ᠵᠦᠩ ᠴᠢᠩ ᠰᠦᠩ 2022 ᠣᠨ ᠤ ᠲᠤᠭᠤᠷᠢᠭ ᠤᠨ ᠵᠠᠰᠠᠭ ᠤᠨ ᠣᠷᠳᠣᠨ ᠤ ᠳᠥᠷᠪᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/2
    5 ᠳ᠋ᠤᠭᠠᠷ ᠰᠠᠷ᠎ᠠ ᠶᠢᠨ 31 ᠤ ᠡᠳᠦᠷ ᠤᠨ ᠦᠳᠡ ᠶᠢᠨ ᠬᠤᠶᠢᠨ᠎ᠠ᠂ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠤᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠥᠩ ᠴᠢᠩ ᠰᠥᠩ 2022 ᠣᠨ ᠤ ᠲᠤᠭᠤᠷᠢᠭ ᠤᠨ ᠵᠠᠰᠠᠭ ᠤᠨ ᠣᠷᠳᠣᠨ ᠤ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠲᠣᠭᠤᠷᠢᠭ ᠤᠨ ᠤᠳᠤᠷᠢᠳᠤᠯᠭ᠎ᠠ ᠵᠢᠶᠠ ᡁᠢ ᠬᠤᠩ᠂ ᠶᠠᠩ ᠯᠢ ᠬᠦᠩ᠂ ᠢᠦᠢ ᠬᠤᠩ ᠯᠢᠨ᠂ ᠢᠦᠢ ᠬᠤᠸᠠ ᠶᠠᠨ ᠬᠤᠷᠠᠯ ᠳᠤ ᠣᠷᠣᠯᠴᠠᠪᠠ      ᠬᠤᠷᠠᠯ ᠠᠴᠠ ᠪᠦᠬᠦ ᠤᠯᠤᠰ ᠤᠨ ᠠᠵᠤ ᠠᠬᠤᠢ ᠶᠢ ᠲᠣᠭᠲᠠᠪᠤᠷᠢᠵᠢᠭᠤᠯᠬᠤ ᠶᠡᠭᠡ ᠬᠡᠪᠴᠢᠶᠡᠨ ᠤ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ 2022 ᠣᠨ ᠤ ᠲᠤᠭᠤᠷᠢᠭ ᠤᠨ ᠵᠠᠰᠠᠭ ᠤᠨ ᠣᠷᠳᠣᠨ ᠤ ᠭᠤᠤᠯᠳᠠᠯᠭ᠎ᠠ ᠲᠠᠢ ᠠᠵᠢᠯ ᠤᠨ ᠰᠢᠯᠭᠠᠨ ᠦᠨᠡᠯᠡᠬᠦ ᠨᠠᠷᠢᠨ ᠲᠦᠷᠢᠮ ᠢ ᠬᠢᠨᠠᠨ ᠵᠥᠪᠯᠡᠪᠡ︔ ᠪᠦᠬᠦ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ︔ ᠪᠥᠬᠦ ᠲᠤᠭᠤᠷᠢᠭ ᠤᠨ ᠬᠤᠶᠠᠳᠤᠭᠠᠷ ᠤᠯᠠᠷᠢᠯ ᠤᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ᠂ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠬᠡᠷᠡᠭ ᠢ ᠴᠡᠭᠴᠡᠯᠡᠨ ᠰᠠᠶᠢᠵᠢᠷᠠᠭᠤᠯᠵᠤ ᠰᠢᠢᠳᠪᠦᠷᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠳᠡᠭᠡᠳᠦ  ᠬᠡᠮᠵᠢᠶ᠎ᠡ ᠪᠠᠷ ᠴᠢᠬᠤᠯᠠᠴᠢᠯᠠᠵᠤ᠂ ᠬᠤᠯᠪᠣᠭᠳᠠᠯ ᠪᠦᠬᠦᠢ ᠠᠭᠤᠯᠭ᠎ᠠ ᠶᠢ ᠡᠮᠬᠢᠯᠡᠵᠦ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠢ᠃ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠳ ᠶᠡᠷᠦᠩᠬᠡᠶᠢᠯᠡᠨ ᠡᠵᠡᠮᠳᠡᠬᠦ ᠦᠢᠯᠡᠳᠦᠯ ᠢᠶᠠᠨ ᠪᠠᠳᠠᠷᠠᠭᠤᠯᠵᠤ᠂ ᠪᠦᠷᠢᠳᠬᠡᠬᠦ᠂ ᠳᠣᠭᠢᠷᠠᠭᠤᠯᠬᠤ ᠪᠠ ᠲᠥᠯᠥᠪᠵᠢᠭᠦᠯᠬᠦ ᠠᠵᠢᠯ ᠢ ᠰᠠᠶᠢᠲᠤᠷ ᠬᠢᠵᠦ᠂ ᠲᠥᠷᠥᠯ ᠵᠦᠢᠯ ᠤᠨ ᠲᠥᠯᠥᠪᠵᠢᠭᠦᠯᠭᠡ ᠪᠠᠨ ᠨᠡᠮᠡᠭᠳᠡᠭᠦᠯᠦᠨ᠂ ᠵᠣᠬᠢᠶᠠᠨ ᠪᠠᠶᠢᠭᠤᠯᠤᠨ ᠪᠣᠯᠪᠠᠰᠤᠷᠠᠭᠤᠯᠬᠤ ᠪᠠᠨ ᠴᠢᠩᠭᠠᠳᠬᠠᠵᠤ᠂ ᠲᠥᠷᠥᠯ ᠵᠦᠢᠯ ᠤᠨ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠥᠨᠳᠥᠷ ᠦᠷ᠎ᠡ ᠪᠦᠲᠦᠮᠵᠢᠲᠡᠶ ᠪᠠᠷ ᠭᠦᠢᠴᠡᠳᠬᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠠᠰᠠᠭᠤᠳᠠᠯ ᠢ ᠴᠢᠩᠭ᠎ᠠ ᠠᠳᠬᠤᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠵᠠᠩᠭᠢᠯᠠᠭ᠎ᠠ ᠶᠢ ᠡᠵᠡᠮᠳᠡᠨ ᠵᠠᠰᠠᠯᠲᠠ ᠶᠢ ᠠᠳᠬᠤᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠤᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠬᠡᠷᠡᠭ ᠢ ᠴᠡᠭᠴᠡᠯᠡᠨ ᠰᠠᠶᠢᠵᠢᠷᠠᠭᠤᠯᠵᠤ ᠰᠢᠢᠳᠪᠦᠷᠢᠯᠡᠬᠦ ᠠᠰᠠᠭᠤᠳᠠᠯ ᠢ ᠦᠨᠡᠨᠬᠦ ᠪᠠᠲᠤᠯᠠᠵᠤ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠵᠤ᠂ ᠲᠠᠬᠢᠨ ᠰᠡᠷᠭᠦᠭᠡᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃      ᠬᠤᠷᠠᠯ ᠠᠴᠠ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠵᠠᠳᠠᠯᠤᠨ ᠰᠤᠳᠤᠯᠵᠤ ᠮᠠᠭᠠᠳᠯᠠᠬᠤ ᠪᠠᠨ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠬᠦ᠂ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠬᠤ ᠪᠠᠨ ᠴᠢᠩᠭᠠᠳᠬᠠᠵᠤ ᠂ ᠲᠤᠭ᠎ᠠ ᠪᠦᠷᠢᠳᠬᠡᠯ᠂ ᠪᠠᠶᠢᠳᠠᠯ ᠲᠣᠳᠣᠷᠬᠠᠢ᠂ ᠲᠤᠭ᠎ᠠ ᠣᠨᠣᠪᠴᠢᠲᠠᠢ ᠪᠠᠶᠢᠬᠤ ᠶᠢ ᠡᠴᠦᠰ ᠲᠤᠨᠢ ᠲᠤᠯᠲᠠᠯ᠎ᠠ ᠬᠢᠵᠦ᠂ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠡᠵᠡᠮᠳᠡᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠪᠦᠬᠦ ᠲᠤᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠯᠲᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠦᠨᠳᠦ ᠶᠡᠭᠡ ᠣᠨᠴᠠ ᠶᠡᠭᠡ ᠠᠮᠤᠷ ᠲᠦᠪᠰᠢᠨ ᠤ ᠠᠳᠡᠯ ᠦᠯᠦ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ︔ ᠠᠶᠤᠯᠭᠦᠢ ᠦᠢᠯᠡᠳᠪᠦᠷᠢᠯᠡᠯ ᠤᠨ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠠᠵᠢᠯ ᠲᠦᠷᠦᠯ ᠤᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠵᠢᠴᠢ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ᠂ ᠥᠨᠳᠥᠷ ᠪᠦᠲᠦᠮᠵᠢᠲᠡᠢ ᠬᠡᠷᠡᠭᠵᠢᠭᠦᠯᠬᠦ ᠬᠦᠴᠦᠨ ᠢᠶᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ ᠬᠡᠷᠡᠭᠲᠡᠢ ᠭᠡᠵᠦ ᠱᠠᠭᠠᠷᠳᠠᠪᠠ᠃          
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号