6 ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠤᠯᠠᠭᠠᠨᠬᠠᠳᠠ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠭᠤᠤ ᠰᠢ ᠬᠤᠸᠠ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ | ᠰᠤᠳᠤᠯᠬᠤ ᠳᠤᠭᠤᠶᠢᠯᠠᠩ ᠢ ᠳᠠᠭᠠᠭᠤᠯᠤᠨ ︽ᠤᠯᠠᠭᠠᠨᠬᠠᠳᠠ ᠬᠤᠲᠠ ᠶᠢᠨ ᠪᠣᠯᠪᠠᠰᠤᠨ ᠦᠢᠯᠡ ᠠᠵᠢᠯᠯᠠᠭ᠎ᠠ ᠶᠢ | ᠠᠬᠢᠭᠤᠯᠬᠤ ᠲᠦᠷᠢᠮ ︵ᠲᠥᠰᠦᠯ︶︾ ᠢ ᠨᠡᠶᠢᠲᠡᠯᠡᠬᠦ ᠲᠤᠬᠠᠶ ᠰᠦᠩᠱᠠᠨ ᠲᠣᠭᠤᠷᠢᠭ ᠲᠤ ᠪᠠᠶᠢᠴᠠᠭᠠᠨ ᠰᠤᠳᠤᠯᠤᠯᠲᠠ | ᠬᠢᠪᠠ᠃ ᠰᠦᠩᠱᠠᠨ ᠲᠣᠭᠤᠷᠢᠭ ᠤᠨ ᠤᠳᠤᠷᠢᠳᠤᠯᠭ᠎ᠠ ᠰᠦᠩ ᠳ᠋ᠡ ᠹᠦ᠋᠂ ᠶᠤᠸᠠᠨ ᠴᠦᠨ ᠯᠢ᠂ ᠢᠦᠢ ᠬᠤᠸᠠ ᠶᠠᠨ | ᠪᠠᠷ᠎ᠠ ᠪᠣᠯᠪᠠ᠃ | | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠦᠩᠱᠠᠨ ᠲᠣᠭᠤᠷᠢᠭ ᠤᠨ ᠪᠣᠯᠪᠠᠰᠤᠨ ᠠᠵᠢᠯᠯᠠᠭ᠎ᠠ ᠶᠢ | ᠠᠬᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ | ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ | ᠲᠦᠷᠢᠮ ︵ᠲᠥᠰᠦᠯ︶ ᠤᠨ ᠲᠤᠬᠠᠢ ᠪᠣᠳᠠᠲᠠᠢ ᠰᠠᠨᠠᠯ ᠰᠠᠨᠠᠭᠤᠯᠭ᠎ᠠ ᠳᠤᠷᠠᠳᠴᠠᠢ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠢᠯᠡᠷᠬᠡᠶᠢᠯᠡᠭᠰᠡᠨ ᠢᠶᠠᠷ᠂ ︽ᠤᠯᠠᠭᠠᠨᠬᠠᠳᠠ ᠬᠤᠲᠠ ᠶᠢᠨ | ᠪᠣᠯᠪᠠᠰᠤᠨ ᠤ ᠦᠢᠯᠡ ᠠᠵᠢᠯᠯᠠᠭ᠎ᠠ ᠶᠢ ᠠᠬᠢᠭᠤᠯᠬᠤ ᠲᠦᠷᠢᠮ ︵ᠲᠥᠰᠦᠯ︶︾ ᠢ ᠨᠡᠶᠢᠲᠡᠯᠡᠭᠰᠡᠨ ᠨᠢ ᠮᠠᠨ ᠤ | ᠬᠤᠲᠠ ᠶᠢᠨ ᠰᠠᠭᠤᠭᠠᠯᠢ ᠠᠷᠠᠳ ᠤᠨ ᠪᠣᠯᠪᠠᠰᠤᠨ ᠤ ᠦᠢᠯᠡ ᠠᠵᠢᠯᠯᠠᠭ᠎ᠠ ᠶᠢ ᠰᠠᠨᠠᠭᠠᠴᠢᠯᠠᠬᠤ᠂ ᠰᠠᠭᠤᠭᠠᠯᠢ | ᠠᠷᠠᠳ ᠤᠨ ᠨᠡᠶᠢᠲᠡ ᠶᠢᠨ ᠶᠣᠰᠣ ᠮᠣᠷᠠᠯ ᠤᠨ ᠬᠢᠷᠢ ᠲᠦᠪᠰᠢᠨ ᠵᠢᠴᠢ ᠪᠣᠯᠪᠠᠰᠤᠨ ᠤ ᠬᠡᠪ ᠪᠣᠯᠪᠠᠰᠤᠷᠠᠯ ᠢ | ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ ᠪᠥᠭᠡᠳ ᠮᠠᠨ ᠤ ᠬᠤᠲᠠ ᠶᠢᠨ ᠨᠡᠶᠢᠭᠡᠮ ᠵᠢᠷᠤᠮ ᠤᠨ ᠭᠤᠤᠯᠯᠠᠬᠤ | ᠥᠷᠲᠡᠭ ᠤᠨ ᠦᠵᠡᠯᠲᠡ ᠶᠢ ᠪᠠᠲᠤ ᠪᠣᠶ ᠪᠣᠯᠭᠠᠬᠤ᠂ ᠨᠡᠶᠢᠭᠡᠮ ᠤᠨ ᠪᠣᠯᠪᠠᠰᠤᠨ ᠤ ᠰᠢᠨ᠎ᠡ ᠬᠡᠪ ᠰᠤᠷᠲᠠᠯ ᠢ | ᠪᠤᠶᠢᠵᠢᠭᠤᠯᠬᠤ ᠶᠢ ᠠᠬᠢᠭᠤᠯᠬᠤ ᠳᠤ ᠬᠦᠴᠦᠲᠡᠶ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ ᠲᠠᠷᠠᠭᠠᠴᠢ ᠶᠢᠨ | ᠠᠯᠬᠤᠮ ᠳᠤ᠂ ᠲᠤᠭᠤᠷᠪᠢᠨ ᠪᠢᠴᠢᠬᠦ ᠳᠤᠭᠤᠶᠢᠯᠠᠩ ᠤᠨ ᠬᠢᠨ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠶᠢᠨ | ᠶᠠᠪᠤᠴᠠ ᠳᠤ ᠴᠤᠭᠯᠠᠭᠤᠯᠤᠭᠰᠠᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ ᠡᠮᠬᠢᠯᠡᠨ ᠳᠢᠭᠯᠡᠵᠦ᠂ ᠰᠢᠩᠭᠡᠭᠡᠨ | ᠬᠤᠷᠢᠶᠠᠩᠭᠤᠶᠢᠯᠠᠵᠤ᠂ ᠡᠯ᠎ᠡ ᠵᠦᠢᠯ ᠤᠨ ᠵᠢᠭᠠᠯᠲᠠ ᠵᠤᠷᠪᠤᠰ ᠢ ᠤᠯᠠᠮ ᠨᠢᠭᠡ ᠠᠯᠬᠤᠮ ᠨᠥᠬᠦᠪᠥᠷᠢᠯᠡᠨ | ᠲᠡᠭᠦᠯᠳᠡᠷᠵᠢᠭᠦᠯᠵᠦ᠂ ᠲᠦᠷᠢᠮ ᠢ ᠨᠠᠩ ᠢᠯᠡᠭᠦᠤ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ | ᠪᠣᠯᠭᠠᠵᠤ᠂ ᠪᠥᠬᠦ ᠬᠤᠲᠠ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠳᠡᠭᠲᠡᠷ ᠲᠤ ᠭᠠᠷᠬᠤ ᠶᠢ ᠨᠠᠩ | ᠪᠦᠲᠦᠮᠵᠢᠲᠡᠶ ᠪᠠᠷ ᠳᠥᠯᠭᠢᠨ ᠠᠬᠢᠭᠤᠯᠬᠤ ᠬᠡᠷᠡᠭᠲᠡᠢ᠃ |