ᠰᠦᠩᠱᠠᠨ ᠲᠣᠭᠤᠷᠢᠭ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/22
     6 ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠬᠤᠷᠠᠯ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠤᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ᠂ ᠲᠤᠭᠤᠷᠢᠭ ᠤᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠯᠢᠶᠠᠩ ᠮᠢᠩ ᠽᠧ᠂ ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠲᠤᠭᠤᠷᠢᠭ ᠤᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠰᠢᠤᠢ ᠹᠸᠢ ᠶᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ ᠱᠠᠭᠠᠷᠳᠠᠭᠰᠠᠨ ᠨᠢ᠂ ᠪᠦᠬᠦ ᠲᠤᠭᠤᠷᠢᠭ ‍ᠤᠨ‌ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠮᠢᠨᠴᠦᠭᠦᠷᠡᠬᠦ᠂ ᠰᠤᠯᠠᠷᠠᠬᠤ ᠦᠵᠡᠯ ᠰᠠᠨᠠᠭ᠎ᠠ ᠶᠢ ᠡᠷᠡᠰ ᠲᠡᠪᠴᠢᠵᠦ᠂ ᠶᠡᠭᠡ ᠦᠶᠡᠷ ᠲᠠᠢ ᠲᠡᠮᠡᠴᠡᠬᠦ᠂ ᠶᠡᠭᠡ ᠠᠶᠤᠯ ᠢ ᠵᠠᠪᠳᠤᠬᠤ᠂ ᠶᠡᠭᠡ ᠭᠠᠮᠰᠢᠭ ᠠᠴᠠ ᠠᠪᠤᠷᠠᠬᠤ ᠳᠤ ᠰᠠᠭᠤᠷᠢᠯᠠᠵᠤ᠂ ᠬᠦᠴᠦ ᠪᠠᠨ ᠲᠥᠪᠯᠡᠷᠡᠭᠦᠯᠦᠨ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠤᠷᠢᠳᠠᠪᠠᠷ ᠰᠢᠳᠠᠷ᠎ᠠ ᠲᠠᠯᠪᠢᠵᠤ᠂ ᠰᠠᠨᠠᠭᠠᠴᠢᠯᠠᠭᠠᠲᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠯ᠎ᠡ ᠵᠦᠢᠯ ᠤᠨ ᠭᠡᠮ ᠰᠣᠭᠤᠭ ᠢ ᠴᠡᠭᠴᠡᠯᠡᠨ ᠵᠠᠰᠠᠵᠤ᠂ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠬᠡᠷᠡᠭᠲᠡᠢ᠃ ᠬᠥᠳᠡᠭᠡ ᠲᠣᠰᠬᠤᠨ ᠤ ᠭᠤᠣᠯᠳᠠᠯᠭ᠎ᠠ ᠲᠠᠢ ᠣᠷᠣᠨ ᠪᠦᠰᠡ ᠳᠤ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠪᠠᠶᠢᠴᠠᠭᠠᠯᠲᠠ ᠶᠢ ᠥᠷᠨᠢᠭᠦᠯᠵᠦ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠲᠠᠯᠳᠠ ᠭᠡᠮ ᠢ ᠠᠷᠢᠯᠭᠠᠨ᠂ ᠭᠤᠣᠯ ᠤᠨ ᠵᠠᠮ᠂ ᠭᠤᠣᠯ ᠤᠨ ᠬᠠᠰᠢᠯᠭ᠎ᠠ᠂ ᠤᠰᠤᠨ ᠬᠠᠭᠠᠯᠲᠠ ᠶᠢ ᠲᠣᠭᠤᠷᠢᠨ ᠪᠠᠶᠢᠴᠠᠭᠠᠵᠤ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠣᠶᠢᠴᠢᠬᠤ᠂ ᠳᠤᠷ᠎ᠠ ᠪᠠᠷ ᠢᠶᠠᠨ ᠬᠦᠷᠢᠶᠡᠯᠡᠵᠦ ᠳᠤᠷ᠎ᠠ ᠪᠠᠷ ᠢᠶᠠᠨ ᠪᠥᠭᠯᠡᠬᠦ ᠦᠵᠡᠭᠳᠡᠯ ᠢ ᠲᠦᠢᠯᠪᠤᠷᠢᠲᠠᠶ ᠴᠡᠭᠴᠡᠯᠡᠨ ᠵᠠᠰᠠᠵᠤ᠂ ᠦᠶᠡᠷ ᠢ ᠰᠠᠭᠠᠳ ᠦᠭᠡᠢ ᠨᠡᠪᠲᠡᠷᠡᠭᠦᠯᠬᠦ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠬᠤᠳᠠ ᠶᠢᠨ ᠲᠣᠭᠤᠷᠢᠭ ᠤᠨ ᠦᠶᠡᠷ ᠢ ᠰᠡᠷᠭᠡᠶᠢᠯᠡᠬᠦ ᠲᠥᠬᠦᠭᠡᠷᠦᠮᠵᠢ ᠳᠤ ᠬᠡᠪᠢᠰ ᠮᠠᠶ᠋ᠢᠭ ᠤᠨ ᠪᠠᠶᠢᠴᠠᠭᠠᠯᠲᠠ ᠬᠢᠵᠦ᠂ ᠰᠣᠬᠤᠷ ᠬᠤᠳᠳᠤᠭ ᠤᠨ ᠪᠦᠷᠬᠦᠭᠡᠰᠦ ᠪᠠ ᠪᠠᠷᠢᠯᠭ᠎ᠠ ᠶᠢᠨ ᠵᠠᠮ ᠤᠨ ᠭᠠᠳᠠᠷᠭᠤ ᠶᠢᠨ ᠬᠠᠮᠢᠶᠠᠷᠤᠯᠲᠠ ᠶᠢ ᠴᠢᠩᠭᠠᠳᠬᠠᠨ᠂ ᠤᠰᠤᠲᠤᠯ ᠢ ᠰᠠᠭᠠᠳ ᠦᠭᠡᠢ ᠵᠠᠯᠠᠬᠤ᠂ ᠦᠶᠡᠷ ᠢ ᠠᠮᠤᠷ ᠲᠦᠪᠰᠢᠨ ᠶᠠᠪᠤᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠠᠭᠤᠯᠠᠨ ᠦᠶᠡᠷ᠂ ᠶᠡᠭᠦᠷᠡᠯ᠂ ᠰᠢᠪᠠᠷ ᠴᠢᠯᠠᠭᠤᠨ ᠤ ᠤᠷᠤᠰᠬᠠᠯ ᠵᠡᠷᠭᠡ ᠭᠠᠮᠰᠢᠭ ᠢ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠶᠢ ᠥᠷᠨᠢᠭᠦᠯᠵᠦ᠂ ᠤᠯᠠᠨ ᠲᠦᠮᠡᠨ ᠤ ᠥᠪᠡᠷ ᠢ ᠪᠠᠨ ᠰᠡᠷᠭᠡᠶᠢᠯᠡᠬᠦ᠂ ᠥᠪᠡᠷ ᠢ ᠪᠠᠨ ᠠᠪᠤᠷᠠᠬᠤ ᠪᠠ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号