6 ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠭᠦᠸᠧ ᠢᠦᠶ | ᠴᠢᠶᠠᠩ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠰᠦᠩᠱᠠᠨ ᠲᠣᠭᠤᠷᠢᠭ ᠲᠤ ᠬᠦᠷᠴᠦ ︽ᠭᠤᠷᠪᠠᠨ | ᠱᠠᠲᠤᠨ ᠤ ᠱᠠᠰᠢᠨ ᠰᠤᠷᠲᠠᠬᠤᠨ ᠤ ᠠᠵᠢᠯ ᠤᠨ ᠲᠣᠣᠷ ᠪᠠ ᠬᠤᠶᠠᠷ ᠱᠠᠲᠤᠨ ᠤ ᠬᠠᠷᠢᠭᠤᠴᠠᠯᠭ᠎ᠠ ᠶᠢᠨ ᠳᠦᠷᠢᠮ ᠤᠨ | ᠦᠢᠯᠡᠳᠦᠯ ᠢ ᠪᠠᠳᠠᠷᠠᠭᠤᠯᠬᠤ︾ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠡ᠃ ᠰᠦᠩᠱᠠᠨ | ᠲᠣᠭᠤᠷᠢᠭ ᠤᠨ ᠤᠳᠤᠷᠢᠳᠤᠯᠭ᠎ᠠ ᠴᠢᠨ ᠢᠦᠢ ᠬᠤᠤ᠂ ᠰᠦᠨ ᠯᠢ ᠸᠧᠨ᠂ ᠰᠦᠨ ᠶᠤᠸᠠᠢ ᠴᠢᠨ ᠪᠠᠷ᠎ᠠ ᠪᠤᠯᠵᠦ | ᠪᠠᠶᠢᠴᠠᠭᠠᠨ ᠰᠤᠳᠤᠯᠤᠯᠲᠠ ᠬᠢᠵᠡᠢ᠃ | ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠰᠦᠩᠱᠠᠨ ᠲᠣᠭᠤᠷᠢᠭ ᠤᠨ ᠫᠢᠩ ᠠᠨ | ᠡᠾᠷᠢᠰᠲ᠋ᠤᠰ ᠤᠨ ᠱᠠᠰᠢᠨ ᠤ ᠳᠤᠭᠠᠩ ᠪᠠ ᠴᠧᠩᠽᠢ ᠰᠢᠶᠠᠩ ᠤᠨ ᠰᠢᠶᠠᠩ ᠱᠠᠨ ᠰᠧ ᠰᠦᠮ᠎ᠡ ᠳᠤ ᠬᠦᠷᠴᠦ᠂ | ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠮᠠᠲ᠋ᠧᠷᠢᠶᠠᠯ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ | ᠰᠣᠨᠣᠰᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠡᠭᠡᠯᠢ ᠭᠤᠳᠤᠮᠵᠢ ︵ᠰᠢᠶᠠᠩ ᠪᠠᠯᠭᠠᠰᠤ︶᠂ ᠨᠡᠶᠢᠭᠡᠮ ᠲᠣᠭᠤᠷᠢᠭ | ︵ᠲᠣᠰᠬᠤᠨ︶ ᠤᠨ ᠱᠠᠰᠢᠨ ᠰᠤᠷᠲᠠᠬᠤᠨ ᠤ ᠠᠵᠢᠯ ᠤᠨ ᠬᠤᠶᠠᠷ ᠱᠠᠲᠤᠨ ᠤ ᠬᠠᠷᠢᠭᠤᠴᠠᠯᠭ᠎ᠠ ᠶᠢᠨ ᠲᠦᠷᠢᠮ ᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ | ᠳᠠᠷᠠᠭᠠᠪᠠᠷ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠰᠦᠩᠱᠠᠨ ᠲᠣᠭᠤᠷᠢᠭ ᠤᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠦᠨ ᠯᠢ ᠸᠧᠨ | ᠰᠦᠩᠱᠠᠨ ᠲᠣᠭᠤᠷᠢᠭ ᠤᠨ ︽ᠭᠤᠷᠪᠠᠨ ᠱᠠᠲᠤᠨ ᠤ ᠱᠠᠰᠢᠨ ᠰᠤᠷᠲᠠᠬᠤᠨ ᠤ ᠠᠵᠢᠯ ᠤᠨ ᠲᠣᠣᠷ ᠪᠠ ᠬᠤᠶᠠᠷ | ᠱᠠᠲᠤᠨ ᠤ ᠬᠠᠷᠢᠭᠤᠴᠠᠯᠭ᠎ᠠ ᠶᠢᠨ ᠲᠦᠷᠢᠮ ᠤᠨ ᠦᠢᠯᠡᠳᠦᠯ︾ ᠢ ᠪᠠᠳᠠᠷᠠᠭᠤᠯᠤᠭᠰᠠᠨ ᠪᠠᠶᠢᠳᠠᠯ ᠤᠨ ᠲᠤᠬᠠᠶ ᠬᠠᠷᠢᠭᠤ | ᠮᠡᠳᠡᠭᠦᠯᠦᠯᠲᠡ ᠬᠢᠪᠠ᠃ ᠣᠶᠢᠷ᠎ᠠ ᠶᠢᠨ ᠵᠢᠯ ᠤᠳ ᠲᠤ᠂ ᠰᠦᠩᠱᠠᠨ ᠲᠣᠭᠤᠷᠢᠭ ᠤᠨ ᠬᠢᠨ ᠢᠳᠡᠪᠬᠢᠲᠡᠶ ᠪᠥᠭᠡᠳ | ᠡᠷᠡᠭᠦᠯ ᠱᠠᠰᠢᠨ ᠰᠤᠷᠲᠠᠬᠤᠨ ᠤ ᠬᠠᠷᠢᠴᠠᠭ᠎ᠠ ᠶᠢ ᠬᠦᠴᠦᠯᠡᠨ ᠪᠠᠶᠢᠭᠤᠯᠵᠤ᠂ ᠭᠤᠷᠪᠠᠨ ᠱᠠᠲᠤᠨ ᠤ ᠱᠠᠰᠢᠨ | ᠰᠤᠷᠲᠠᠬᠤᠨ ᠤ ᠠᠵᠢᠯ ᠤᠨ ᠲᠣᠤᠷ ᠰᠦᠯᠵᠢᠶ᠎ᠡ ᠶᠢ ᠤᠷᠢᠳᠠᠪᠠᠷ ᠪᠠᠶᠢᠭᠤᠯᠵᠤ᠂ ᠲᠣᠭᠤᠷᠢᠭ ᠤᠨ ᠱᠠᠲᠤᠨ ᠤ ᠲᠠᠰ | ᠳᠠᠪᠬᠤᠷᠭ᠎ᠠ ᠳᠤ ᠲᠣᠤᠷ ᠰᠦᠯᠵᠢᠶᠡᠨ ᠤ ᠬᠠᠮᠢᠶᠠᠷᠤᠯᠲᠠ ᠶᠢᠨ ᠲᠥᠪ ᠢ ᠪᠠᠶᠢᠭᠤᠯᠤᠨ᠂ ᠰᠢᠶᠠᠩ ᠪᠠᠯᠭᠠᠰᠤ ︵ᠵᠡᠭᠡᠯᠢ | ᠭᠤᠳᠤᠮᠵᠢ︶ ᠶᠢᠨ ᠲᠠᠰ ᠳᠠᠪᠬᠤᠷᠭ᠎ᠠ ᠳᠤ ᠠᠵᠢᠯᠯᠠᠬᠤ ᠥᠷᠲᠡᠭᠡ ᠪᠠᠶᠢᠭᠤᠯᠵᠤ᠂ ᠲᠣᠰᠬᠤᠨ ︵ᠨᠡᠶᠢᠭᠡᠮ ᠲᠣᠭᠤᠷᠢᠭ︶ | ᠤ ᠲᠠᠰ ᠳᠠᠪᠬᠤᠷᠭ᠎ᠠ ᠳᠤ ᠠᠵᠢᠯ ᠤᠨ ᠴᠢᠭ ᠪᠠᠶᠢᠭᠤᠯᠤᠨ᠂ ᠠᠯᠪᠠᠨ ᠠᠵᠢᠯ ᠤᠨ ᠠᠦ᠋ᠲ᠋ᠣᠴᠢᠯᠠᠭᠰᠠᠨ ᠵᠥᠭᠡᠯᠡᠨ | ᠬᠠᠲᠠᠭᠤ ᠲᠣᠨᠤᠭ ᠤᠨ ᠲᠥᠬᠦᠭᠡᠷᠦᠮᠵᠢ ᠶᠢ ᠵᠣᠬᠢᠴᠠᠩᠭᠤᠶ ᠪᠠᠷ ᠳᠣᠭᠢᠷᠠᠭᠤᠯᠵᠤ᠂ ᠲᠦᠷᠢᠮ ᠲᠣᠭᠲᠠᠭᠠᠯ ᠢ ᠪᠠᠶᠢᠭᠤᠯᠤᠨ | ᠲᠡᠭᠦᠯᠳᠡᠷᠵᠢᠭᠦᠯᠵᠦ᠂ ᠡᠯ᠎ᠡ ᠲᠠᠰ ᠳᠠᠪᠬᠤᠷᠭ᠎ᠠ ᠶᠢᠨ ᠵᠣᠬᠢᠴᠠᠩᠭᠤᠶ ᠪᠥᠭᠡᠳ ᠥᠨᠳᠥᠷ ᠦᠷ᠎ᠡ ᠪᠦᠲᠦᠮᠵᠢᠲᠡᠶ ᠪᠠᠷ | ᠠᠵᠢᠯ ᠢᠶᠠᠨ ᠥᠷᠨᠢᠭᠦᠯᠬᠦ ᠶᠢ ᠪᠠᠲᠤᠯᠠᠨ᠎ᠠ᠃ ᠪᠥᠬᠦ ᠲᠣᠭᠤᠷᠢᠭ ᠤᠨ 14 ᠰᠢᠶᠠᠩ ᠪᠠᠯᠭᠠᠰᠤ ᠶᠢᠨ 244 ᠵᠠᠰᠠᠭ | ᠵᠠᠬᠢᠷᠭᠠᠨ ᠤ ᠲᠣᠰᠬᠤᠨ᠂ 8 ᠵᠡᠭᠡᠯᠢ ᠭᠤᠳᠤᠮᠵᠢ ᠶᠢᠨ 78 ᠨᠡᠶᠢᠭᠡᠮ ᠲᠣᠭᠤᠷᠢᠭ ᠲᠤ ᠴᠥᠮ ᠱᠠᠰᠢᠨ ᠰᠤᠷᠲᠠᠬᠤᠨ ᠤ | ᠺᠠᠳ᠋ᠷ ᠪᠠ ᠱᠠᠰᠢᠨ ᠰᠤᠷᠲᠠᠬᠤᠨ ᠤ ᠬᠤᠯᠪᠣᠭᠠᠴᠢᠨ ᠢ ᠳᠣᠭᠢᠷᠠᠭᠤᠯᠵᠤ᠂ ᠪᠥᠬᠦ ᠲᠣᠭᠤᠷᠢᠭ ᠢ ᠬᠠᠮᠤᠷᠤᠭᠰᠠᠨ | ᠦᠨᠳᠦᠰᠦᠨ ᠱᠠᠲᠤᠨ ᠤ ᠱᠠᠰᠢᠨ ᠰᠤᠷᠲᠠᠬᠤᠨ ᠤ ᠠᠵᠢᠯ ᠤᠨ ᠲᠣᠤᠷ ᠰᠦᠯᠵᠢᠶ᠎ᠡ ᠶᠢ ᠪᠦᠷᠢᠯᠳᠦᠭᠦᠯᠪᠡ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠦᠩᠱᠠᠨ ᠲᠣᠭᠤᠷᠢᠭ ᠤᠨ ᠱᠠᠰᠢᠨ ᠰᠤᠷᠲᠠᠬᠤᠨ ᠤ | ᠠᠵᠢᠯ ᠤᠨ ︽ᠭᠤᠷᠪᠠᠨ ᠱᠠᠲᠤᠨ ᠤ ᠲᠣᠣᠷ ᠬᠤᠶᠠᠷ ᠱᠠᠲᠤᠨ ᠤ ᠬᠠᠷᠢᠭᠤᠴᠠᠯᠭ᠎ᠠ ᠶᠢᠨ ᠲᠦᠷᠢᠮ︾ ᠤᠨ | ᠪᠠᠶᠢᠭᠤᠯᠤᠯᠲᠠ ᠶᠢᠨ ᠪᠠᠶᠢᠳᠠᠯ ᠤᠨ ᠣᠯᠤᠭᠰᠠᠨ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠶᠢ ᠭᠦᠢᠴᠡᠳ | ᠨᠤᠲᠠᠯᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠱᠠᠰᠢᠨ ᠰᠤᠷᠲᠠᠬᠤᠨ ᠤ | ᠠᠵᠢᠯ ᠤᠨ ︽ᠭᠤᠷᠪᠠᠨ ᠱᠠᠲᠤᠨ ᠤ ᠲᠣᠣᠷ ᠬᠤᠶᠠᠷ ᠱᠠᠲᠤᠨ ᠤ ᠬᠠᠷᠢᠭᠤᠴᠠᠯᠭ᠎ᠠ ᠶᠢᠨ ᠲᠦᠷᠢᠮ︾ ᠪᠣᠯ ᠱᠠᠰᠢᠨ | ᠰᠤᠷᠲᠠᠬᠤᠨ ᠤ ᠠᠵᠢᠯ ᠤᠨ ᠡᠭᠦᠷᠭᠡ ᠶᠢ ᠨᠠᠷᠢᠨ ᠨᠠᠶᠢᠳᠠᠪᠤᠷᠢᠵᠢᠭᠤᠯᠬᠤ ᠶᠢᠨ ᠴᠢᠬᠤᠯᠠ ᠭᠠᠷᠳᠠᠴᠠ ᠮᠥᠨ᠂ ᠰᠦᠩᠱᠠᠨ | ᠲᠣᠭᠤᠷᠢᠭ ᠤᠨ ᠬᠢᠨ ᠦᠵᠡᠯ ᠰᠠᠨᠠᠭ᠎ᠠ ᠪᠠᠨ ᠨᠢᠭᠡᠳᠬᠡᠨ ᠲᠠᠨᠢᠯᠲᠠ ᠪᠠᠨ ᠳᠡᠭᠡᠭᠰᠢᠯᠡᠭᠦᠯᠵᠦ᠂ ᠱᠠᠰᠢᠨ ᠰᠤᠷᠲᠠᠬᠤᠨ ᠤ | ᠠᠵᠢᠯ ᠤᠨ ︽ᠭᠤᠷᠪᠠᠨ ᠱᠠᠲᠤᠨ ᠤ ᠲᠣᠣᠷ ᠬᠤᠶᠠᠷ ᠱᠠᠲᠤᠨ ᠤ ᠬᠠᠷᠢᠭᠤᠴᠠᠯᠭ᠎ᠠ ᠶᠢᠨ ᠲᠦᠷᠢᠮ︾ ᠤᠨ | ᠪᠠᠶᠢᠭᠤᠯᠤᠯᠲᠠ ᠶᠢᠨ ᠴᠢᠬᠤᠯᠠ ᠴᠢᠨᠠᠷ ᠢ ᠭᠦᠢᠴᠡᠳ ᠲᠠᠨᠢᠬᠤ ᠬᠡᠷᠡᠭᠲᠡᠶ︔ ᠤᠳᠤᠷᠢᠳᠤᠯᠭ᠎ᠠ ᠪᠠᠨ ᠴᠢᠩᠭᠠᠳᠬᠠᠵᠤ᠂ | ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠱᠠᠰᠢᠨ ᠰᠤᠷᠲᠠᠬᠤᠨ ᠤ ᠠᠵᠢᠯ ᠤᠨ ︽ᠭᠤᠷᠪᠠᠨ ᠱᠠᠲᠤᠨ ᠤ ᠲᠣᠣᠷ | ᠬᠤᠶᠠᠷ ᠱᠠᠲᠤᠨ ᠤ ᠬᠠᠷᠢᠭᠤᠴᠠᠯᠭ᠎ᠠ ᠶᠢᠨ ᠲᠦᠷᠢᠮ︾ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠳᠤ | ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ︔ ᠰᠢᠨ᠎ᠡ ᠪᠠᠶᠢᠳᠠᠯ ᠤᠨ ᠳᠣᠣᠷᠠᠬᠢ ᠱᠠᠰᠢᠨ ᠰᠤᠷᠲᠠᠬᠤᠨ ᠤ ᠠᠵᠢᠯ ᠤᠨ | ᠰᠢᠨ᠎ᠡ ᠣᠨᠴᠠᠯᠢᠭ᠂ ᠰᠢᠨ᠎ᠡ ᠡᠭᠦᠷᠭᠡ ᠲᠠᠢ ᠤᠶᠠᠯᠳᠤᠭᠤᠯᠤᠨ᠂ ᠦᠨᠳᠦᠰᠦᠨ ᠱᠠᠲᠤᠨ ᠤ ᠱᠠᠰᠢᠨ ᠰᠤᠷᠲᠠᠬᠤᠨ ᠤ | ᠠᠵᠢᠯ ᠤᠨ ᠬᠦᠴᠦᠨ ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠳᠡᠭᠡᠳᠦ ᠲᠤᠤᠷᠠᠳᠤ ᠱᠠᠳᠤ ᠪᠠᠷ ᠢᠶᠠᠨ | ᠬᠤᠯᠪᠣᠯᠳᠤᠨ ᠬᠥᠳᠡᠯᠦᠯᠴᠡᠭᠰᠡᠨ᠂ ᠬᠠᠷᠢᠯᠴᠠᠨ ᠬᠠᠮᠵᠢᠯᠴᠠᠭᠰᠠᠨ᠂ ᠬᠦᠴᠦᠨ ᠲᠡᠭᠦᠯᠳᠡᠷ ᠵᠣᠬᠢᠴᠠᠩᠭᠤᠶ ᠠᠵᠢᠯ ᠤᠨ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢᠨ | ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠦᠨᠳᠦᠰᠦᠨ ᠱᠠᠲᠤᠨ ᠤ ᠱᠠᠰᠢᠨ ᠰᠤᠷᠲᠠᠬᠤᠨ ᠤ | ᠠᠵᠢᠯᠲᠠᠳ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ ᠢᠲᠡᠭᠡᠯ ᠵᠣᠷᠢᠭ ᠢᠶᠠᠨ ᠪᠠᠲᠤᠳᠬᠠᠨ᠂ ᠱᠠᠰᠢᠨ | ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠱᠠᠰᠢᠨ | ᠰᠢᠲᠦᠳᠡᠭ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃ |