ᠵᠥᠩ ᠴᠢᠩ ᠰᠥᠩ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2022/6/22
     6 ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠥᠩ ᠴᠢᠩ ᠰᠥᠩ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠫᠧᠩ ᠹᠸᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠰᠦᠩᠱᠠᠨ ᠲᠣᠭᠤᠷᠢᠭ ᠤᠨ ᠡᠮᠦᠨ᠎ᠡ ᠬᠤᠲᠠ ᠶᠢᠨ ᠲᠣᠭᠤᠷᠢᠭ ᠤᠨ ᠠᠮᠠᠷᠬᠠᠨ ᠤᠰᠤᠲᠤᠬᠤ ᠴᠡᠭ ᠢ ᠵᠠᠰᠠᠬᠤ ᠬᠥᠭᠡᠷᠭᠡ ᠶᠢᠨ ᠥᠷᠲᠡᠭᠡ ᠨᠢ ᠶᠢᠨ ᠾᠧ ᠵᠠᠮ ᠤᠨ ᠡᠮᠦᠨ᠎ᠡ ᠬᠡᠰᠡᠭ ᠤᠨ ᠰᠦᠩᠵᠸᠦ ᠴᠡᠴᠡᠷᠯᠢᠭ ᠲᠤ ᠪᠠᠶᠢᠷᠢᠯᠠᠵᠤ᠂ 3600 ᠲᠡᠭᠰᠢ ᠳᠥᠷᠪᠡᠯᠵᠢᠨ ᠮᠧᠲᠷ ᠲᠠᠯᠠᠪᠠᠶ ᠲᠠᠢ᠂ ᠬᠥᠭᠡᠷᠭᠡ ᠶᠢᠨ ᠥᠷᠲᠡᠭᠡᠨ ᠤ ᠲᠥᠯᠥᠪᠯᠡᠭᠰᠡᠨ ᠤᠷᠤᠰᠬᠠᠯ ᠤᠨ ᠬᠡᠮᠵᠢᠶ᠎ᠡ ᠨᠢ 5 ᠲᠦᠮᠡᠨ m³/h ᠪᠠᠶᠢᠳᠠᠭ᠃ ᠵᠦᠩ ᠴᠢᠩ ᠰᠦᠩ ᠲᠦᠷᠦᠯ ᠵᠦᠢᠯ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ᠂ ᠪᠠᠷᠢᠯᠭ᠎ᠠ ᠶᠢᠨ ᠠᠬᠢᠴᠠ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ ᠣᠶᠢᠯᠠᠭᠠᠪᠠ᠃ ᠵᠦᠩ ᠴᠢᠩ ᠰᠦᠩ ᠴᠢᠬᠤᠯᠠᠴᠢᠯᠠᠭᠰᠠᠨ ᠨᠢ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠬᠤᠳᠠ ᠶᠢᠨ ᠲᠣᠭᠤᠷᠢᠭ ᠤᠨ ᠤᠰᠤᠲᠤᠯ ᠤᠨ ᠠᠰᠠᠭᠤᠳᠠᠯ ᠢ ᠵᠠᠰᠠᠬᠤ ᠶᠢ ᠦᠨᠡᠨᠬᠦ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠪᠣᠯᠭᠠᠨ ᠪᠣᠳᠠᠲᠠᠢ ᠨᠠᠷᠢᠯᠢᠭ ᠬᠢᠵᠦ᠂ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠢᠨᠵᠧᠨᠧᠷᠢᠩ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠰᠢᠰᠲ᠋ᠧᠮ ᠲᠠᠢ ᠰᠠᠶᠢᠲᠤᠷ ᠲᠥᠯᠥᠪᠵᠢᠭᠦᠯᠵᠦ᠂ ᠤᠰᠤᠲᠤᠯ ᠢ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠨᠡᠪᠲᠡᠷᠡᠯᠴᠡᠨ ᠵᠣᠯᠭᠠᠭᠤᠯᠬᠤ᠂ ᠵᠣᠬᠢᠴᠠᠭᠤᠯᠤᠨ ᠬᠠᠮᠲᠤᠷᠠᠯᠴᠠᠬᠤ ᠶᠢ ᠴᠢᠩᠭᠠᠳᠬᠠᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠠᠰᠠᠭᠤᠳᠠᠯ ᠤᠨ ᠳᠤᠲᠠᠭᠤᠳᠠᠯ ᠢ ᠣᠨᠣᠪᠴᠢᠲᠠᠶ ᠡᠷᠢᠵᠦ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠠᠮᠠᠷᠬᠠᠨ ᠤᠰᠤᠲᠤᠬᠤ ᠴᠡᠭ ᠢ ᠵᠠᠰᠠᠬᠤ ᠬᠥᠭᠡᠷᠭᠡ ᠶᠢᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠬᠠᠷᠠᠯᠲᠠ ᠶᠢᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠬᠤᠲᠠ ᠶᠢᠨ ᠠᠵᠢᠯᠯᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃      ᠳᠠᠷᠠᠭ᠎ᠠ ᠨᠢ᠂ ᠵᠦᠩ ᠴᠢᠩ ᠰᠦᠩ ᠨᠡᠷ ᠪᠠᠰᠠ ᠰᠦᠩᠱᠠᠨ ᠲᠣᠭᠤᠷᠢᠭ ᠤᠨ ᠤᠶᠤᠨᠲᠤ ᠲᠡᠷᠭᠡ ᠵᠣᠭᠰᠣᠭᠠᠬᠤ ᠰᠢᠰᠲ᠋ᠧᠮ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠪᠠᠶᠢᠴᠠᠭᠠᠨ ᠰᠤᠳᠤᠯᠤᠯᠲᠠ ᠬᠢᠵᠡᠢ᠃ ᠵᠥᠩ ᠴᠢᠩ ᠰᠥᠩ ᠵᠢᠭᠠᠵᠤ ᠭᠠᠷᠭᠠᠭᠰᠠᠨ ᠨᠢ᠂ ᠤᠶᠤᠨᠲᠤ ᠲᠡᠷᠭᠡᠨ ᠵᠣᠭᠰᠣᠭᠠᠯ ᠤᠨ ᠲᠥᠷᠥᠯ ᠵᠦᠢᠯ ᠪᠣᠯ ᠬᠤᠲᠠ ᠶᠢᠨ ᠰᠠᠭᠤᠷᠢ ᠲᠥᠬᠦᠭᠡᠷᠦᠮᠵᠢ ᠶᠢᠨ ᠭᠤᠤᠯᠳᠠᠯᠭ᠎ᠠ ᠲᠠᠢ ᠢᠨᠵᠧᠨᠧᠷᠢᠩ ᠪᠠᠶᠢᠵᠤ᠂ ᠲᠦᠭ ᠲᠦᠮᠡᠨ ᠠᠶᠢᠯ ᠡᠷᠦᠬᠡ ᠶᠢᠨ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ ᠪᠠᠶᠢᠳᠠᠭ᠃ ᠣᠳᠣᠬᠠᠨ ᠳᠤ᠂ ᠣᠶᠤᠨᠴᠢ ᠪᠠᠷ ᠲᠡᠷᠭᠡ ᠵᠣᠭᠰᠣᠭᠠᠬᠤ ᠲᠥᠷᠥᠯ ᠵᠦᠢᠯ ᠢ ᠶᠠᠭ ᠪᠥᠲᠥᠭᠡᠨ ᠪᠠᠶᠢᠭᠤᠯᠵᠤ ᠪᠠᠶᠢᠨ᠎ᠠ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠶᠤᠨᠴᠢ ᠪᠠᠷ ᠲᠡᠷᠭᠡ ᠵᠣᠭᠰᠣᠭᠠᠬᠤ ᠲᠥᠷᠥᠯ ᠵᠦᠶ᠋ᠯ ᠢ ᠪᠥᠲᠥᠭᠡᠨ ᠪᠠᠶᠢᠭᠤᠯᠬᠤ ᠶᠢ ᠣᠳᠣᠬᠠᠨ ᠤ ᠬᠤᠲᠠ ᠶᠢᠨ ᠬᠠᠮᠢᠶᠠᠷᠤᠯᠲᠠ ᠶᠢᠨ ᠠᠵᠢᠯ ᠤᠨ ᠳᠤᠮᠳᠠᠬᠢ ᠨᠢᠭᠡ ᠵᠦᠢᠯ ᠤᠨ ᠴᠢᠬᠤᠯᠠ ᠠᠵᠢᠯ ᠪᠣᠯᠭᠠᠵᠤ᠂ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠲᠥᠷᠥᠯ ᠵᠦᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠪᠠᠷᠢᠯᠭ᠎ᠠ ᠶᠢᠨ ᠠᠵᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠵᠤ᠂ ᠰᠢᠯᠢᠳᠡᠭ ᠰᠠᠶᠢᠨ ᠪᠠᠷᠢᠯᠭ᠎ᠠ ᠶᠢ ᠴᠢᠷᠮᠠᠶᠢᠨ ᠪᠠᠶᠢᠭᠤᠯᠬᠤ ᠬᠡᠷᠡᠭᠲᠡᠶ᠃ ᠰᠢᠰᠲ᠋ᠧᠮᠲᠦ ᠰᠡᠳᠬᠢᠬᠦᠢ ᠶᠢ ᠪᠠᠷᠢᠮᠲᠠᠯᠠᠵᠤ᠂ ᠲᠥᠯᠥᠪᠵᠢᠭᠦᠯᠭᠡ ᠪᠠᠷ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠪᠦᠲᠦᠮᠵᠢᠲᠡᠢ ᠬᠠᠩᠭᠠᠯᠭ᠎ᠠ ᠶᠢ ᠳᠡᠭᠡᠭᠰᠢᠯᠡᠭᠦᠯᠵᠦ᠂ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠣᠯᠤᠨ ᠡᠷᠬᠢᠨ ᠲᠣᠭᠤᠷᠢᠨ ᠤ ᠣᠷᠴᠢᠨ ᠲᠣᠭᠤᠷᠢᠨ ᠤ ᠬᠠᠷᠢᠯᠴᠠᠨ ᠵᠣᠬᠢᠴᠠᠬᠤ ᠶᠢ ᠪᠠᠲᠤᠯᠠᠵᠤ᠂ ᠤᠯᠠᠨ ᠲᠦᠮᠡᠨ ᠳᠤ ᠨᠡᠩ ᠰᠠᠶᠢᠨ ᠤᠯᠠᠨ ᠨᠡᠶᠢᠲᠡ ᠶᠢᠨ ᠦᠢᠯᠡᠴᠢᠯᠡᠭᠡ ᠬᠦᠷᠲᠡᠭᠡᠬᠦ ᠬᠡᠷᠡᠭᠲᠡᠢ᠃ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠲᠦᠷᠦᠯ ᠵᠦᠢᠯ ᠤᠨ ᠠᠵᠢᠯᠯᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠬᠠᠮᠠᠭᠠᠯᠠᠯᠲᠠ ᠶᠢᠨ ᠲᠣᠭᠲᠠᠴᠠ ᠶᠢ ᠢᠳᠡᠪᠬᠢᠲᠡᠢ ᠰᠦᠪᠡᠭᠴᠢᠯᠡᠵᠦ᠂ ᠲᠦᠷᠦᠯ ᠵᠦᠢᠯ ᠤᠨ ᠦᠷ᠎ᠡ ᠠᠰᠢᠭ ᠢ ᠤᠷᠳᠤ ᠬᠤᠭᠤᠴᠠᠭ᠎ᠠ ᠪᠠᠷ ᠪᠠᠳᠠᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃          
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号