ᠵᠢᠶᠠᠩ ᠼᠦᠩ ︽ᠵᠢᠷᠭᠤᠭᠠᠨ ᠰᠠᠷ᠎ᠠ ᠶᠢᠨ ᠨᠢᠭᠡᠨ︾ ᠤ ᠬᠡᠤᠬᠡᠳ ᠤᠨ ᠪᠠᠶᠠᠷ  ᠤᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/6/2
    6 ᠰᠠᠷ᠎ᠠ ᠶᠢᠨ 1 ᠤ ᠦᠳᠡ ᠶᠢᠨ ᠡᠮᠦᠨ᠎ᠡ᠂ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠢᠶᠠᠩ ᠼᠦᠩ ᠰᠦᠩᠱᠠᠨ ᠲᠣᠭᠤᠷᠢᠭ ᠤᠨ ᠠᠷᠪᠠᠨ ᠭᠤᠷᠪᠠᠳᠤᠭᠠᠷ ᠬᠡᠦᠬᠡᠳ ᠤᠨ ᠴᠡᠴᠡᠷᠯᠢᠭ ᠪᠣᠯᠤᠨ ᠰᠦᠩᠱᠠᠨ ᠲᠣᠭᠤᠷᠢᠭ ᠤᠨ ᠶᠢᠰᠦᠳᠦᠭᠡᠷ ᠪᠠᠭ᠎ᠠ ᠰᠤᠷᠭᠠᠭᠤᠯᠢ ᠳᠤ ᠬᠦᠷᠴᠦ ︽6 · 1︾ ᠤ ᠬᠡᠦᠬᠡᠳ ᠤᠨ ᠪᠠᠶᠠᠷ  ᠤᠨ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠪᠠᠭᠠᠴᠤᠳ ᠬᠡᠦᠬᠡᠳ ᠲᠤ ᠰᠠᠶᠢᠨ ᠰᠠᠶᠢᠬᠠᠨ ᠵᠥᠩᠨᠡᠯ ᠳᠡᠪᠰᠢᠭᠦᠯᠵᠡᠢ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠵᠦ ᠰᠢᠶᠤᠤ ᠯᠸᠢ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠢᠦᠶ ᠬᠤᠸᠠ ᠶᠠᠨ ᠠᠵᠢᠯᠯᠠᠭ᠎ᠠ ᠳᠤ ᠣᠷᠣᠯᠴᠠᠪᠠ᠃      ᠵᠢᠶᠠᠩ ᠼᠦᠩ ᠨᠡᠷ ᠰᠦᠩᠱᠠᠨ ᠲᠣᠭᠤᠷᠢᠭ ᠤᠨ ᠠᠷᠪᠠᠨ ᠭᠤᠷᠪᠠᠳᠤᠭᠠᠷ ᠬᠡᠦᠬᠡᠳ ᠤᠨ ᠴᠡᠴᠡᠷᠯᠢᠭ ᠲᠤ  ᠬᠦᠷᠬᠦ ᠳᠤ᠂ ᠠᠳᠡ ᠶᠠᠭ ︽6 · 1︾ ᠤ ᠬᠡᠦᠬᠡᠳ ᠤᠨ ᠲᠠᠮᠢᠷ ᠤᠨ ᠴᠤᠭᠯᠠᠭᠠᠨ ᠬᠢᠵᠦ ᠪᠠᠶᠢᠪᠠ᠃ ᠵᠢᠶᠠᠩ ᠼᠦᠩ ᠶᠠᠪᠤᠬᠤ ᠶᠢᠨ ᠳᠠᠭᠠᠤ ᠶᠠᠷᠢᠯᠴᠠᠵᠤ᠂ ᠰᠤᠷᠭᠠᠭᠤᠯᠢ ᠶᠢᠨ ᠪᠦᠬᠦ᠋ᠢᠯᠡ ᠪᠠᠶᠢᠳᠠᠯ ᠢ ᠨᠠᠷᠢᠨ ᠣᠶᠢᠯᠠᠭᠠᠵᠤ᠂ ᠬᠡᠦᠬᠡᠳ ᠤᠳ ᠤᠨ ᠰᠤᠷᠤᠯᠭ᠎ᠠ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠠᠰᠠᠭᠤᠪᠠ᠃ ᠲᠠᠮᠢᠷ ᠤᠨ ᠲᠠᠯᠠᠪᠠᠶ ᠳᠤ ᠪᠢᠴᠢᠬᠠᠨ ᠨᠠᠶᠢᠵᠠ ᠨᠠᠷ ︽ᠰᠣᠨᠢᠷᠬᠠᠯᠲᠤ ᠲᠠᠮᠢᠷ ᠤᠨ ᠴᠤᠭᠯᠠᠭᠠᠨ︾ ᠳᠤ ᠣᠷᠣᠯᠴᠠᠵᠤ ᠪᠠᠶᠢᠯ᠎ᠠ᠂ ᠵᠢᠶᠠᠩ ᠼᠦᠩ ᠡᠨᠡ ᠬᠦ ᠬᠥᠳᠡᠯᠭᠡᠭᠡᠨ ᠢ ᠰᠣᠨᠢᠷᠬᠠᠭᠰᠠᠨ ᠪᠥᠭᠡᠳ ︽ᠬᠡᠩᠭᠡᠷᠭᠡ ᠳᠡᠯᠡᠳᠦᠨ ᠴᠡᠴᠡᠭ ᠳᠠᠮᠵᠢᠭᠤᠯᠬᠤ︾ ᠤᠷᠤᠯᠳᠤᠭᠠᠨ ᠳᠤ ᠤᠷᠤᠯᠴᠠᠪᠠ᠃ ᠳᠠᠷᠠᠭ᠎ᠠ ᠨᠢ ᠵᠢᠶᠠᠩ ᠼᠦᠩ ᠠᠩᠭᠢ  ᠳᠤ ᠬᠦᠷᠴᠦ᠂ ᠬᠡᠤᠬᠡᠳ ᠤᠳ ᠲᠠᠢ ᠰᠠᠨᠠᠯ ᠢᠶᠠᠨ ᠰᠣᠯᠢᠯᠴᠠᠵᠤ᠂ ᠲᠡᠳᠡᠨ ᠳᠤ ᠪᠠᠶᠠᠷ ᠤᠨ ᠡᠳᠦᠷ ᠤᠨ ᠵᠥᠩᠨᠡᠯ ᠪᠠ ᠪᠡᠯᠡᠭ ᠬᠦᠷᠭᠡᠵᠦ᠂ ᠲᠡᠳᠡᠨ ᠤ ᠡᠷᠡᠭᠦᠯ ᠴᠢᠭᠢᠷᠠᠭ ᠪᠠᠶᠠᠷ ᠬᠥᠷ ᠲᠠᠢ ᠪᠠᠷ ᠦᠰᠦᠨ ᠪᠤᠶᠢᠵᠢᠬᠤ ᠶᠢ ᠢᠷᠦᠭᠡᠪᠡ᠃      ᠰᠦᠩᠱᠠᠨ ᠲᠣᠭᠤᠷᠢᠭ ᠤᠨ ᠶᠢᠰᠦᠳᠦᠭᠡᠷ ᠪᠠᠭ᠎ᠠ ᠰᠤᠷᠭᠠᠭᠤᠯᠢ ᠳᠤ᠂ ᠵᠢᠶᠠᠩ ᠼᠦᠩ ᠰᠤᠷᠭᠠᠭᠤᠯᠢ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠪᠠᠭᠰᠢ ᠶᠢᠨ ᠲᠤᠬᠢᠷᠠᠭᠤᠯᠤᠯᠳᠠ᠂ ᠰᠤᠷᠤᠭᠴᠢ ᠶᠢᠨ ᠰᠤᠷᠤᠯᠴᠠᠯᠭ᠎ᠠ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠠᠢ᠃ ᠵᠢᠶᠠᠩ ᠼᠦᠩ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ ᠳᠤ ᠪᠡᠶ᠎ᠡ ᠲᠠᠮᠢᠷ ᠤᠨ ᠤᠷᠠᠯᠢᠭ ᠤᠨ ᠨᠠᠶᠢᠷ ᠤᠨ ᠪᠥᠵᠢᠭ᠂ ᠳᠠᠭᠤᠤ ᠳᠠᠭᠤᠯᠠᠬᠤ᠂ ᠰᠢᠯᠦᠭ ᠤᠶᠠᠩᠭᠠᠯᠠᠨ ᠤᠩᠰᠢᠬᠤ ᠵᠡᠷᠭᠡ ᠲᠣᠭᠯᠠᠯᠲᠠ ᠶᠢ ᠰᠣᠨᠢᠷᠬᠠᠬᠤ ᠶᠢᠨ ᠬᠠᠮᠲᠤ ︽ᠪᠢ ᠡᠬᠡ ᠤᠯᠤᠰ ᠲᠠᠢ ᠪᠠᠨ ᠬᠠᠮᠲᠤ︾ ᠭᠡᠬᠦ ᠨᠠᠶᠢᠷᠠᠯ ᠳᠠᠭᠤᠤ ᠶᠢᠨ ᠲᠣᠭᠯᠠᠯᠲᠠ ᠳᠤ ᠣᠷᠣᠯᠴᠠᠪᠠ᠃ ᠵᠢᠶᠠᠩ ᠼᠦᠩ ᠬᠠᠮᠲᠤ ᠰᠤᠷᠤᠭᠴᠢᠳ ᠢ ᠴᠢᠷᠮᠠᠶᠢᠨ ᠰᠤᠷᠤᠯᠴᠠᠵᠤ᠂ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠪᠣᠯᠬᠤ ᠪᠠᠷ ᠴᠢᠷᠮᠠᠶᠢᠵᠤ᠂ ᠡᠷᠲᠡᠬᠡᠨ ᠤᠯᠤᠰ ᠤᠨ ᠲᠤᠯᠭᠠᠭᠤᠷᠢ ᠬᠦᠴᠦᠨ ᠪᠣᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠣᠷᠢᠭᠵᠢᠭᠤᠯᠪᠠ᠃      ᠵᠢᠶᠠᠩ ᠼᠦᠩ ᠬᠡᠯᠡᠬᠦ ᠳᠡᠭᠡᠨ᠂ ︽ᠪᠠᠭᠠᠴᠤᠳ ᠬᠡᠤᠬᠡᠳ ᠪᠣᠯ ᠡᠬᠡ ᠤᠯᠤᠰ ᠤᠨ ᠴᠡᠴᠡᠭ ᠬᠤᠸᠠᠷ ᠮᠥᠨ᠂ ᠦᠨᠳᠦᠰᠦᠲᠡᠨ ᠤ ᠬᠦᠰᠡᠯ ᠡᠷᠡᠮᠡᠯᠵᠡᠯ ᠮᠥᠨ᠂ ᠨᠡᠶᠢᠭᠡᠮ ᠵᠢᠷᠤᠮ ᠤᠨ ᠦᠢᠯᠡᠰ ᠤᠨ ᠵᠠᠯᠭᠠᠮᠵᠢᠯᠠᠭᠴᠢ ᠮᠥᠨ︾ ᠭᠡᠵᠡᠶ᠃ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠦᠢᠯᠡᠰ ᠲᠠᠬᠢ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ᠰᠤᠷᠭᠠᠨ ᠬᠥᠮᠦᠵᠢᠯ ᠤᠨ ᠲᠥᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠬᠡᠷᠡᠭᠲᠡᠶ᠃ ᠪᠠᠭᠠᠴᠤᠳ ᠬᠡᠦᠬᠡᠳ ᠢ ᠬᠠᠯᠠᠮᠵᠢᠯᠠᠨ ᠬᠠᠶᠢᠷᠠᠯᠠᠵᠤ᠂ ᠡᠯ᠎ᠡ ᠵᠦᠢᠯ ᠤᠨ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠬᠠᠷᠢᠭᠤᠴᠠᠯᠭ᠎ᠠ ᠪᠣᠯᠤᠨ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠤᠨ᠂ ᠬᠥᠮᠦᠨ ᠬᠥᠮᠦᠵᠢᠭᠦᠯᠬᠦ ᠰᠠᠶᠢᠨ ᠰᠠᠶᠢᠬᠠᠨ ᠣᠷᠴᠢᠨ ᠲᠣᠭᠤᠷᠢᠨ ᠪᠣᠯᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠵᠤ᠂ ᠪᠠᠭᠠᠴᠤᠳ ᠬᠡᠦᠬᠡᠳ ᠤᠨ ᠪᠦᠬᠦ ᠲᠠᠯ᠎ᠠ ᠪᠠᠷ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠥᠷᠭᠡᠨ ᠤᠯᠠᠨ ᠰᠤᠷᠭᠠᠨ ᠬᠥᠮᠦᠵᠢᠯ ᠤᠨ ᠠᠵᠢᠯᠳᠠᠨ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠰᠠᠶᠢᠨ ᠬᠡᠦᠬᠡᠳ ᠤᠨ ᠲᠠᠭᠠᠭᠤᠯᠤᠭᠴᠢ ᠪᠤᠯᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠬᠡᠦᠬᠡᠳ ᠨᠢᠭᠡᠪᠦᠷᠢ ᠶᠢ ᠰᠠᠶᠢᠲᠤᠷ ᠬᠠᠶᠢᠷᠠᠯᠠᠨ ᠰᠠᠶᠢᠲᠤᠷ ᠬᠥᠮᠦᠵᠢᠭᠦᠯᠵᠦ᠂ ᠡᠬᠡ ᠤᠯᠤᠰ ᠤᠨ ᠢᠶᠠᠨ ᠬᠤᠸᠠᠷ ᠴᠡᠴᠡᠭ ᠢ ᠨᠡᠷᠡᠨ ᠤ ᠭᠡᠷᠡᠯ ᠳᠣᠣᠷ᠎ᠠ ᠡᠷᠡᠭᠦᠯ ᠰᠠᠷᠠᠭᠤᠯ ᠪᠠᠶᠠᠷ ᠪᠠᠶᠠᠰᠬᠤᠯᠠᠩ ᠲᠠᠢ ᠪᠠᠷ ᠥᠰᠬᠡᠨ ᠪᠤᠶᠢᠵᠢᠭᠤᠯᠬᠤ ᠬᠡᠷᠡᠭᠲᠡᠢ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号