ᠰᠦᠨ ᠱᠣᠤ ᠴᠧᠩ ᠤᠯᠠᠭᠠᠨᠬᠠᠳᠠ ᠬᠤᠲᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2022/6/23
     6 ᠳ᠋ᠤᠭᠠᠷ ᠰᠠᠷ᠎ᠠ ᠶᠢᠨ 21 ᠤ ᠡᠳᠦᠷ ᠠᠴᠠ 22 ᠤᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠤ ᠴᠧᠩ ᠤᠯᠠᠭᠠᠨᠬᠠᠳᠠ ᠬᠤᠲᠠ ᠳᠤ ᠭᠦᠨᠵᠡᠭᠡᠶᠢᠷᠡᠨ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠬᠦ ᠶᠢ ᠤᠷᠮᠠᠰᠢᠭᠤᠯᠤᠨ ᠵᠣᠷᠢᠭᠵᠢᠭᠤᠯᠬᠤ ᠶᠢᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠪᠠ᠃      ᠰᠦᠨ ᠱᠤᠤ ᠴᠧᠩ ᠤᠷᠢᠳ ᠬᠤᠵᠢᠳ ᠬᠤᠶᠠᠷ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠦᠨᠳᠦᠰᠦᠨ ᠱᠠᠲᠤᠨ ᠤ ᠲᠥᠯᠥᠭᠡᠯᠡᠭᠴᠢ ᠪᠣᠯᠤᠨ ᠤᠯᠠᠭᠠᠨᠬᠠᠳᠠ ᠬᠤᠳᠠ ᠶᠢᠨ ᠬᠡᠳᠦᠨ ᠶᠡᠭᠡ ᠪᠠᠭ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠤᠯᠠᠨ ᠤ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠠᠢ᠃ ᠲᠡᠷᠡ᠂ ᠣᠳᠣᠬᠠᠨ ᠳᠤ ᠥᠪᠥᠷ ᠮᠣᠩᠭᠤᠯ ᠶᠠᠭ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ ᠪᠠᠶᠢᠨ᠎ᠠ᠂ ᠡᠯ᠎ᠡ ᠲᠠᠯ᠎ᠠ ᠶᠢᠨ ᠠᠵᠢᠯ ᠢ ᠰᠠᠶᠢᠲᠤᠷ ᠬᠢᠬᠦ ᠳᠤ ᠺᠠᠳ᠋ᠷᠴᠤᠳ ᠤᠨ ᠴᠤᠭ ᠰᠦᠯᠳᠡ ᠶᠢ ᠪᠠᠳᠠᠷᠠᠭᠤᠯᠵᠤ᠂ ᠵᠣᠷᠢᠭᠲᠠᠢ ᠪᠠᠷ ᠠᠵᠢᠯ ᠬᠢᠵᠦ ᠦᠢᠯᠡᠰ ᠪᠤᠰᠬᠠᠬᠤ ᠣᠷᠴᠢᠨ ᠲᠣᠭᠤᠷᠢᠨ ᠢ ᠪᠤᠢ ᠪᠣᠯᠭᠠᠵᠤ᠂ ᠤᠯᠠᠨ ᠢ ᠵᠣᠷᠢᠭᠲᠠᠢ ᠪᠠᠷ ᠭᠠᠪᠰᠢᠭᠠᠶᠢᠯᠠᠨ ᠣᠷᠣᠬᠤ ᠪᠣᠯᠭᠠᠬᠤ ᠪᠣᠯ ᠴᠢᠬᠤᠯᠠ ᠪᠥᠭᠡᠳ ᠪᠠᠴᠢᠮ ᠲᠤᠯᠭᠠᠮ᠎ᠠ ᠶᠠᠪᠤᠳᠠᠯ ᠪᠣᠯᠤᠨ᠎ᠠ ᠭᠡᠵᠦ ᠬᠡᠯᠡᠪᠡ᠃      ᠰᠦᠨ ᠱᠤᠤ ᠴᠧᠩ᠂ ᠺᠠᠳ᠋ᠷᠴᠤᠳ ᠤᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠳᠤ᠂ ᠡᠩ ᠲᠡᠷᠢᠭᠦᠨ ᠳᠤ ᠡᠯ᠎ᠡ ᠱᠠᠲᠤᠨ ᠤ ᠤᠳᠤᠷᠢᠳᠬᠤ ᠪᠠᠶᠢᠭᠤᠯᠤᠯᠭ᠎ᠠ ᠲᠦᠷᠦᠭᠦᠯᠡᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠂ ᠺᠠᠳ᠋ᠷ ᠢ ᠬᠠᠮᠢᠶᠠᠷᠬᠤ ᠰᠠᠯᠠᠭ᠎ᠠ ᠮᠥᠴᠢᠷ ᠤᠨ ᠬᠢᠨ ᠵᠣᠷᠢᠭᠲᠠᠢ ᠪᠠᠷ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠂ ᠤᠳᠤᠷᠢᠳᠬᠤ ᠺᠠᠳ᠋ᠷ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠠᠴᠠ ᠡᠬᠢᠯᠡᠨ ᠬᠢᠵᠦ᠂ ᠨᠢᠭᠡ ᠱᠠᠳᠤ ᠨᠢ ᠨᠢᠭᠡ ᠱᠠᠳᠤ ᠪᠠᠨ ᠲᠠᠶᠢᠴᠢᠯᠠᠵᠤ᠂ ᠰᠠᠶᠢᠨ ᠬᠡᠪ ᠰᠤᠷᠲᠠᠯ ᠢ ᠪᠤᠢ ᠪᠣᠯᠭᠠᠬᠤ ᠬᠡᠷᠡᠭᠲᠡᠢ᠃ ᠬᠢᠨᠠᠨ ᠰᠢᠯᠭᠠᠯᠲᠠ ᠶᠢᠨ ᠳᠣᠬᠢᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠯᠢᠳᠡᠭ ᠵᠢᠱᠢᠶᠡᠴᠢ ᠺᠠᠳ᠋ᠷ ᠢ ᠶᠡᠭᠡ ᠪᠠᠷ ᠮᠠᠭᠲᠠᠨ ᠰᠠᠶᠢᠰᠢᠶᠠᠵᠤ᠂ ᠵᠣᠷᠢᠭᠲᠠᠢ ᠪᠠᠷ ᠰᠣᠩᠭᠤᠨ ᠬᠡᠷᠡᠭᠯᠡᠵᠦ᠂ ᠵᠥᠪ ᠣᠨᠣᠪᠴᠢᠲᠠᠢ ᠬᠥᠮᠦᠨ ᠰᠣᠩᠭᠤᠵᠤ ᠬᠥᠮᠦᠨ ᠬᠡᠷᠡᠭᠯᠡᠬᠦ ᠤᠳᠤᠷᠢᠳᠤᠮᠵᠢ ᠶᠢ ᠢᠯᠡ ᠲᠣᠳᠣᠷᠬᠠᠢ ᠪᠤᠢ ᠪᠣᠯᠭᠠᠬᠤ ᠬᠡᠷᠡᠭᠲᠡᠢ᠃ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠬᠥᠮᠦᠨ ᠪᠠ ᠬᠡᠷᠡᠭ ᠶᠠᠪᠤᠳᠠᠯ ᠢ ᠦᠵᠡᠵᠦ ᠪᠠᠶᠢᠭᠠᠳ ᠨᠠᠶᠢᠳᠠᠪᠤᠷᠢᠵᠢᠭᠤᠯᠵᠤ᠂ ᠪᠠᠭᠲᠠᠭᠠᠪᠠᠰᠤ ᠵᠣᠬᠢᠬᠤ ᠶᠢ ᠨᠢ ᠵᠠᠪᠠᠯ ᠪᠠᠭᠲᠠᠭᠠᠵᠤ᠂ ᠪᠠᠭᠲᠠᠭᠠᠪᠠᠰᠤ ᠵᠣᠬᠢᠬᠤ ᠶᠢ ᠨᠢ ᠪᠦᠬᠦᠨ ᠢ ᠪᠠᠭᠲᠠᠭᠠᠬᠤ ᠬᠡᠷᠡᠭᠲᠡᠶ ᠃ ᠤᠨᠢᠨ ᠳᠡᠭᠡᠷ᠎ᠡ ᠨᠢ ᠬᠠᠷᠢᠭᠤᠴᠠᠯᠭ᠎ᠠ ᠨᠡᠬᠡᠮᠵᠢᠯᠡᠬᠦ ᠶᠢ ᠪᠠᠷᠢᠮᠲᠠᠯᠠᠵᠤ᠂ ᠬᠠᠷᠢᠭᠤᠴᠠᠯᠭ᠎ᠠ ᠨᠡᠬᠡᠮᠵᠢᠯᠡᠬᠦ ᠶᠢ ᠨᠠᠷᠢᠰᠬᠠᠬᠤ ᠪᠠ ︽ᠵᠡᠭᠦᠨ ᠤ ᠬᠢ ᠠᠴᠠ ᠪᠢᠰᠢ ᠪᠠᠷᠠᠭᠤᠨ ᠤ ᠬᠢ ᠶᠢ ᠦᠯᠦ ᠡᠷᠬᠢᠮᠯᠡᠬᠦ︾ ᠬᠡᠯᠪᠡᠷᠢ ᠪᠠᠷ ᠬᠠᠷᠢᠭᠤᠴᠠᠯᠭ᠎ᠠ ᠨᠡᠬᠡᠮᠵᠢᠯᠡᠬᠦ ᠶᠢ ᠡᠷᠡᠰ ᠰᠡᠷᠭᠡᠶᠢᠯᠡᠵᠦ᠂ ᠭᠦᠳᠬᠡᠨ ᠵᠠᠭᠠᠯᠳᠤᠵᠤ ᠭᠦᠵᠢᠷᠯᠡᠨ ᠬᠤᠣᠷᠯᠠᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠭᠦᠨ ᠵᠤᠵᠠᠭᠠᠨ ᠠᠭᠤᠷ ᠠᠮᠢᠰᠬᠤᠯ ᠢ ᠶᠡᠬᠡᠪᠡᠷ ᠪᠤᠢ ᠪᠣᠯᠭᠠᠵᠤ᠂ ᠵᠣᠷᠢᠭ ᠰᠢᠭᠤᠳᠴᠤ ᠪᠠᠶᠢᠭᠠᠳ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠺᠠᠳ᠋ᠷᠴᠤᠳ ᠤᠨ ᠡᠳ᠋ᠯᠡᠪᠡᠰᠦ ᠵᠣᠬᠢᠬᠤ ᠬᠠᠷᠠᠭᠠᠯᠵᠠᠯ ᠢ ᠰᠠᠶᠢᠲᠤᠷ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠬᠢᠨ ᠲᠤᠰᠠᠲᠠᠶ ᠪᠥᠭᠡᠳ ᠪᠦᠲᠦᠮᠵᠢᠲᠡᠶ᠂ ᠬᠡᠷᠡᠭᠵᠢᠭᠦᠯᠵᠦ ᠪᠣᠯᠬᠤᠶᠢᠴᠠ ᠬᠡᠷᠡᠭᠵᠢᠭᠦᠯᠬᠦ ᠳᠤ ᠬᠢᠯᠪᠠᠷ ᠠᠷᠭ᠎ᠠ ᠬᠡᠮᠵᠢᠶ᠎ᠡ ᠪᠠ ᠠᠷᠭ᠎ᠠ ᠶᠢ ᠰᠤᠳᠤᠯᠤᠨ ᠲᠣᠭᠲᠠᠭᠠᠵᠤ᠂ ᠪᠣᠳᠠᠲᠠᠶ ᠠᠷᠭ᠎ᠠ ᠬᠠᠲᠠᠭᠤ ᠠᠷᠭ᠎ᠠ ᠪᠠ ᠪᠦᠲᠦᠮᠵᠢᠲᠡᠶ ᠲᠣᠭᠲᠠᠴᠠ ᠶᠢ ᠭᠠᠷᠭᠠᠵᠤ᠂ ᠡᠭᠦᠷᠭᠡᠯᠡᠭᠴᠢ ᠶᠢᠨ ᠡᠮᠦᠨ᠎ᠡ ᠠᠴᠠ ᠦᠨᠡᠨ ᠬᠦ ᠡᠭᠦᠷᠭᠡᠯᠡᠵᠦ᠂ ᠠᠵᠢᠯ ᠬᠢᠭᠰᠡᠳ ᠤᠨ ᠡᠮᠦᠨ᠎ᠡ ᠠᠴᠠ ᠲᠦᠰᠢᠭ ᠲᠤᠯᠭᠠᠭᠤᠷᠢ ᠪᠣᠯᠬᠤ ᠬᠡᠷᠡᠭᠲᠡᠶ ᠭᠡᠵᠦ ᠬᠡᠯᠡᠪᠡ᠃      ᠡᠨᠡ ᠬᠤᠭᠤᠴᠠᠭᠠᠨ ᠳᠤ᠂ ᠰᠦᠨ ᠱᠤᠤ ᠴᠧᠩ ᠰᠦᠩᠱᠠᠨ ᠲᠤᠭᠤᠷᠢᠭ ᠤᠨ ᠯᠢᠨ ᠬᠤᠸᠠᠩ ᠵᠢᠶᠠ ᠶᠤᠸᠠᠨ ᠨᠡᠶᠢᠭᠡᠮ ᠲᠣᠭᠤᠷᠢᠭ ᠲᠤ ᠰᠢᠨᠵᠢᠯᠡᠨ ᠪᠠᠶᠢᠴᠠᠭᠠᠪᠠ᠃ ᠲᠡᠷᠡ ᠬᠡᠯᠡᠬᠦ ᠳᠡᠭᠡᠨ᠂ ᠨᠡᠶᠢᠭᠡᠮ ᠲᠣᠭᠤᠷᠢᠭ ᠤᠨ ᠠᠵᠢᠯ ᠤᠨ ᠵᠣᠷᠢᠯᠲᠠ ᠪᠣᠯ ᠳᠠᠷᠤᠶ ᠠᠷᠠᠳ ᠣᠯᠠᠨ ᠳᠤ ᠦᠢᠯᠡᠴᠢᠯᠡᠬᠦ ᠶᠢᠨ ᠲᠥᠯᠥᠭᠡ ᠶᠤᠮ᠂ ᠡᠷᠬᠡᠪᠰᠢ ᠨᠠᠰᠤᠵᠢᠯ ᠤᠨ ᠠᠰᠠᠷᠠᠮᠵᠢ ᠂ ᠨᠡᠶᠢᠭᠡᠮ ᠤᠨ ᠪᠠᠲᠤᠯᠠᠭ᠎ᠠ ᠵᠡᠷᠭᠡ ᠣᠯᠠᠨ ᠲᠦᠮᠡᠨ ᠤ ᠬᠠᠮᠤᠭ ᠤᠨ ᠬᠡᠷᠡᠭᠴᠡᠭᠡ ᠲᠠᠢ ᠤᠴᠢᠷ ᠶᠠᠪᠤᠳᠠᠯ ᠢ ᠰᠠᠶᠢᠲᠤᠷ ᠬᠢᠵᠦ᠂ ᠬᠥᠮᠦᠰ ᠤᠨ ᠤᠴᠢᠷ ᠶᠠᠪᠤᠳᠠᠯ ᠰᠢᠢᠳᠪᠦᠷᠢᠯᠡᠬᠦ ᠪᠠ ᠠᠮᠢᠳᠤᠷᠠᠬᠤ ᠳᠤ ᠨᠠᠩ ᠲᠥᠬᠦᠮ ᠪᠣᠯᠭᠠᠬᠤ ᠬᠡᠷᠡᠭᠲᠡᠶ᠃ ᠠᠵᠢᠯ ᠢᠶᠠᠨ ᠪᠣᠳᠠᠲᠠᠢ ᠬᠢᠵᠦ᠂ ᠳᠠᠭᠠᠷᠠᠭᠰᠠᠨ ᠬᠥᠮᠦᠨ ᠳᠤ ᠳᠠᠬᠤ ᠬᠦᠷᠭᠡᠬᠦ ᠶᠠᠪᠤᠳᠠᠯ ᠢ ᠢᠯᠡᠭᠦᠬᠡᠨ ᠬᠢᠵᠦ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠷᠠᠳ ᠤᠯᠠᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠥᠨᠳᠥᠷ ᠰᠢᠭ ᠪᠣᠯᠭᠠᠵᠤ᠂ ᠬᠦᠷᠲᠡᠮᠵᠢ ᠶᠢᠨ ᠲᠦᠷᠦᠭᠳᠡᠯ ᠢ ᠨᠡᠮᠡᠭᠳᠡᠭᠦᠯᠬᠦ ᠬᠡᠷᠡᠭᠲᠡᠢ ᠭᠡᠪᠡ᠃ ᠰᠦᠨ ᠱᠤᠤ ᠴᠧᠩ ᠪᠠᠰᠠ ᠤᠯᠠᠭᠠᠨᠬᠠᠳᠠ ᠶᠢᠨ ᠮᠦᠽᠧᠢ ᠶᠢ ᠲᠣᠭᠤᠷᠢᠨ ᠦᠵᠡᠪᠡ᠃      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号