6 ᠰᠠᠷ᠎ᠠ ᠶᠢᠨ 16 ᠤ ᠡᠳᠦᠷ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠢᠶᠠᠩ ᠼᠦᠩ | ᠳ᠋ᠡ ᠮᠢᠶᠣᠣ ᠪᠠᠯᠭᠠᠰᠤ᠂ ᠴᠢᠳᠬᠤᠯᠠᠩ ᠪᠠᠯᠭᠠᠰᠤᠨ ᠳᠤ ᠬᠦᠷᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠠᠵᠢᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠵᠦ ᠰᠢᠶᠤᠤ ᠯᠸᠢ ᠪᠠᠶᠢᠴᠠᠭᠠᠨ | ᠰᠤᠳᠤᠯᠤᠯᠲᠠ ᠳᠤ ᠣᠷᠣᠯᠴᠠᠪᠠ᠃ | ᠳ᠋ᠠ ᠮᠢᠶᠣᠣ ᠪᠠᠯᠭᠠᠰᠤ ᠪᠣᠯᠤᠨ ᠴᠢᠳᠬᠤᠯᠠᠩ ᠪᠠᠯᠭᠠᠰᠤ ᠳᠤ᠂ ᠵᠢᠶᠠᠩ ᠼᠦᠩ ᠲᠤᠰ ᠲᠤᠰ ᠲᠤᠰᠬᠠᠢ | ᠰᠡᠳᠦᠪᠲᠦ ᠬᠤᠷᠠᠯ ᠬᠤᠷᠠᠯᠳᠤᠭᠤᠯᠵᠤ᠂ ᠬᠤᠶᠠᠷ ᠰᠢᠶᠠᠩ ᠪᠠᠯᠭᠠᠰᠤ ᠶᠢᠨ ᠨᠢᠭᠡᠳᠦᠭᠡᠷ ᠬᠤᠶᠠᠳᠤᠭᠠᠷ ᠭᠤᠷᠪᠠᠳᠤᠭᠠᠷ | ᠠᠵᠤ ᠦᠢᠯᠡᠰ ᠤᠨ ᠬᠥᠭᠵᠢᠯᠲᠡ ᠵᠢᠴᠢ ᠢᠩᠭᠡ ᠶᠢᠨ ᠭᠤᠣᠯ ᠤᠨ ᠳᠡᠭᠡᠳᠦ ᠤᠷᠤᠰᠬᠠᠯ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠬᠤ ᠵᠢᠱᠢᠶ᠎ᠡ ᠦᠵᠡᠭᠦᠯᠬᠦ ᠣᠷᠣᠨ ᠤ | ᠪᠦᠳᠦᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠦᠬᠦᠭᠡᠷᠦᠮᠵᠢᠲᠦ | ᠲᠠᠷᠢᠶᠠᠯᠠᠩ᠂ ᠠᠵᠤ ᠠᠬᠤᠢ ᠶᠢᠨ ᠤᠢ᠂ ᠡᠯᠳᠡᠪ ᠠᠮᠤ ᠡᠯᠳᠡᠪ ᠪᠤᠷᠴᠠᠭ᠂ ᠮᠠᠯ ᠠᠵᠤ ᠠᠬᠤᠢ ᠲᠡᠵᠢᠭᠡᠨ | ᠦᠷᠡᠵᠢᠭᠦᠯᠬᠦ ᠵᠡᠷᠭᠡ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ ᠲᠤᠬᠠᠢ ᠱᠠᠭᠠᠷᠳᠠᠯᠭ᠎ᠠ ᠳᠤᠷᠠᠳᠴᠠᠢ᠃ | ᠵᠢᠶᠠᠩ ᠼᠦᠩ ᠴᠢᠬᠤᠯᠠᠴᠢᠯᠠᠭᠰᠠᠨ ᠨᠢ᠂ ᠡᠯ᠎ᠡ ᠰᠢᠶᠠᠩ ᠪᠠᠯᠭᠠᠰᠤ ᠶᠢᠨ ᠬᠢᠨ ᠠᠵᠤ ᠦᠢᠯᠡᠰ ᠢ ᠬᠥᠭᠵᠢᠭᠦᠯᠦᠨ | ᠮᠠᠨᠳᠤᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠲᠡᠷᠢᠭᠦᠨ ᠴᠢᠬᠤᠯᠠ ᠪᠠᠶᠢᠷᠢᠨ ᠳᠤ | ᠲᠠᠯᠪᠢᠵᠤ᠂ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠥᠭᠵᠢᠯᠲᠡ ᠶᠢᠨ ᠢᠲᠡᠭᠡᠯ ᠢᠶᠠᠨ | ᠪᠠᠲᠤᠳᠬᠠᠵᠤ᠂ ᠠᠵᠢᠯ ᠤᠨ ᠡᠷᠴᠢ ᠵᠣᠷᠢᠭ ᠢᠶᠠᠨ ᠬᠥᠪᠴᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ | ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠲᠤᠰ ᠭᠠᠵᠠᠷ ᠤᠨ ᠡᠬᠢ ᠪᠠᠶᠠᠯᠢᠭ ᠤᠨ | ᠳᠠᠪᠠᠭᠤᠯᠢᠭ ᠲᠠᠭᠠᠨ ᠰᠠᠭᠤᠷᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ | ᠠᠬᠢᠭᠤᠯᠵᠤ᠂ ᠬᠥᠳᠡᠭᠡ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠲᠠᠷᠢᠶᠠᠴᠢᠳ ᠤᠨ | ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠳᠠᠶᠢᠴᠢᠯᠠᠬᠤ ᠬᠡᠷᠡᠭᠲᠡᠢ᠃ |