6 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠨᠠᠮ ᠤᠨ | ᠬᠤᠷᠢᠶᠠᠨ ᠤ ᠱᠦᠵᠢ᠂ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠢᠶᠠᠩ ᠼᠦᠩ ︽ᠳᠥᠷᠪᠡᠨ ᠪᠢᠰᠢ | ᠬᠤᠶᠠᠷ ᠰᠢᠯᠤᠭᠤᠨ︾ ᠬᠡᠯᠪᠡᠷᠢ ᠪᠠᠷ ᠢᠦᠶ ᠯᠦᠩ ᠲᠦᠷᠭᠡᠨ ᠳᠠᠪᠬᠢᠬᠤ ᠵᠠᠰᠠᠮᠠᠯ ᠵᠠᠮ ᠤᠨ ᠪᠣᠭᠤᠮᠲᠠ᠂ ᠵᠥᠩ ᠯᠢᠶᠠᠨ | ᠬᠡᠲᠦ ᠳᠡᠯᠭᠡᠭᠦᠷ᠂ ᠸᠤᠯᠮᠠ ᠬᠡᠲᠦ ᠳᠡᠯᠭᠡᠭᠦᠷ ᠵᠢᠴᠢ ᠲᠢᠶᠠᠨ ᠲᠦᠩ ᠪᠠᠭᠤᠳᠠᠯ᠂ ᠴᠢᠤᠸᠠᠨ ᠵᠢᠢ ᠪᠠᠭᠤᠳᠠᠯ ᠤᠨ | ᠲᠥᠪᠯᠡᠷᠡᠭᠦᠯᠦᠨ ᠲᠤᠰᠠᠭᠠᠷᠯᠠᠬᠤ ᠴᠡᠭ ᠲᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠰᠤᠭᠤᠴᠢᠨ ᠪᠠᠶᠢᠴᠠᠭᠠᠵᠤ ᠬᠢᠨᠠᠨ ᠵᠢᠯᠣᠭᠤᠳᠪᠠ᠃ ᠲᠣᠭᠤᠷᠢᠭ ᠤᠨ ᠤᠳᠤᠷᠢᠳᠤᠯᠭ᠎ᠠ ᠯᠢᠶᠠᠩ ᠮᠢᠩ ᠽᠧ᠂ ᠵᠦ | ᠰᠢᠶᠤᠤ ᠯᠸᠢ᠂ ᠶᠠᠩ ᠯᠢ ᠬᠦᠩ᠂ ᠢᠦᠢ ᠬᠤᠩ ᠯᠢᠨ ᠱᠠᠯᠠᠪᠳᠠᠭᠤᠯᠤᠨ ᠵᠢᠯᠣᠭᠤᠳᠬᠤ ᠳᠤ ᠣᠷᠣᠯᠴᠠᠪᠠ᠃ | ᠢᠦᠶ ᠯᠦᠩ ᠲᠦᠷᠭᠡᠨ ᠳᠠᠪᠬᠢᠬᠤ ᠵᠠᠰᠠᠮᠠᠯ ᠵᠠᠮ ᠤᠨ ᠠᠮᠠᠰᠠᠷ ᠲᠤ ᠵᠢᠶᠠᠩ ᠼᠦᠩ ᠠᠵᠢᠯᠲᠠᠨ ᠤ ᠵᠢᠵᠢᠭᠦᠷᠯᠡᠨ | ᠰᠠᠬᠢᠵᠤ ᠪᠠᠶᠢᠭ᠎ᠠ ᠪᠠᠶᠢᠳᠠᠯ᠂ ᠠᠵᠢᠯᠲᠠᠨ ᠲᠣᠬᠢᠷᠠᠭᠤᠯᠬᠤ᠂ ᠲᠡᠷᠭᠡ ᠬᠥᠰᠬᠡ ᠵᠢᠭᠰᠠᠭᠠᠨ ᠪᠠᠶᠢᠴᠠᠭᠠᠵᠤ ᠳᠡᠩᠰᠡᠯᠡᠨ | ᠲᠡᠮᠳᠡᠭᠯᠡᠭᠰᠡᠨ ᠪᠠᠶᠢᠳᠠᠯ ᠪᠠ ᠠᠷᠤ ᠲᠠᠯ᠎ᠠ ᠶᠢᠨ ᠪᠠᠲᠤᠯᠠᠭ᠎ᠠ ᠶᠢᠨ ᠠᠵᠢᠯ ᠤᠨ ᠪᠠᠲᠤᠯᠠᠭ᠎ᠠ ᠵᠡᠷᠭᠡ ᠪᠠᠶᠢᠳᠠᠯ ᠢ ᠨᠠᠷᠢᠨ | ᠠᠰᠠᠭᠤᠨ ᠯᠠᠪᠯᠠᠵᠤ᠂ ᠳᠤᠯᠠᠭᠠᠨ ᠢ ᠬᠡᠮᠵᠢᠬᠦ᠂ ᠺᠣᠳ᠋ ᠰᠢᠷᠪᠢᠬᠦ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ ᠵᠡᠷᠭᠡ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠬᠢᠨᠠᠮᠠᠭᠠᠶ ᠪᠠᠶᠢᠴᠠᠭᠠᠨ | ᠦᠵᠡᠭᠰᠡᠨ ᠪᠥᠭᠡᠳ ᠬᠢᠵᠢᠭ ᠰᠡᠷᠭᠡᠶᠢᠯᠡᠬᠦ ᠨᠢᠭᠡᠳᠦᠭᠡᠷ ᠹᠷᠣᠨᠲ ᠲᠤ ᠠᠵᠢᠯᠯᠠᠵᠤ ᠪᠠᠶᠢᠭ᠎ᠠ ᠠᠵᠢᠯᠲᠠᠳ ᠢ | ᠲᠣᠬᠤᠨᠢᠭᠤᠯᠵᠤ ᠪᠠᠶᠢᠬᠤ ᠪᠠᠨ ᠢᠯᠡᠳᠬᠡᠵᠦ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ | ᠬᠢᠵᠦ᠂ ᠥᠪᠡᠷ ᠤᠨ ᠠᠮᠤᠷ ᠲᠦᠪᠰᠢᠨ ᠢᠶᠠᠨ ᠬᠠᠮᠠᠭᠠᠯᠠᠬᠤ ᠬᠡᠷᠡᠭᠲᠡᠶ ᠭᠡᠵᠦ ᠣᠯᠠᠨ ᠳᠤ ᠵᠠᠬᠢᠭᠰᠠᠨ ᠪᠠᠶᠢᠨ᠎ᠠ᠃ ᠵᠢᠶᠠᠩ | ᠼᠦᠩ ᠵᠢᠭᠠᠵᠤ ᠭᠠᠷᠭᠠᠭᠰᠠᠨ ᠨᠢ᠂ ᠭᠤᠤᠯᠳᠠᠯᠭ᠎ᠠ ᠲᠠᠢ ᠵᠠᠮ ᠬᠠᠷᠢᠯᠴᠠᠭᠠᠨ ᠤ ᠪᠣᠭᠤᠮᠲᠠ ᠪᠣᠯ ︽ᠭᠠᠳᠠᠭᠠᠳᠤ ᠠᠴᠠ | ᠣᠷᠣᠭᠤᠯᠬᠤ ᠶᠢ ᠰᠡᠷᠭᠡᠶᠢᠯᠡᠬᠦ︾ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠮᠥᠨ᠂ ᠡᠯ᠎ᠡ ᠬᠤᠯᠪᠣᠭᠳᠠᠯ ᠪᠥᠬᠦᠶ | ᠰᠠᠯᠠᠭ᠎ᠠ ᠮᠥᠴᠢᠷ ᠤᠨ ᠬᠢᠨ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠵᠤ᠂ ᠠᠵᠢᠯᠯᠠᠭᠠᠨ ᠤ ᠶᠠᠪᠤᠴᠠ ᠶᠢ ᠵᠢᠷᠤᠮᠵᠢᠭᠤᠯᠤᠨ᠂ ᠴᠢᠩᠭ᠎ᠠ ᠪᠥᠭᠡᠳ ᠪᠣᠳᠠᠲᠠᠶ ᠪᠠᠷ ᠵᠢᠭᠰᠠᠭᠠᠨ | ᠪᠠᠶᠢᠴᠠᠭᠠᠵᠤ᠂ ᠵᠠᠮ ᠬᠠᠷᠢᠯᠴᠠᠭᠠᠨ ᠤ ᠪᠣᠭᠤᠮᠲᠠ ᠶᠢ ᠪᠠᠶᠢᠴᠠᠭᠠᠨ ᠰᠢᠯᠭᠠᠬᠤ ᠳᠤ ︽ᠨᠢᠭᠡ ᠲᠡᠷᠭᠡ ᠴᠦ | ᠣᠷᠬᠢᠭᠳᠠᠭᠤᠯᠬᠤ ᠥᠬᠡᠶ᠂ ᠨᠢᠭᠡ ᠬᠥᠮᠦᠨ ᠴᠦ ᠣᠷᠬᠢᠭᠳᠠᠭᠤᠯᠬᠤ ᠥᠬᠡᠶ︾ ᠪᠠᠶᠢᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠨᠢᠭᠡᠳᠦᠭᠡᠷ ᠪᠣᠭᠤᠮᠲᠠ ᠶᠢ ᠦᠨᠡᠨ ᠬᠦ ᠰᠠᠶᠢᠲᠤᠷ ᠰᠠᠬᠢᠬᠤ ᠬᠡᠷᠡᠭᠲᠡᠶ᠃ ᠡᠭᠦᠨ ᠤ ᠬᠠᠮᠲᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯᠲᠠᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠥᠬᠦ | ᠲᠠᠯ᠎ᠠ ᠪᠠᠷ ᠰᠠᠶᠢᠲᠤᠷ ᠬᠢᠬᠦ ᠬᠡᠷᠡᠭᠲᠡᠶ᠃ | ᠵᠢᠶᠠᠩ ᠼᠦᠩ ᠨᠡᠷ ᠪᠠᠰᠠ ᠵᠦᠩ ᠯᠢᠶᠠᠨ᠂ ᠸᠤᠯᠮᠠ ᠬᠤᠶᠠᠷ ᠬᠡᠳᠦ ᠳᠡᠯᠭᠡᠭᠦᠷ ᠲᠤ ᠲᠣᠬᠢᠶᠠᠯᠳᠤᠯ ᠢᠶᠠᠷ | ᠬᠦᠷᠴᠦ᠂ ᠬᠡᠳᠦ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠢ ᠶᠢᠨ ᠲᠠᠯᠠᠪᠠᠢ ᠳᠤ ᠱᠠᠯᠠᠪᠳᠠᠭᠤᠯᠤᠨ ᠪᠠᠶᠢᠴᠠᠭᠠᠪᠠ᠃ ᠵᠢᠶᠠᠩ ᠼᠦᠩ | ᠴᠢᠬᠤᠯᠠᠴᠢᠯᠠᠭᠰᠠᠨ ᠨᠢ᠂ ᠠᠵᠤ ᠠᠬᠤᠶᠢᠯᠠᠯ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠡᠶᠡᠴᠢ | ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠲᠠᠯᠠᠪᠠᠶ ᠳᠤ ᠣᠷᠣᠬᠤ ᠵᠣᠴᠢᠳ ᠤᠨ ᠳᠤᠯᠠᠭᠠᠨ ᠢ | ᠬᠡᠮᠵᠢᠬᠦ᠂ ᠠᠮᠠᠪᠴᠢ ᠵᠡᠭᠦᠬᠦ᠂ ᠲᠠᠯᠠᠪᠠᠶ ᠶᠢᠨ ᠨᠣᠮᠧᠷ ᠢ ᠳᠠᠩᠰᠠᠯᠠᠬᠤ ᠵᠡᠷᠭᠡ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠠᠵᠢᠯᠲᠠᠳ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ | ᠴᠢᠩᠭᠠᠳᠬᠠᠨ᠂ ᠲᠠᠯᠠᠪᠠᠶ ᠶᠢ ᠴᠠᠭ ᠲᠤᠬᠠᠶ ᠳᠤᠨᠢ ᠠᠷᠢᠭᠤᠳᠬᠠᠵᠤ ᠰᠠᠯᠬᠢ ᠨᠡᠪᠲᠡᠷᠡᠭᠦᠯᠬᠦ ᠬᠡᠷᠡᠭᠲᠡᠶ᠃ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠳ ᠭᠠᠳᠠᠭᠠᠳᠤ ᠠᠴᠠ ᠣᠷᠣᠭᠤᠯᠬᠤ ᠡᠳ᠋ ᠪᠠᠷᠠᠭ᠎ᠠ ᠶᠢ ᠬᠠᠮᠢᠶᠠᠷᠬᠤ᠂ ᠭᠤᠣᠯᠳᠠᠯᠭ᠎ᠠ ᠲᠠᠢ | ᠡᠳ᠋ ᠪᠣᠳᠠᠰ ᠢ ᠬᠠᠩᠭᠠᠨ ᠨᠥᠭᠡᠴᠡᠯᠡᠬᠦ ᠵᠡᠷᠭᠡ ᠠᠵᠢᠯ ᠢ ᠴᠢᠩᠭ᠎ᠠ ᠰᠠᠶᠢᠲᠤᠷ ᠬᠢᠵᠦ᠂ ᠤᠯᠠᠨ ᠲᠦᠮᠡᠨ ᠤ | ᠠᠮᠢᠳᠤᠷᠠᠯ ᠤᠨ ᠬᠡᠷᠡᠭᠴᠡᠭᠡ ᠶᠢ ᠦᠨᠡᠨ ᠬᠦ ᠪᠠᠲᠤᠯᠠᠬᠤ ᠬᠡᠷᠡᠭᠲᠡᠶ᠃ | ᠳᠠᠷᠠᠭ᠎ᠠ ᠨᠢ᠂ ᠵᠢᠶᠠᠩ ᠼᠦᠩ ᠨᠡᠷ ᠲᠢᠶᠠᠨ ᠲᠦᠩ ᠵᠣᠴᠢᠳ ᠤᠨ ᠪᠠᠭᠤᠳᠠᠯ᠂ ᠴᠢᠤᠸᠠᠨ ᠵᠢᠢ ᠪᠠᠭᠤᠳᠠᠯ ᠤᠨ | ᠲᠥᠪᠯᠡᠷᠡᠭᠦᠯᠦᠨ ᠲᠤᠰᠠᠭᠠᠷᠯᠠᠬᠤ ᠴᠡᠭ ᠲᠤ ᠬᠦᠷᠴᠦ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠵᠤ᠂ ᠲᠤᠰᠠᠭᠠᠷᠯᠠᠬᠤ ᠬᠥᠮᠦᠰ ᠤᠨ ᠪᠠᠶᠢᠳᠠᠯ᠂ ᠲᠤᠰᠠᠭᠠᠷᠯᠠᠬᠤ | ᠴᠡᠭ ᠤᠨ ᠬᠠᠮᠢᠶᠠᠷᠤᠯᠲᠠ ᠠᠵᠢᠯᠯᠠᠭ᠎ᠠ᠂ ᠦᠢᠯᠡᠴᠢᠯᠡᠭᠡᠨ ᠤ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠠᠰᠠᠭᠤᠨ | ᠣᠶᠢᠯᠠᠭᠠᠪᠠ᠃ ᠵᠢᠶᠠᠩ ᠼᠦᠩ ᠴᠢᠬᠤᠯᠠᠴᠢᠯᠠᠭᠰᠠᠨ ᠨᠢ᠂ ᠲᠥᠪᠯᠡᠷᠡᠭᠦᠯᠦᠨ ᠲᠤᠰᠠᠭᠠᠷᠯᠠᠬᠤ ᠪᠣᠯ ᠬᠢᠵᠢᠭ ᠤᠨ | ᠪᠠᠶᠢᠳᠠᠯ ᠤᠨ ᠲᠠᠷᠬᠠᠯᠲᠠ ᠶᠢ ᠲᠠᠰᠤᠯᠬᠤ ᠴᠢᠬᠤᠯᠠ ᠭᠤᠭᠴᠤᠭ᠎ᠠ ᠮᠥᠨ᠂ ᠴᠢᠩᠭ᠎ᠠ ᠬᠠᠮᠢᠶᠠᠷᠤᠨ ᠡᠵᠡᠮᠳᠡᠵᠦ᠂ | ᠵᠢᠷᠤᠮᠵᠢᠭᠤᠯᠤᠨ ᠬᠠᠮᠢᠶᠠᠷᠤᠨ ᠡᠵᠡᠮᠳᠡᠵᠦ᠂ ᠪᠥᠭᠡᠮ ᠬᠦᠴᠢᠯ ᠢ ᠪᠠᠶᠢᠴᠠᠭᠠᠨ ᠰᠢᠯᠭᠠᠬᠤ᠂ ᠡᠮᠴᠢᠯᠡᠭᠡᠨ ᠤ ᠬᠠᠶᠠᠭᠳᠠᠮᠠᠯ | ᠪᠣᠳᠠᠰ ᠢ ᠰᠢᠢᠳᠪᠦᠷᠢᠯᠡᠬᠦ᠂ ᠣᠷᠴᠢᠨ ᠠᠬᠤᠶ ᠶᠢ ᠤᠰᠠᠳᠬᠠᠬᠤ ᠵᠡᠷᠭᠡ ᠠᠵᠢᠯᠯᠠᠭᠠᠨ ᠤ ᠶᠠᠪᠤᠴᠠ ᠶᠢ ᠪᠥᠬᠦ ᠲᠠᠯ᠎ᠠ ᠪᠠᠷ | ᠰᠠᠶᠢᠲᠤᠷ ᠠᠳᠬᠤᠬᠤ ᠬᠡᠷᠡᠭᠲᠡᠶ᠃ ᠡᠯ᠎ᠡ ᠳᠠᠭᠠᠭᠠᠴᠢᠯᠠᠨ ᠬᠤᠯᠪᠣᠭᠠᠯᠠᠭᠰᠠᠨ ᠭᠠᠵᠠᠷ ᠤᠨ ᠳᠡᠰ ᠤᠨ ᠤᠳᠤᠷᠢᠳᠤᠯᠭ᠎ᠠ | ᠪᠣᠯᠤᠨ ᠴᠡᠭ ᠤᠨ ᠳᠠᠷᠤᠭ᠎ᠠ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠦᠨᠡᠨᠬᠦ ᠪᠣᠳᠠᠲᠠᠢ ᠬᠠᠮᠢᠶᠠᠷᠴᠤ᠂ | ᠥᠴᠦᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠤᠯᠠᠨ ᠲᠦᠮᠡᠨ ᠢ ᠲᠤᠰᠠᠭᠠᠷᠯᠠᠬᠤ | ᠰᠡᠳᠬᠢᠴᠡ ᠶᠢᠨ ᠲᠠᠯ᠎ᠠ ᠪᠠᠷ ᠬᠥᠲᠥᠯᠥᠨ ᠵᠢᠯᠣᠭᠤᠳᠬᠤ ᠠᠵᠢᠯ ᠢ ᠨᠠᠷᠢᠨ ᠨᠢᠮᠪᠠᠶ ᠰᠠᠶᠢᠲᠤᠷ ᠬᠢᠵᠦ᠂ ᠲᠡᠳᠡᠨ ᠤ | ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠲᠡᠳᠡᠨ ᠢ ᠬᠠᠪᠰᠤᠷᠤᠨ ᠪᠣᠳᠠᠲᠠᠶ | ᠬᠦᠴᠢᠷᠳᠡᠯ ᠢ ᠨᠢ ᠰᠢᠢᠳᠪᠦᠷᠢᠯᠡᠵᠦ ᠥᠭᠬᠦ ᠬᠡᠷᠡᠭᠲᠡᠶ᠃ | |