾ ᠡᠯ᠎ᠡ ᠵᠦᠢᠯ ᠤᠨ ᠠᠵᠢᠯ ᠢ ᠪᠣᠳᠠᠲᠠᠶ ᠪᠥᠭᠡᠳ ᠨᠠᠷᠢᠨ ᠠᠳᠬᠤᠬᠤ ᠬᠡᠷᠡᠭᠲᠡᠶ᠃ ᠵᠠᠰᠠᠮᠠᠯ ᠵᠠᠮ ᠤᠨ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠴᠡᠭ ᠤᠨ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠳᠡᠭᠡᠳᠦ ᠬᠤᠷᠳᠤᠴᠠᠲᠤ ᠲᠡᠮᠦᠷ ᠵᠠᠮ ᠤᠨ ᠥᠷᠲᠡᠭᠡ᠂ ᠬᠤᠯᠠ ᠵᠠᠮ ᠤᠨ ᠮᠠᠰᠢᠨ ᠲᠡᠷᠭᠡᠨ ᠤ ᠥᠷᠲᠡᠭᠡ ᠠᠴᠠ ᠬᠦᠷᠦᠯᠴᠡᠨ ᠢᠷᠡᠭᠰᠡᠨ ᠬᠥᠮᠦᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠰᠠᠶᠢᠲᠤᠷ ᠬᠢᠵᠦ᠂ ︽ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ︾ ᠪᠠᠶᠢᠬᠤ ᠬᠡᠷᠡᠭᠲᠡᠶ᠃ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠤᠬᠠᠭᠤᠯᠤᠨ ᠬᠥᠲᠥᠯᠦᠨ ᠵᠢᠯᠣᠭᠤᠳᠬᠤ ᠶᠢ ᠦᠷᠭᠦᠯᠵᠢᠯᠡᠨ ᠴᠢᠩᠭᠠᠳᠬᠠᠵᠤ᠂ ᠨᠡᠶᠢᠭᠡᠮ ᠲᠣᠭᠤᠷᠢᠭ ᠤᠨ ᠦᠵᠦᠭᠦᠷ ᠤᠨ ᠬᠠᠮᠢᠶᠠᠷᠤᠨ ᠡᠵᠡᠮᠳᠡᠬᠦ ᠡᠷᠴᠢᠮ ᠢ ᠴᠢᠩᠭᠠᠷᠠᠭᠤᠯᠬᠤ ᠬᠡᠷᠡᠭᠲᠡᠢ᠃ ᠭᠠᠳᠠᠭᠠᠳᠤ ᠠᠴᠠ ᠣᠷᠣᠭᠤᠯᠬᠤ ᠡᠳ᠋ ᠪᠣᠳᠠᠰ ᠤᠨ ᠰᠢᠤᠳᠠᠨ ᠤ ᠵᠦᠢᠯ᠂ ᠳᠤᠮᠳᠠ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠤ  ᠰᠦᠩᠱᠠᠨ ᠳᠤ ᠣᠷᠣᠭᠤᠯᠬᠤ ᠰᠢᠤᠳᠠᠨ ᠤ ᠵᠦᠢᠯ ᠤᠨ ᠬᠠᠮᠢᠶᠠᠷᠤᠯᠲᠠ ᠶᠢ ᠰᠠᠶᠢᠲᠤᠷ ᠠᠳᠬᠤᠵᠤ᠂ ︽ᠬᠥᠮᠦᠨ᠂ ᠪᠣᠳᠠᠰ᠂ ᠣᠷᠴᠢᠨ ᠲᠣᠭᠤᠷᠢᠨ︾ ᠢ ᠬᠠᠮᠲᠤ ᠳᠤᠨᠢ ᠰᠡᠷᠭᠡᠶᠢᠯᠡᠬᠦ ᠶᠢ ᠪᠡᠶᠡᠯᠡᠭᠦᠯᠬᠦ ᠬᠡᠷᠡᠭᠲᠡᠶ᠃ ᠪᠠᠶᠢᠴᠠᠭᠠᠬᠤ ᠶᠣᠰᠣᠲᠠᠶ ᠶᠢ ᠨᠢ ᠴᠥᠮ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠸᠠᠺᠼᠢᠨ ᠤ ᠲᠠᠷᠢᠯᠭ᠎ᠠ ᠬᠢᠬᠦ ᠶᠢ ᠲᠦᠷᠭᠡᠳᠬᠡᠨ ᠠᠬᠢᠭᠤᠯᠵᠤ᠂ ᠬᠡᠷ ᠲᠡᠭᠡᠨ ᠲᠤᠰᠠᠭᠠᠷᠯᠠᠬᠤ ᠬᠥᠮᠦᠰ ᠪᠠ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠳᠠᠯᠠᠬᠤ ᠬᠡᠷᠡᠭᠲᠡᠶ︔ ᠭᠤᠣᠯᠳᠠᠯᠭ᠎ᠠ ᠲᠠᠢ ᠲᠠᠯᠠᠪᠤᠷ ᠢ ᠰᠡᠷᠭᠡᠶᠢᠯᠡᠨ ᠡᠵᠡᠮᠳᠡᠬᠦ ᠬᠠᠮᠢᠶᠠᠷᠤᠨ ᠡᠵᠡᠮᠳᠡᠬᠦ ᠶᠢ ᠦᠷᠭᠦᠯᠵᠢᠯᠡᠨ ᠰᠠᠶᠢᠲᠤᠷ ᠬᠢᠵᠦ᠂ ᠬᠢᠵᠢᠭ ᠤᠨ ᠰᠡᠷᠭᠡᠶᠢᠯᠡᠯᠲᠡ ᠶᠢᠨ ᠱᠤᠭᠤᠮ ᠢ ᠤᠯᠠᠮ ᠨᠢᠭᠡ ᠠᠯᠬᠤᠮ ᠨᠢᠭᠲᠠᠷᠠᠭᠤᠯᠬᠤ ᠬᠡᠷᠡᠭᠲᠡᠢ᠃      ᠵᠥᠩ ᠴᠢᠩ ᠰᠥᠩ ᠴᠢᠬᠤᠯᠠᠴᠢᠯᠠᠭᠰᠠᠨ ᠨᠢ᠂ ᠳᠤᠮᠳᠠᠳᠤ ᠰᠤᠷᠭᠠᠭᠤᠯᠢ ᠪᠠ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠤᠳᠠᠯ ᠥᠬᠡᠶ ᠬᠦᠷᠴᠦ ᠢᠷᠡᠬᠦ ᠭᠡᠵᠦ ᠪᠠᠶᠢᠨ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠳᠤᠮᠳᠠᠳᠤ ᠰᠤᠷᠭᠠᠭᠤᠯᠢ ᠪᠠ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠯᠪᠣᠭᠳᠠᠯ ᠪᠥᠬᠦᠶ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠰᠢᠯᠭᠠᠯᠲᠠ ᠶᠢᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号