ᠵᠢᠶᠠᠩ ᠼᠦᠩ ᠸᠠᠩ ᠤᠨ ᠬᠤᠷᠤᠭ᠎ᠠ ᠪᠠᠯᠭᠠᠰᠤ᠂ ᠬᠠᠭᠤᠴᠢᠨ ᠬᠤᠷᠤᠭ᠎ᠠ ᠪᠠᠯᠭᠠᠰᠤ ᠳᠤ ᠬᠦᠷᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/6/23
     6 ᠰᠠᠷ᠎ᠠ ᠶᠢᠨ 21 ᠤ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠤᠨ ᠨᠠᠮ ᠤᠨ ᠬᠤᠷᠢᠶ᠎ᠡ ᠶᠢᠨ ᠱᠦᠵᠢ ᠵᠢᠶᠠᠩ ᠼᠦᠩ ᠸᠠᠩ ᠤᠨ ᠬᠤᠷᠤᠭ᠎ᠠ ᠪᠠᠯᠭᠠᠰᠤ᠂ ᠬᠠᠭᠤᠴᠢᠨ ᠬᠤᠷᠤᠭ᠎ᠠ ᠪᠠᠯᠭᠠᠰᠤᠨ ᠳᠤ ᠬᠦᠷᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠴᠠᠭᠠᠨ ᠰᠤᠳᠤᠯᠵᠠᠢ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠹᠸᠢ ᠶᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
     ᠸᠠᠩ ᠤᠨ ᠬᠤᠷᠤᠭ᠎ᠠ ᠪᠠᠯᠭᠠᠰᠤ ᠪᠣᠯᠤᠨ ᠬᠠᠭᠤᠴᠢᠨ ᠬᠤᠷᠤᠭ᠎ᠠ ᠪᠠᠯᠭᠠᠰᠤᠨ ᠳᠤ᠂ ᠵᠢᠶᠠᠩ ᠼᠦᠩ ᠲᠤᠰ ᠲᠤᠰ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠬᠤᠶᠠᠷ ᠰᠢᠶᠠᠩ ᠪᠠᠯᠭᠠᠰᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠵᠢᠴᠢ ᠢᠩᠭᠡ ᠶᠢᠨ ᠭᠤᠣᠯ ᠤᠨ ᠳᠡᠭᠡᠳᠦ ᠤᠷᠤᠰᠬᠠᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠬᠤ ᠵᠢᠱᠢᠶ᠎ᠡ ᠦᠵᠡᠭᠦᠯᠬᠦ ᠣᠷᠣᠨ ᠤ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠤ ᠠᠬᠤᠢ ᠶᠢᠨ ᠤᠢ᠂ ᠲᠦᠬᠦᠭᠡᠷᠦᠮᠵᠢᠲᠦ ᠲᠠᠷᠢᠶᠠᠯᠠᠩ᠂ ᠲᠠᠷᠢᠶᠠᠯᠠᠩ ᠪᠠ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠰᠢᠶᠠᠩ ᠪᠠᠯᠭᠠᠰᠤᠨ ᠤ ᠠᠵᠢᠯᠳᠠᠨ ᠲᠠᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠤᠬᠠᠢ ᠭᠦᠨᠵᠡᠭᠡᠢ ᠰᠣᠯᠢᠯᠴᠠᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠵᠠᠳᠠᠯᠤᠯᠲᠠ ᠬᠢᠵᠦ᠂ ᠠᠵᠢᠯ ᠤᠨ ᠱᠠᠭᠠᠷᠳᠠᠯᠭ᠎ᠠ ᠳᠤᠷᠠᠳᠴᠠᠢ᠃      ᠵᠢᠶᠠᠩ ᠼᠦᠩ ᠵᠢᠭᠠᠵᠤ ᠭᠠᠷᠭᠠᠭᠰᠠᠨ ᠨᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠳᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠵᠠᠩᠭᠢᠯᠠᠭ᠎ᠠ ᠪᠣᠯᠤᠨ᠎ᠠ᠃ ᠠᠵᠤ ᠦᠢᠯᠡᠰ ᠤᠨ ᠲᠤᠯᠭᠠᠭᠤᠷᠢᠯᠠᠯ ᠢ ᠴᠢᠩᠭᠠᠳᠬᠠᠵᠤ᠂ ᠠᠵᠤ ᠦᠢᠯᠡᠰ ᠤᠨ ᠳᠠᠪᠠᠭᠤᠯᠢᠭ᠂ ᠣᠷᠣᠨ ᠨᠤᠲᠤᠭ ᠤᠨ ᠣᠨᠴᠠᠯᠢᠭ ᠢ ᠬᠥᠳᠡᠭᠡ ᠲᠣᠰᠬᠤᠨ ᠤ ᠵᠤᠭᠠᠴᠠᠯ ᠲᠠᠢ ᠨᠢᠭᠲᠠ ᠤᠶᠠᠯᠳᠤᠭᠤᠯᠵᠤ᠂ ᠤᠯᠠᠨ ᠨᠡᠶᠢᠲᠡ ᠶᠢᠨ ᠢᠵᠢ ᠪᠦᠷᠢᠳᠦᠭᠰᠡᠨ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠡᠷᠬᠢᠨ ᠲᠣᠭᠤᠷᠢᠨ ᠤ ᠣᠷᠴᠢᠨ ᠲᠣᠭᠤᠷᠢᠨ ᠢ ᠰᠢᠯᠢᠳᠡᠭᠵᠢᠭᠦᠯᠵᠦ᠂ ︽ᠲᠡᠭᠦᠬᠦ᠂ ᠠᠷᠠᠳ ᠤᠨ ᠣᠷᠣᠨ ᠰᠠᠭᠤᠴᠠ᠂ ᠰᠡᠯᠡᠭᠦᠴᠡᠯ᠂ ᠵᠤᠭᠠᠴᠠᠯ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ︾ ᠶᠢ ᠨᠢᠭᠡ ᠴᠤᠬᠴᠠᠵᠢᠭᠤᠯᠤᠬᠰᠠᠨ ᠵᠤᠭᠠᠴᠠᠯ ᠤᠨ ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠵᠤ᠂ ᠠᠵᠤ ᠦᠢᠯᠡᠰ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠠᠯᠤᠰ ᠬᠡᠳᠦ ᠳᠤ ᠰᠠᠭᠤᠷᠢᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠠᠵᠤ ᠠᠬᠤᠢ ᠶᠢᠨ ᠤᠢ ᠶᠢ ᠵᠣᠬᠢᠰᠲᠠᠢ ᠪᠠᠶᠢᠷᠢᠰᠢᠭᠤᠯᠤᠨ ᠬᠥᠭᠵᠢᠭᠦᠯᠵᠦ᠂ ᠲᠦᠷᠦᠯ ᠵᠦᠢᠯ ᠤᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠣᠯᠵᠤ᠂ ᠮᠡᠷᠭᠡᠵᠢᠯ ᠤᠨ ᠦᠢᠯᠡᠴᠢᠯᠡᠭᠡ ᠶᠢ ᠳᠠᠭᠠᠵᠤ᠂ ᠬᠡᠪᠴᠢᠶᠡᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠲᠣᠭᠠᠴᠢᠯᠠᠭᠰᠠᠨ ᠡᠨᠧᠷᠭᠢ ᠣᠯᠭᠤᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠡᠨᠧᠷᠭᠢ ᠣᠯᠭᠤᠬᠤ ᠶᠢ ᠴᠢᠩᠭᠠᠳᠬᠠᠵᠤ᠂ ᠲᠦᠬᠦᠭᠡᠷᠦᠮᠵᠢᠳᠤ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠪᠠᠷᠢᠮᠵᠢᠶᠠᠵᠢᠭᠤᠯᠬᠤ᠂ ᠪᠣᠬᠢᠷᠲᠤᠯ ᠦᠬᠡᠢ ᠪᠣᠯᠭᠠᠬᠤ᠂ ᠲᠣᠭᠠᠴᠢᠯᠠᠭᠰᠠᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠪᠢᠲᠡᠭᠦᠮᠵᠢᠯᠡᠨ ᠪᠤᠶᠢᠵᠢᠭᠤᠯᠵᠤ ᠪᠡᠯᠴᠢᠭᠡᠷᠯᠡᠭᠦᠯᠬᠦ ᠶᠢ ᠴᠠᠭᠠᠵᠠᠯᠠᠬᠤ ᠡᠯ᠎ᠡ  ᠵᠦᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠠᠮᠢ ᠠᠬᠤᠶ ᠶᠢᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠡᠷᠡᠭᠲᠡᠶ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠰᠢᠨ᠎ᠡ ᠰᠡᠳᠬᠢᠴᠡ᠂ ᠰᠢᠨ᠎ᠡ ᠠᠷᠭ᠎ᠠ ᠬᠡᠮᠵᠢᠶ᠎ᠡ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠠᠶᠢᠭᠤᠯᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠬᠦ ᠬᠡᠷᠡᠭᠲᠡᠶ᠃ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号