ᠰᠢᠤᠢ ᠹᠸᠢ ᠶᠠᠨ ᠪᠦᠯᠬᠦᠮ ᠳᠠᠭᠠᠭᠤᠯᠤᠨ ᠨᠢᠩᠴᠧᠩ ᠰᠢᠶᠠᠨ᠂ ᠬᠠᠷᠠᠴᠢᠨ ᠬᠤᠰᠢᠭᠤᠨ ᠳᠤ ᠬᠦᠷᠴᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2022/6/22
    6 ᠰᠠᠷ᠎ᠠ ᠶᠢᠨ 16 ᠤ ᠡᠳᠦᠷ᠂ ᠰᠦᠩᠱᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠹᠸᠢ ᠶᠠᠨ ᠪᠦᠯᠬᠦᠮ ᠳᠠᠭᠠᠭᠤᠯᠤᠨ ᠨᠢᠩᠴᠧᠩ ᠰᠢᠶᠠᠨ᠂ ᠬᠠᠷᠠᠴᠢᠨ ᠬᠤᠰᠢᠭᠤᠨ ᠳᠤ ᠬᠦᠷᠴᠦ ᠡᠨᠧᠷᠭᠢ ᠠᠷᠪᠢᠯᠠᠬᠤ ᠨᠡᠷᠡᠨ ᠬᠡᠷᠡᠯ ᠤᠨ ᠬᠦᠯᠡᠮᠵᠢ ᠶᠢᠨ ᠪᠠᠷᠢᠮᠵᠢᠶᠠᠵᠢᠭᠰᠠᠨ ᠪᠣᠯᠣᠳ ᠪᠦᠲᠦᠴᠡ ᠶᠢᠨ ᠠᠷᠤᠭ ᠶᠠᠰᠤ ᠬᠤᠳᠠᠯᠳᠤᠨ ᠠᠪᠬᠤ ᠨᠥᠬᠦᠪᠥᠷᠢ ᠶᠢᠨ ᠲᠤᠷᠰᠢᠯᠲᠠ ᠶᠢᠨ ᠠᠵᠢᠯ ᠢ ᠰᠢᠨᠵᠢᠯᠡᠨ ᠪᠠᠶᠢᠴᠠᠭᠠᠪᠠ᠃      ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠤᠷᠢᠳ ᠬᠤᠵᠢᠳ ᠨᠢᠩᠴᠧᠩ ᠰᠢᠶᠠᠨ ᠤ ᠯᠦᠽᠢ ᠪᠠᠯᠭᠠᠰᠤ ᠶᠢᠨ ᠲᠦᠮᠡᠨ ᠮᠦ ᠤᠶᠤᠨᠲᠤ ᠲᠦᠬᠦᠭᠡᠷᠦᠮᠵᠢᠳᠤ ᠲᠠᠷᠢᠶᠠᠯᠠᠩ ᠤᠨ ᠬᠦᠷᠢᠶᠡᠯᠡᠩ ᠲᠣᠭᠤᠷᠢᠭ ᠪᠣᠯᠤᠨ ᠬᠠᠷᠠᠴᠢᠨ ᠬᠤᠰᠢᠭᠤᠨ ᠤ ᠰᠢᠴᠢᠶᠤᠤ ᠪᠠᠯᠭᠠᠰᠤ ᠶᠢᠨ ᠤᠯᠠᠭᠠᠨᠬᠠᠳᠠ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠢᠶᠠᠷ ᠰᠢᠨᠵᠢᠯᠡᠨ ᠪᠠᠶᠢᠴᠠᠭᠠᠵᠤ᠂ ᠰᠢᠨ᠎ᠡ ᠮᠠᠶ᠋ᠢᠭ ᠤᠨ ᠤᠭᠰᠠᠷᠠᠮᠠᠯ ᠮᠠᠶ᠋ᠢᠭ ᠤᠨ ᠬᠦᠯᠡᠮᠵᠢ ᠶᠢᠨ ᠵᠢᠶᠠᠰᠠ ᠶᠢᠨ ᠤᠭᠰᠠᠷᠠᠯᠲᠠ᠂ ᠪᠦᠷᠢᠨ ᠭᠠᠵᠠᠷᠳᠠᠭᠰᠠᠨ ᠮᠠᠶ᠋ᠢᠭ ᠤᠨ ᠪᠤᠯᠤᠳ ᠪᠦᠲᠦᠴᠡ ᠶᠢᠨ ᠵᠢᠶᠠᠰᠠ ᠶᠢᠨ ᠡᠨᠧᠷᠭᠢ ᠠᠷᠪᠢᠯᠠᠬᠤ ᠨᠡᠷᠡᠨ ᠤ ᠭᠡᠷᠡᠯ ᠤᠨ ᠬᠦᠯᠡᠮᠵᠢ ᠶᠢᠨ ᠴᠢᠳᠠᠮᠵᠢ ᠵᠡᠷᠭᠡ ᠬᠠᠮᠢᠶ᠎ᠠ ᠪᠦᠬᠦᠢ ᠪᠠᠶᠢᠳᠠᠯ ᠢ ᠨᠠᠷᠢᠨ ᠣᠶᠢᠯᠠᠭᠠᠪᠠ᠃      ᠰᠢᠤᠢ ᠹᠸᠢ ᠶᠠᠨ ᠢᠯᠡᠷᠬᠡᠶᠢᠯᠡᠬᠦ ᠳᠡᠭᠡᠨ᠂ ᠪᠡᠯᠡᠳᠭᠡᠮᠵᠢᠳᠤ ᠲᠠᠷᠢᠶᠠᠯᠠᠩ ᠪᠣᠯ ᠰᠦᠩᠱᠠᠨ ᠲᠣᠭᠤᠷᠢᠭ ᠤᠨ ᠬᠥᠭᠵᠢᠯᠲᠡ ᠶᠢᠨ ᠭᠤᠤᠯᠯᠠᠬᠤ ᠠᠵᠤ ᠦᠢᠯᠡᠰ ᠮᠥᠨ᠂ ᠰᠠᠭᠤᠷᠢ ᠰᠠᠶᠢᠨ᠂ ᠪᠠᠭᠲᠠᠭᠠᠮᠵᠢ ᠶᠡᠭᠡ ᠪᠣᠯᠬᠤᠷ ᠡᠨᠧᠷᠭᠢ ᠠᠷᠪᠢᠯᠠᠬᠤ ᠨᠡᠷᠡᠨ ᠬᠡᠷᠡᠯ ᠤᠨ ᠬᠦᠯᠡᠮᠵᠢ ᠶᠢ ᠬᠥᠭᠵᠢᠭᠦᠯᠬᠦ ᠨᠢ ᠠᠵᠤ ᠦᠢᠯᠡᠰ ᠤᠨ ᠤᠯᠠᠮ ᠨᠢᠭᠡ ᠠᠯᠬᠤᠮ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠠᠰᠢᠭᠲᠠᠶ ᠶᠤᠮ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠠᠬ᠎ᠠ ᠳᠡᠭᠦᠤ ᠬᠤᠰᠢᠭᠤ ᠰᠢᠶᠠᠨ ᠤ ᠲᠤᠷᠰᠢᠯᠭ᠎ᠠ ᠪᠠ ᠠᠷᠭ᠎ᠠ ᠬᠢᠳᠡᠯ ᠢ ᠬᠢᠨᠠᠮᠠᠭᠠᠶ ᠰᠤᠷᠤᠯᠴᠠᠨ ᠲᠣᠯᠢ ᠪᠣᠯᠭᠠᠵᠤ᠂ ᠬᠤᠶᠢᠰᠢᠳᠠ ᠶᠢᠨ ᠠᠵᠢᠯ ᠤᠨ ᠳᠤᠮᠳᠠ ᠪᠠᠨ ᠬᠠᠮᠲᠤᠷᠠᠯᠴᠠᠭ᠎ᠠ ᠰᠣᠯᠢᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠬᠠᠮᠲᠤᠪᠠᠷ ᠬᠥᠭᠵᠢᠬᠦ ᠶᠢ ᠠᠬᠢᠭᠤᠯᠬᠤ ᠬᠡᠷᠡᠭᠲᠡᠶ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号