ᠰᠦᠩᠱᠠᠨ ᠲᠣᠭᠤᠷᠢᠭ ᠬᠤᠳᠠ ᠶᠢ ᠡᠭᠦᠳᠦᠨ ᠪᠠᠶᠢᠭᠤᠯᠬᠤ ᠶᠢ ᠴᠡᠭᠴᠡᠯᠡᠨ ᠵᠠᠰᠠᠬᠤ ᠠᠵᠢᠯ ᠢ ᠲᠦᠷᠭᠡᠳᠬᠡᠨ ᠠᠬᠢᠭᠤᠯᠪᠠ
ᠨᠡᠶᠢᠲᠡᠯᠡᠭᠰᠡᠨ ᠴᠠᠭ᠄
2022/6/22
     ᠨᠢᠭᠡ ᠳᠤ ᠰᠤᠷᠭᠠᠭᠤᠯᠢ ᠶᠢᠨ ᠡᠷᠬᠢᠨ ᠲᠣᠭᠤᠷᠢᠨ ᠤ ᠵᠠᠮ ᠡᠵᠡᠯᠡᠨ ᠡᠵᠡᠩᠨᠡᠬᠦ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠪᠠ᠃ ᠬᠠᠤᠯᠢ ᠬᠡᠷᠡᠭᠵᠢᠭᠦᠯᠬᠦ ᠪᠢᠴᠢᠭ ᠬᠠᠷ᠎ᠠ ᠶᠢ ᠨᠡᠶᠢᠲᠡ 25 ᠬᠤᠪᠢ ᠪᠠᠭᠤᠯᠭᠠᠵᠤ ᠂ ᠬᠤᠳᠠᠯᠳᠤᠭᠠᠴᠢᠨ ᠤ ᠬᠠᠤᠯᠢ ᠶᠢ ᠵᠥᠷᠢᠴᠡᠨ ᠡᠵᠡᠩᠨᠡᠭᠰᠡᠨ 17 ᠰᠠᠤᠷᠢ ᠮᠠᠰᠢᠨ ᠲᠡᠷᠭᠡ ᠶᠢ ᠲᠦᠷ ᠰᠠᠭᠤᠯᠭᠠᠨ ᠠᠪᠤᠪᠠ᠃      ᠬᠤᠶᠠᠷ ᠲᠤ ᠲᠥᠪᠯᠡᠷᠡᠭᠦᠯᠦᠨ ᠵᠢᠭᠰᠠᠭᠠᠨ ᠪᠠᠶᠢᠴᠠᠭᠠᠵᠤ᠂ ᠬᠤᠲᠠ ᠶᠢᠨ ᠳᠦᠷᠰᠦ ᠪᠠᠶᠢᠳᠠᠯ ᠢ ᠴᠡᠭᠴᠡᠯᠡᠨ ᠵᠠᠰᠠᠵᠤ᠂ ᠨᠡᠶᠢᠲᠡ 231 ᠶᠠᠪᠤᠭᠤᠯ ᠬᠤᠳᠠᠯᠳᠤᠭᠠᠴᠢᠨ ᠪᠠ ᠲᠠᠷᠠᠬᠠᠶ ᠮᠠᠶᠢᠮᠠᠶᠢᠴᠢᠨ ᠢ ᠪᠠᠶᠢᠴᠠᠭᠠᠨ ᠰᠢᠢᠳᠪᠦᠷᠢᠯᠡᠵᠦ᠂ 1200 ᠳᠡᠯᠭᠡᠭᠦᠷ ᠤᠨ ᠭᠠᠳᠠᠨ᠎ᠠ ᠲᠠᠯᠪᠢᠵᠤ ᠪᠠᠶᠢᠭ᠎ᠠ ᠳᠡᠯᠭᠡᠭᠦᠷ ᠢ ᠴᠡᠪᠡᠷᠯᠡᠨ᠂ 92 ᠭᠠᠵᠠᠷ ᠬᠤᠭ ᠨᠣᠪᠰᠢ ᠶᠢ ᠴᠡᠪᠡᠷᠯᠡᠨ᠂ 23  ᠨᠢᠰᠦᠯᠲᠡ ᠤᠨ ᠱᠤᠭᠤᠮ ᠢ ᠰᠢᠢᠳᠪᠦᠷᠢᠯᠡᠵᠦ᠂ ᠲᠣᠭᠲᠠᠭᠠᠯ ᠠᠴᠠ ᠵᠥᠷᠢᠴᠡᠭᠰᠡᠨ ᠫᠠᠶᠢᠰᠠ ᠢᠯᠡᠷᠬᠡᠶᠢᠯᠡᠯ᠂ ᠳ᠋ᠧᠩ ᠤᠨ ᠬᠠᠶᠢᠷᠴᠠᠭ ᠢ ᠴᠡᠭᠴᠡᠯᠡᠨ ᠵᠠᠰᠠᠪᠠ᠃      ᠭᠤᠷᠪᠠ ᠳᠤ ᠵᠠᠬ᠎ᠠ ᠳᠡᠯᠭᠡᠭᠦᠷ ᠤᠨ ᠡᠷᠬᠢᠨ ᠲᠣᠭᠤᠷᠢᠨ ᠤ ᠲᠡᠨᠦᠭᠦᠯ ᠬᠤᠳᠠᠯᠳᠤᠭᠠᠴᠢᠨ ᠰᠤᠯᠠ ᠮᠠᠶᠢᠮᠠᠶᠢᠴᠢᠨ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠬᠠᠤᠯᠢ ᠬᠡᠷᠡᠭᠵᠢᠭᠦᠯᠬᠦ ᠪᠢᠴᠢᠭ ᠬᠠᠷ᠎ᠠ ᠶᠢ ᠨᠡᠶᠢᠲᠡ 6 ᠬᠤᠪᠢ ᠪᠠᠭᠤᠯᠭᠠᠵᠤ᠂ 350 ᠭᠠᠷᠤᠶ ᠬᠥᠮᠦᠨ ᠤᠳᠠᠭ᠎ᠠ ᠰᠤᠯᠠ ᠮᠠᠶᠢᠮᠠᠶᠢᠴᠢᠨ ᠢ ᠢᠯᠭᠠᠷᠠᠭᠤᠯᠤᠨ ᠳᠢᠭᠯᠡᠵᠦ᠂ 6 ᠬᠠᠤᠯᠢ ᠶᠢ ᠵᠥᠷᠢᠴᠡᠨ ᠡᠵᠡᠩᠨᠡᠭᠰᠡᠨ ᠡᠯᠧᠺᠲᠷᠣᠨ ᠵᠢᠩᠯᠡᠭᠦᠷ ᠢ ᠲᠦᠷ ᠦᠯᠡᠳᠡᠭᠡᠨ ᠠᠪᠴᠤ᠂ 1000 ᠭᠠᠷᠤᠶ ᠳᠡᠯᠭᠡᠭᠦᠷ ᠤᠨ ᠭᠠᠳᠠᠨ᠎ᠠ ᠳᠡᠯᠭᠡᠭᠰᠡᠨ᠂ ᠳᠤᠷ᠎ᠠ ᠪᠠᠷ ᠢᠶᠠᠨ ᠨᠠᠭᠠᠵᠤ ᠳᠤᠷ᠎ᠠ ᠪᠠᠷ ᠢᠶᠠᠨ ᠡᠯᠭᠦᠭᠰᠡᠨ ᠭᠠᠵᠠᠷ ᠢ ᠢᠯᠭᠠᠷᠠᠭᠤᠯᠤᠨ ᠳᠢᠭᠯᠡᠪᠡ᠃      ᠲᠦᠷᠪᠡ ᠳᠤ᠂ ᠬᠤᠳᠠᠯᠳᠤᠭᠠᠨ ᠤ ᠵᠡᠭᠡᠯᠢ ᠶᠢ ᠪᠠᠶᠢᠴᠠᠭᠠᠨ ᠵᠠᠰᠠᠵᠤ ᠴᠡᠭᠴᠡᠯᠡᠨ ᠰᠠᠶᠢᠵᠢᠷᠠᠭᠤᠯᠪᠠ᠃ ᠨᠡᠶᠢᠲᠡ ᠶᠢᠨ ᠠᠰᠠᠷᠠᠮᠵᠢ ᠶᠢᠨ LED ᠤᠬᠠᠭᠤᠯᠭ᠎ᠠ ᠶᠢᠨ 21 ᠭᠠᠵᠠᠷ ᠢ ᠴᠡᠭᠴᠡᠯᠡᠨ ᠰᠠᠶᠢᠵᠢᠷᠠᠭᠤᠯᠵᠤ᠂ ᠳᠡᠯᠭᠡᠭᠦᠷ ᠤᠨ ᠭᠠᠳᠠᠨ᠎ᠠ ᠲᠠᠯᠪᠢᠭᠰᠠᠨ 83 ᠭᠠᠵᠠᠷ ᠢ ᠴᠡᠪᠡᠷᠯᠡᠵᠦ᠂ ᠡᠭᠦᠳᠡ ᠴᠣᠩᠬᠤᠨ ᠤ ᠪᠢᠴᠢᠭᠡᠰᠦ ᠶᠢ 150 ᠭᠠᠷᠤᠢ ᠴᠡᠪᠡᠷᠯᠡᠵᠦ᠂  ᠶᠠᠪᠤᠭᠤᠯ ᠬᠤᠳᠠᠯᠳᠤᠭᠠᠴᠢᠨ ᠢ 223 ᠭᠠᠷᠤᠢ ᠬᠥᠮᠦᠨ ᠤᠳᠠᠭ᠎ᠠ᠂ ᠬᠠᠤᠯᠢ ᠶᠢ ᠵᠦᠷᠢᠴᠡᠨ ᠪᠦᠲᠦᠭᠡᠨ ᠪᠠᠶᠢᠭᠤᠯᠤᠭᠰᠠᠨ 2 ᠭᠠᠵᠠᠷ ᠢ  ᠴᠡᠪᠡᠷᠯᠡᠪᠡ᠃      ᠲᠠᠪᠤ ᠳᠤ ᠪᠠᠷᠢᠯᠭ᠎ᠠ ᠶᠢᠨ ᠲᠡᠭᠡᠭᠡᠪᠦᠷᠢ ᠶᠢᠨ ᠲᠡᠷᠭᠡ ᠬᠥᠰᠬᠡ ᠶᠢ ᠬᠢᠨᠠᠨ ᠬᠠᠮᠢᠶᠠᠷᠬᠤ ᠠᠵᠢᠯ ᠢ ᠰᠠᠶᠢᠲᠤᠷ ᠬᠢᠪᠡ᠃ ᠪᠠᠷᠢᠯᠭ᠎ᠠ ᠶᠢᠨ ᠲᠠᠯ᠎ᠠ ᠶᠢᠨ ᠬᠠᠷᠢᠭᠤᠴᠠᠯᠭᠠᠲᠠᠨ ᠳᠤ ︽ᠲᠣᠭᠤᠰᠣ ᠰᠢᠷᠣᠶ ᠶᠢᠨ ᠪᠣᠬᠢᠷᠲᠤᠯ ᠤᠨ ᠬᠠᠮᠢᠶᠠᠷᠤᠯᠲᠠ᠂ ᠪᠠᠷᠢᠯᠭ᠎ᠠ ᠶᠢᠨ ᠠᠵᠢᠯ ᠤᠨ ᠲᠠᠭᠤ ᠱᠤᠤᠭᠢᠶᠠᠨ ᠤ ᠬᠠᠮᠢᠶᠠᠷᠤᠯᠲᠠ᠂ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠲᠥᠰᠦᠯ ᠢ ᠲᠠᠷᠬᠠᠭᠠᠬᠤ ᠶᠢᠨ ᠬᠠᠮᠲᠤ ᠮᠡᠳᠡᠭᠦᠯᠦᠨ ᠳᠠᠩᠰᠠᠯᠠᠭᠤᠯᠬᠤ ᠡᠯ᠎ᠡ ᠲᠥᠷᠥᠯ ᠤᠨ ᠮᠡᠳᠡᠭᠳᠡᠯ︾ ᠢ 29 ᠬᠤᠪᠢ  ᠲᠠᠷᠬᠠᠭᠠᠪᠠ᠃
 
ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号